ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠎ᠤᠨ ᠲᠢᠩᠬᠢᠮ ᠡᠴᠡ ᠤᠢᠯᠠᠭᠠᠭᠰᠠᠨ ᠢ᠋ᠢᠡᠷ᠂ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠳᠡᠭᠡᠳᠦ ᠵᠡᠷᠭᠡ᠎ᠶᠢᠨ ᠰᠤᠷᠭᠠᠨ ᠬᠥᠮᠦᠵᠢᠯ᠎ᠦᠨ ᠥᠭᠡᠷᠡᠴᠢᠯᠡᠯᠲᠡ ᠬᠥᠭᠵᠢᠯᠲᠡ᠎ᠶᠢᠨ ᠲᠤᠬᠠᠶ ᠡᠯ᠎ᠡ ᠵᠦᠢᠯ ᠤ᠋ᠨ ᠰᠢᠢᠳᠪᠤᠷᠢᠳᠤ ᠪᠣᠳᠣᠯᠭ᠎ᠠ ᠪᠠᠶ᠋ᠢᠷᠢᠯᠠᠭᠤᠯᠤᠯᠲᠠ᠎ᠶᠢ ᠥᠨᠳᠥᠷ ᠪᠦᠲᠦᠮᠵᠢᠲᠡᠶ ᠨᠠᠶ᠋ᠢᠳᠠᠪᠤᠷᠢᠵᠢᠭᠤᠯᠵᠤ᠂ ᠰᠤᠷᠭᠠᠨ ᠬᠥᠮᠦᠵᠢᠯ᠎ᠢᠶᠡᠷ ᠣᠷᠣᠨ᠎ᠢᠶᠠᠨ ᠬᠦᠴᠦᠷᠬᠡᠭᠵᠢᠭᠦᠯᠬᠦ᠌ ᠪᠥᠲᠥᠭᠡᠨ ᠪᠠᠶ᠋ᠢᠭᠤᠯᠤᠯᠲᠠ᠎ᠶᠢ ᠭᠦᠨᠵᠡᠭᠡᠶ ᠠᠬᠢᠭᠤᠯᠬᠤ᠎ᠶᠢᠨ ᠲᠥᠯᠥᠭᠡ᠂ ᠮᠠᠨ ᠤ᠋ ᠤᠷᠤᠨ ᠡᠨᠡ ᠵᠢᠯ ᠲᠥᠪ᠎ᠤ᠋ᠨ ᠣᠷᠣᠨ ᠨᠤᠲᠤᠭ᠎ᠤᠨ ᠶᠡᠬᠡ ᠳᠡᠭᠡᠳᠦ ᠰᠤᠷᠭᠠᠭᠤᠯᠢ᠎ᠶᠢᠨ ᠥᠭᠡᠷᠡᠴᠢᠯᠡᠯᠲᠡ ᠬᠥᠭᠵᠢᠯᠲᠡ᠎ᠶᠢ ᠳᠡᠮᠵᠢᠬᠦ᠌ 9.72 ᠳ᠋ᠦᠩᠰᠢᠭᠤᠷ ᠲᠥᠭᠥᠷᠢᠭ᠎ᠦᠨ ᠲᠤᠰᠬᠠᠶ ᠪᠠᠯᠠ ᠮᠥᠩᠭᠥ᠎ᠶᠢ ᠡᠷᠡᠮᠡᠯᠵᠡᠨ ᠤᠯᠪᠠ᠃
ᠪᠠᠯᠠ ᠮᠥᠩᠭᠥ᠎ᠶᠢ ᠭᠤᠤᠯᠳᠠᠭᠤ ᠶᠡᠬᠡ ᠳᠡᠭᠡᠳᠦ ᠰᠤᠷᠭᠠᠭᠤᠯᠢ᠎ᠶᠢᠨ ᠴᠢᠨᠠᠷ ᠰᠠᠶ᠋ᠢᠲᠠᠶ ᠬᠥᠭᠵᠢᠯᠲᠡᠢ᠋ᠢᠨ ᠲᠣᠭᠣᠷᠢᠨ᠎ᠳᠤ᠂ ᠰᠢᠨ᠎ᠡ᠎ᠶᠢ ᠡᠭᠦᠳᠬᠦ᠌ ᠴᠢᠳᠠᠪᠤᠷᠢᠲᠠᠨ᠎ᠢ ᠬᠥᠮᠦᠵᠢᠭᠦᠯᠬᠦ᠌ ᠪᠠ ᠠᠵᠤ ᠠᠬᠤᠶ ᠨᠡᠶ᠋ᠢᠭᠡᠮ᠎ᠦᠨ ᠬᠥᠭᠵᠢᠯᠲᠡ᠎ᠳᠦ ᠤᠢᠯᠡᠴᠢᠯᠡᠬᠦ ᠴᠢᠳᠠᠪᠤᠷᠢ ᠢ᠋ᠢᠨ ᠵᠤᠬᠢᠴᠡᠯ ᠤ᠋ᠨ ᠬᠡᠮᠵᠢᠶ᠎ᠡ ᠢ᠋ᠢ ᠳᠡᠭᠡᠭᠰᠢᠯᠡᠭᠦᠯᠬᠦ᠌᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠰᠠᠭᠤᠷᠢ ᠰᠢᠨᠵᠢᠯᠡᠭᠡᠨ᠎ᠦ ᠰᠠᠯᠠᠭ᠎ᠠ᠂ ᠰᠢᠨ᠎ᠡ᠎ᠪᠡᠷ ᠪᠤᠢ ᠪᠤᠯᠤᠭᠰᠠᠨ ᠰᠢᠨᠵᠢᠯᠡᠭᠡᠨ᠎ᠦ ᠰᠠᠯᠠᠭ᠎ᠠ᠎ᠶᠢᠨ ᠪᠠᠶ᠋ᠢᠭᠤᠯᠤᠯᠲᠠ᠎ᠶᠢ ᠴᠢᠨᠭᠭᠠᠳᠬᠠᠬᠤ᠂ ᠥᠨᠳᠥᠷ ᠬᠡᠪ ᠪᠣᠯᠪᠠᠰᠤᠷᠠᠯ᠎ᠲᠠᠶ ᠪᠠᠭᠰᠢ᠎ᠶᠢᠨ ᠡᠨᠭᠨᠡᠬᠡ ᠢ᠋ᠢᠨ ᠪᠠᠶ᠋ᠢᠭᠤᠯᠤᠯᠲᠠᠢ᠋ᠢ ᠲᠡᠮᠵᠢᠬᠦ ᠳ᠋ᠤ᠌ ᠬᠡᠷᠡᠭᠯᠡᠵᠤ ᠪᠠᠢᠨ᠎ᠠ᠃
ᠲᠥᠪ᠎ᠦᠨ ᠪᠠᠯᠠ ᠮᠥᠩᠭᠥᠢ᠋ᠢᠨ ᠬᠥᠲᠥᠯᠥᠨ ᠲᠠᠭᠠᠭᠤᠯᠭ᠎ᠠ ᠳ᠋ᠤ᠌ ᠲᠦᠰᠢᠭᠯᠡᠨ᠂ ᠪᠥᠬᠥ᠌ ᠣᠷᠣᠨ᠎ᠤ ᠶᠡᠬᠡ ᠳᠡᠭᠡᠳᠦ ᠰᠤᠷᠭᠠᠭᠤᠯᠢ᠎ᠶᠢᠨ ᠰᠤᠷᠭᠠᠭᠤᠯᠢ ᠡᠷᠭᠢᠯᠡᠬᠦ᠌ ᠨᠥᠬᠥᠴᠡᠯ ᠰᠢᠰᠲ᠋ᠧᠮ᠎ᠲᠡᠶ ᠰᠠᠢᠵᠢᠷᠠᠭᠰᠠᠨ ᠪᠠᠢᠨ᠎ᠡ᠃ ᠥᠪᠥᠷ ᠮᠣᠩᠭᠣᠯ᠎ᠤᠨ ᠲᠠᠷᠢᠶᠠᠯᠠᠩ᠎ᠤᠨ ᠶᠡᠬᠡ ᠰᠤᠷᠭᠠᠭᠤᠯᠢ᠎ᠶᠢᠨ ᠡᠪᠡᠰᠦᠨ᠎ᠦ ᠤᠬᠠᠭᠠᠨ᠎ᠤ ᠰᠢᠨᠵᠢᠯᠡᠭᠡᠨ᠎ᠦ ᠰᠠᠯᠠᠭ᠎ᠠ᠎ᠨᠢ ᠲᠠᠪᠤᠳᠤᠭᠠᠷ ᠡᠭᠡᠯᠵᠢ᠎ᠶᠢᠨ ᠪᠥᠬᠥ᠌ ᠤᠯᠤᠰ᠎ᠤᠨ ᠰᠢᠨᠵᠢᠯᠡᠭᠡᠨ᠎ᠦ ᠰᠠᠯᠠᠭ᠎ᠠ᠎ᠶᠢᠨ ᠦᠨᠡᠯᠡᠨ ᠵᠢᠱ᠌ᠢᠯᠲᠡ᠎ᠳᠦ A ᠲᠠᠰ᠎ᠢᠶᠠᠷ ᠦᠨᠡᠯᠡᠭᠳᠡᠵᠦ᠍᠂ ᠥᠪᠡᠷᠲᠡᠭᠡᠨ ᠵᠠᠰᠠᠬᠤ ᠣᠷᠣᠨ᠎ᠤ ᠶᠡᠬᠡ ᠳᠡᠭᠡᠳᠦ ᠰᠤᠷᠭᠠᠭᠤᠯᠢ᠎ᠶᠢᠨ A ᠲᠥᠷᠥᠯ᠎ᠦᠨ ᠰᠢᠨᠵᠢᠯᠡᠭᠡᠨ᠎ᠦ ᠰᠠᠯᠠᠭ᠎ᠠ᠎ᠶᠢᠨ ᠰᠢᠪᠲᠤᠯᠤᠯᠲᠠ᠎ᠶᠢ ᠪᠡᠶᠡᠯᠡᠭᠦᠯᠪᠡ᠃ ᠪᠠᠭᠰᠢ᠎ᠶᠢᠨ ᠡᠨᠭᠨᠡᠬᠡ ᠢ᠋ᠢᠨ ᠪᠠᠶ᠋ᠢᠭᠤᠯᠤᠯᠲᠠ ᠦᠷᠭᠦᠯᠵᠢᠯᠡᠨ ᠴᠢᠩᠭᠠᠷᠠᠵᠤ᠂ ᠪᠠᠭᠰᠢ᠎ᠶᠢᠨ ᠨᠠᠰᠤ ᠵᠢᠯ᠂ ᠰᠤᠷᠤᠯᠭ᠎ᠠ᠎ᠶᠢᠨ ᠨᠠᠮᠲᠠᠷ᠎ᠤᠨ ᠪᠦᠲᠦᠴᠡ ᠲᠠᠰᠤᠷᠠᠯᠲᠠ ᠥᠬᠡᠶ ᠰᠢᠯᠢᠳᠡᠭᠵᠢᠵᠦ᠍᠂ ᠵᠢᠭᠠᠨ ᠰᠤᠷᠭᠠᠯᠲᠠ ᠰᠢᠨᠵᠢᠯᠡᠬᠦ᠌ ᠤᠬᠠᠭᠠᠨ᠎ᠤ ᠰᠤᠳᠤᠯᠭᠠᠨ᠎ᠤ ᠴᠢᠳᠠᠪᠤᠷᠢ ᠲᠣᠭᠲᠠᠭᠤᠨ᠎ᠢᠶᠠᠷ ᠳᠡᠭᠡᠭᠰᠢᠯᠡᠪᠡ᠃ ᠪᠠᠴᠢᠮ ᠱᠠᠭᠠᠷᠳᠠᠭᠳᠠᠵᠤ ᠪᠠᠶ᠋ᠢᠭ᠎ᠠ ᠲᠤᠰᠬᠠᠶ ᠮᠡᠷᠭᠡᠵᠢᠯ᠎ᠦᠨ ᠬᠦᠷᠢᠶ᠎ᠡ ᠪᠤᠯᠤᠨ ᠵᠢᠭᠠᠨ ᠰᠤᠷᠭᠠᠯᠲᠠ᠎ᠶᠢᠨ ᠲᠤᠷᠰᠢᠯᠲᠠ᠎ᠶᠢᠨ ᠲᠠᠰᠤᠭ᠎ᠤᠨ ᠪᠥᠲᠥᠭᠡᠨ ᠪᠠᠶ᠋ᠢᠭᠤᠯᠤᠯᠲᠠ᠎ᠶᠢᠨ ᠦᠷ᠎ᠡ ᠪᠦᠲᠦᠭᠡᠯ ᠢᠯᠡᠳᠲᠡ ᠪᠣᠯᠵᠣ᠂ ᠶᠡᠬᠡ ᠳᠡᠭᠡᠳᠦ ᠰᠤᠷᠭᠠᠭᠤᠯᠢ᠎ᠶᠢᠨ ᠣᠷᠣᠨ ᠪᠦᠰᠡ᠎ᠶᠢᠨ ᠠᠵᠤ ᠠᠬᠤᠶ ᠨᠡᠶ᠋ᠢᠭᠡᠮ᠎ᠦᠨ ᠬᠥᠭᠵᠢᠯᠲᠡ᠎ᠳᠦ ᠤᠢᠯᠡᠴᠢᠯᠡᠬᠦ ᠣᠶᠤᠨ᠎ᠤ ᠲᠤᠯᠭᠠᠭᠤᠷᠢᠯᠠᠯ ᠪᠠ ᠴᠢᠳᠠᠪᠤᠷᠢᠲᠠᠨ᠎ᠤ ᠬᠠᠩᠭᠠᠯᠭ᠎ᠠ᠎ᠶᠢᠨ ᠤᠢᠯᠡᠳᠦᠯ ᠤᠯᠠᠮ ᠲᠣᠪᠣᠶ᠋ᠢᠮ᠎ᠠ ᠪᠣᠯᠪᠠ᠃
ᠲᠠᠷᠠᠭᠠᠴᠢ᠎ᠪᠡᠷ᠂ ᠦᠪᠤᠷ ᠮᠤᠨᠭᠭᠤᠯ ᠤ᠋ᠨ ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠎ᠤᠨ ᠲᠢᠩᠬᠢᠮ᠎ᠤᠨ ᠬᠢᠨ ᠣᠲᠣ᠎ᠶᠢᠨ ᠦᠷ᠎ᠡ ᠪᠦᠲᠦᠮᠵᠢ᠎ᠪᠡᠨ ᠦᠷᠭᠦᠯᠵᠢᠯᠡᠨ ᠪᠡᠬᠢᠵᠢᠭᠦᠯᠵᠦ᠍᠂ ᠲᠥᠪ᠎ᠦᠨ ᠲᠥᠷᠥ᠎ᠶᠢᠨ ᠪᠣᠳᠣᠯᠭ᠎ᠠ᠎ᠶᠢᠨ ᠬᠠᠨᠳᠤᠰᠢ᠎ᠶᠢ ᠴᠢᠩᠭ᠎ᠠ ᠠᠩᠬᠠᠷᠴᠤ᠌᠂ ᠪᠠᠯᠠ ᠮᠥᠩᠭᠥ᠌ ᠡᠷᠡᠮᠡᠯᠵᠡᠨ ᠤᠯᠬᠤ ᠡᠷᠴᠢᠮ᠎ᠢᠶᠡᠨ ᠴᠢᠩᠭᠠᠷᠠᠭᠤᠯᠵᠤ᠂ ᠪᠠᠯᠠ ᠮᠥᠩᠭᠥ᠎ᠶᠢᠨ ᠬᠤᠪᠢᠶᠠᠷᠢᠯᠠᠯᠲᠠ᠎ᠶᠢᠨ ᠵᠠᠭᠪᠤᠷ᠎ᠢ ᠰᠢᠯᠢᠳᠡᠭᠵᠢᠭᠦᠯᠤᠨ᠂ ᠪᠥᠬᠥ᠌ ᠣᠷᠣᠨ᠎ᠤ ᠶᠡᠬᠡ ᠳᠡᠭᠡᠳᠦ ᠰᠤᠷᠭᠠᠭᠤᠯᠢ᠎ᠶᠢᠨ ᠰᠤᠷᠭᠠᠭᠤᠯᠢ ᠡᠷᠭᠢᠯᠡᠬᠦ᠌ ᠲᠦᠪᠰᠢᠨ᠂ ᠬᠥᠮᠦᠨ ᠬᠥᠮᠦᠵᠢᠭᠦᠯᠬᠦ᠌ ᠶᠠᠰᠤ ᠴᠢᠨᠠᠷ ᠵᠢᠴᠢ ᠰᠢᠨ᠎ᠡ᠎ᠶᠢ ᠡᠭᠦᠳᠬᠦ᠌ ᠴᠢᠳᠠᠪᠤᠷᠢ᠎ᠶᠢᠨ ᠰᠢᠨ᠎ᠡ ᠳᠡᠭᠲᠡᠷ᠎ᠲᠦ᠍ ᠭᠠᠷᠬᠤ᠎ᠶᠢ ᠬᠦᠴᠦᠯᠡᠨ ᠠᠬᠢᠭᠤᠯᠬᠤ ᠪᠤᠯᠤᠨ᠎ᠡ᠃