ᠪᠥᠬᠥ ᠤᠯᠤᠰ᠎ᠤᠨ ᠳᠤᠮᠳᠠᠳᠤ ᠪᠠᠭ᠎ᠠ ᠰᠤᠷᠭᠠᠭᠤᠯᠢ᠎ᠶᠢᠨ 《ᠭᠤᠷᠪᠠᠨ ᠵᠦᠢᠯ᠎ᠢ ᠴᠡᠭᠴᠡᠯᠡᠨ ᠵᠠᠰᠠᠬᠤ》 ᠠᠵᠢᠯ᠎ᠤᠨ ᠲᠤᠬᠠᠢ᠎ᠶᠢᠨ ᠲᠠᠯᠠᠪᠠᠶ᠎ᠶᠢᠨ ᠠᠬᠢᠭᠤᠯᠬᠤ ᠬᠤᠷᠠᠯ ᠥᠪᠥᠷ ᠮᠣᠩᠭᠣᠯ᠎ᠳᠤ ᠬᠤᠷᠠᠯᠳᠤᠪᠠ
2026-07-20 15:54:59
ᠵᠣᠬᠢᠶᠠᠭ᠍ᠴᠢ᠄
ᠨᠠᠪᠴᠢ
ᠣᠩᠱᠢᠭ᠍ᠰᠠᠨ ᠣᠳᠠᠭ᠎ᠠ᠄
★★★☆☆

ᠲᠦᠷᠦᠬᠦᠬᠡᠨ᠂ ᠰᠤᠷᠭᠠᠨ ᠬᠥᠮᠦᠵᠢᠯ᠎ᠤᠨ ᠶᠠᠮᠤᠨ ᠥᠪᠥᠷ ᠮᠣᠩᠭᠣᠯ᠎ᠤᠨ ᠣᠷᠳᠣᠰ ᠬᠤᠳᠠ᠎ᠳᠤ ᠪᠥᠬᠥ ᠤᠯᠤᠰ᠎ᠤᠨ ᠳᠤᠮᠳᠠᠳᠤ ᠪᠠᠭ᠎ᠠ ᠰᠤᠷᠭᠠᠭᠤᠯᠢ᠎ᠶᠢᠨ ᠰᠤᠷᠭᠠᠭᠤᠯᠢ ᠵᠢᠨ ᠬᠦᠷᠢᠶᠡᠨ᠎ᠤ ᠬᠣᠭᠣᠯᠠ᠂ ᠵᠢᠭᠠᠨ ᠰᠤᠷᠭᠠᠯᠳᠠ ᠵᠢᠨ ᠬᠠᠪᠰᠤᠷᠤᠮᠵᠢ ᠪᠢᠴᠢᠭ ᠵᠠᠬᠢᠶᠠᠯᠠᠬᠤ ᠵᠡᠷᠭᠡ 《ᠭᠤᠷᠪᠠᠨ ᠵᠦᠢᠯ᠎ᠢ ᠴᠡᠭᠴᠡᠯᠡᠨ ᠵᠠᠰᠠᠬᠤ》 ᠠᠵᠢᠯ ᠎ᠤᠨ ᠲᠤᠬᠠᠢ᠎ᠶᠢᠨ ᠲᠠᠯᠠᠪᠠᠢ᠎ᠶᠢᠨ ᠠᠬᠢᠭᠤᠯᠬᠤ ᠬᠤᠷᠠᠯ ᠬᠤᠷᠠᠯᠳᠤᠭᠤᠯᠵᠠᠢ᠃

ᠬᠤᠷᠠᠯ ᠠ᠋ᠴᠠ᠂ ᠡᠨᠡ ᠵᠢᠯ᠎ᠡᠴᠡ ᠨᠠᠭᠠᠰᠢ 《ᠭᠤᠷᠪᠠᠨ ᠵᠦᠢᠯ᠎ᠦᠨ ᠴᠡᠭᠴᠡᠯᠡᠨ ᠵᠠᠰᠠᠯᠲᠠ》 ᠵᠢ ᠰᠤᠷᠭᠠᠨ ᠬᠥᠮᠦᠵᠢᠯ᠎ᠦᠨ ᠬᠦᠷᠢᠶᠡᠨ᠎ᠳᠡᠬᠢ ᠰᠤᠷᠲᠠᠯ᠎ᠢ ᠴᠡᠭᠴᠡᠯᠡᠨ ᠰᠠᠬᠢᠯᠭ᠎ᠠ ᠪᠠᠲᠤ᠎ᠶᠢ ᠴᠢᠩᠳᠠᠯᠠᠵᠤ ᠢᠯᠵᠠᠷᠠᠯ᠎ᠢ ᠡᠰᠡᠷᠭᠦᠴᠡᠬᠦ ᠴᠢᠬᠤᠯᠠ ᠤᠯᠤᠰ ᠲᠥᠷᠥ᠎ᠶᠢᠨ ᠡᠭᠦᠷᠭᠡ ᠪᠣᠯᠭᠠᠵᠤ᠂ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ ᠯᠠᠪᠳᠠᠭᠤᠨ᠎ᠢᠶᠠᠷ ᠠᠬᠢᠭᠤᠯᠵᠤ᠂ ᠰᠠᠭᠤᠷᠢ ᠰᠤᠷᠭᠠᠨ ᠬᠥᠮᠦᠵᠢᠯ᠎ᠦᠨ ᠵᠠᠰᠠᠯᠲᠠ᠎ᠶᠢᠨ ᠴᠢᠳᠠᠪᠤᠷᠢ ᠪᠠ ᠬᠢᠷᠢ ᠲᠦᠪᠰᠢᠨ᠎ᠢ ᠪᠦᠲᠦᠮᠵᠢᠲᠡᠶ ᠪᠡᠷ ᠳᠡᠭᠡᠭᠰᠢᠯᠡᠭᠦᠯᠦᠨ᠂ ᠰᠤᠷᠭᠠᠨ ᠬᠥᠮᠦᠵᠢᠯ᠎ᠦᠨ ᠴᠢᠨᠠᠷ ᠰᠠᠢᠲᠠᠢ ᠬᠥᠭᠵᠢᠯᠲᠡ᠎ᠳᠦ ᠪᠠᠲᠤ ᠰᠠᠭᠤᠷᠢ ᠲᠠᠯᠪᠢᠵᠤ ᠥᠭᠭᠦᠭᠰᠡᠨ ᠪᠠᠢᠨ᠎ᠠ ᠬᠡᠵᠦ ᠵᠢᠭᠠᠵᠤ ᠭᠠᠷᠭᠠᠪᠠ᠃

ᠬᠤᠷᠠᠯ᠎ᠡᠴᠠ᠂ ᠡᠨᠡ ᠵᠢᠯ ᠪᠣᠯ ᠲᠥᠪᠯᠡᠷᠡᠭᠦᠯᠦᠨ ᠴᠡᠭᠴᠡᠯᠡᠨ ᠵᠠᠰᠠᠬᠤ ᠪᠣᠭᠣᠮᠲᠠ ᠰᠢᠪᠲᠤᠯᠬᠤ ᠰᠢᠢᠳᠪᠦᠷᠢᠲᠦ ᠳᠠᠢᠯᠠᠯᠳᠤᠭᠠᠨ᠎ᠤ ᠵᠢᠯ ᠪᠣᠯᠣᠨ᠎ᠠ᠃ 《ᠨᠢᠭᠡ᠎ᠶᠢ ᠪᠡᠬᠢᠵᠢᠭᠦᠯᠵᠦ ᠬᠣᠶᠠᠷ᠎ᠢ ᠴᠡᠭᠴᠡᠯᠡᠨ ᠵᠠᠰᠠᠬᠤ》 ᠶ᠋ᠢ ᠲᠤᠪᠤᠢ᠍ᠢᠯᠭᠠᠵᠤ᠂ 《ᠰᠤᠷᠭᠠᠭᠤᠯᠢ᠎ᠶᠢᠨ ᠬᠦᠷᠢᠶᠡᠨ᠎ᠦ ᠬᠣᠭᠣᠯᠠ》 ᠶ᠋ᠢ ᠴᠡᠭᠴᠡᠯᠡᠨ ᠵᠠᠰᠠᠭᠰᠠᠨ ᠦᠷ᠎ᠡ ᠪᠦᠲᠦᠭᠡᠯ᠎ᠢ ᠪᠡᠬᠢᠵᠢᠭᠦᠯᠵᠦ᠂ ᠵᠢᠭᠠᠨ ᠰᠤᠷᠭᠠᠯᠳᠠ ᠵᠢᠨ ᠬᠠᠪᠰᠤᠷᠤᠮᠵᠢ ᠪᠢᠴᠢᠭ ᠵᠠᠬᠢᠶᠠᠯᠠᠬᠤ᠂ ᠰᠤᠷᠭᠠᠭᠤᠯᠢ᠎ᠶᠢᠨ ᠬᠤᠪᠴᠠᠰᠤ ᠬᠤᠳᠠᠯᠳᠤᠨ ᠠᠪᠴᠦ ᠠᠰᠢᠭ ᠤᠯᠬᠤ ᠠᠰᠠᠭᠤᠳᠠᠯ᠎ᠢ ᠴᠡᠭᠴᠡᠯᠡᠨ ᠵᠠᠰᠠᠬᠤ ᠬᠡᠷᠡᠭᠲᠡᠢ᠃ ᠵᠠᠰᠠᠭ᠎ᠤᠨ ᠠᠵᠢᠯ᠎ᠤᠨ ᠪᠦᠳᠦᠮᠵᠢ ᠵᠢᠨ ᠳᠤᠬᠠᠢ ᠵᠦᠪ ᠦᠵᠡᠯᠲᠡ᠎ᠶᠢ ᠪᠤᠢ ᠪᠤᠯᠭᠠᠨ ᠦᠢᠯᠡᠳᠦᠯᠭᠡᠵᠢᠭᠦᠯᠵᠦ᠂ 《ᠣᠳᠣᠬᠠᠨ᠎ᠳᠤ ᠵᠠᠰᠠᠬᠤ》 ᠪᠠ 《ᠤᠷᠳᠤ ᠬᠤᠭᠤᠴᠠᠭ᠎ᠠ᠎ᠪᠠᠷ ᠪᠠᠷᠢᠮᠳᠠᠯᠠᠬᠤ》 ᠶ᠋ᠢ ᠤᠶᠠᠯᠳᠤᠭᠤᠯᠵᠤ᠂ ᠴᠡᠭᠴᠡᠯᠡᠨ ᠵᠠᠰᠠᠬᠤ ᠠᠵᠢᠯ᠎ᠢ ᠱᠠᠲᠤ ᠦᠶ᠎ᠡ᠎ᠶᠢᠨ ᠴᠢᠨᠠᠷᠲᠠᠢ ᠪᠣᠭᠣᠮᠲᠠ ᠰᠢᠪᠲᠤᠯᠬᠤ᠎ᠠᠴᠠ ᠪᠠᠢᠩᠭᠤ᠎ᠶᠢᠨ ᠴᠢᠨᠠᠷᠲᠠᠢ ᠴᠡᠭᠴᠡᠯᠡᠨ ᠵᠠᠰᠠᠬᠤ ᠪᠤᠯᠭᠠᠨ ᠬᠤᠪᠢᠷᠠᠭᠤᠯᠵᠤ᠂ ᠦᠩᠭᠡᠨ ᠲᠠᠯ᠎ᠠ᠎ᠡᠴᠡ ᠴᠡᠭᠴᠡᠯᠡᠨ ᠵᠠᠰᠠᠵᠤ ᠪᠠᠢᠭᠰᠠᠨ᠎ᠠᠴᠠ ᠦᠨᠳᠦᠰᠦ ᠡᠴᠡ ᠨᠢ ᠵᠠᠰᠠᠬᠤ ᠪᠤᠯᠭᠠᠨ ᠬᠤᠪᠢᠷᠠᠭᠤᠯᠬᠤ᠎ᠶᠢ ᠠᠬᠢᠭᠤᠯᠬᠤ ᠬᠡᠷᠡᠭᠲᠡᠢ ᠬᠡᠵᠦ ᠴᠢᠬᠤᠯᠠᠴᠢᠯᠠᠪᠠ᠃

ᠬᠤᠷᠠᠯ ᠠ᠋ᠴᠡ᠂ ᠬᠠᠷᠢᠭᠤᠴᠠᠯᠭ᠎ᠠ᠎ᠶᠢᠨ ᠬᠡᠯᠬᠢᠶ᠎ᠡ᠎ᠶᠢ ᠪᠣᠳᠠᠲᠠᠢᠵᠢᠭᠤᠯᠵᠤ᠂ 《ᠭᠤᠷᠪᠠᠨ ᠵᠦᠢᠯ᠎ᠦᠨ ᠴᠡᠭᠴᠡᠯᠡᠨ ᠵᠠᠰᠠᠯᠲᠠ》 ᠵᠢ ᠭᠣᠣᠯᠳᠠᠯᠭ᠎ᠠ ᠲᠠᠢ ᠱᠠᠯᠠᠪᠳᠠᠭᠤᠯᠤᠨ ᠰᠢᠢᠳᠪᠦᠷᠢᠯᠡᠭᠦᠯᠬᠦ ᠳ᠋ᠤ ᠣᠷᠣᠭᠤᠯᠬᠤ ᠬᠡᠷᠡᠭᠲᠡᠢ; ᠳᠦᠷᠢᠮ᠎ᠦᠨ ᠵᠢᠷᠤᠮᠵᠢᠯ᠎ᠢ ᠲᠡᠭᠦᠯᠳᠡᠷᠵᠢᠭᠦᠯᠵᠦ᠂ ᠴᠡᠭᠴᠡᠯᠡᠨ ᠵᠠᠰᠠᠭᠰᠠᠨ ᠦᠷ᠎ᠡ  ᠪᠦᠲᠦᠭᠡᠯ᠎ᠦᠨ ᠳᠦᠷᠢᠮᠵᠢᠭᠦᠯᠦᠯᠲᠡ᠂ ᠬᠠᠤᠯᠢ ᠪᠡᠷ ᠵᠠᠰᠠᠬᠤ ᠵᠢ ᠠᠬᠢᠭᠤᠯᠬᠤ ᠬᠡᠷᠡᠭᠲᠡᠢ; ᠵᠠᠩᠭᠢᠯᠠᠭ᠎ᠠ᠎ᠶᠢᠨ ᠭᠣᠭᠴᠣᠭ᠎ᠠ᠎ᠳᠤ ᠬᠠᠨᠳᠤᠯᠭ᠎ᠠ᠎ᠲᠠᠢ᠎ᠪᠠᠷ ᠬᠦᠴᠦᠯᠡᠵᠦ᠂ ᠰᠤᠷᠭᠠᠭᠤᠯᠢ᠎ᠶᠢᠨ ᠬᠦᠷᠢᠶᠡᠨ᠎ᠦ ᠢᠳᠡᠭᠡᠨ᠎ᠦ ᠠᠮᠤᠷ ᠲᠦᠪᠰᠢᠨ᠎ᠦ ᠰᠡᠷᠭᠡᠢᠯᠡᠯᠲᠡ᠎ᠶᠢᠨ ᠱᠤᠭᠤᠮ᠎ᠢ ᠪᠡᠬᠢᠵᠢᠭᠦᠯᠵᠦ᠂ ᠵᠢᠭᠠᠨ ᠰᠤᠷᠭᠠᠯᠲᠠ᠎ᠶᠢᠨ ᠬᠠᠪᠰᠤᠷᠤᠮᠵᠢ ᠪᠢᠴᠢᠭ ᠪᠣᠯᠣᠨ ᠰᠤᠷᠭᠠᠭᠤᠯᠢ᠎ᠶᠢᠨ ᠬᠤᠪᠴᠠᠰᠤᠨ᠎ᠤ ᠪᠦᠬᠦ ᠬᠡᠯᠬᠢᠶ᠎ᠡ᠎ᠶᠢᠨ ᠬᠠᠮᠢᠶᠠᠷᠤᠯᠲᠠ᠎ᠶᠢ ᠵᠢᠷᠤᠮᠵᠢᠭᠤᠯᠵᠤ᠂ ᠰᠠᠬᠢᠯᠭ᠎ᠠ ᠪᠠᠲᠤ᠎ᠡᠴᠡ ᠵᠦᠷᠢᠴᠡᠭᠰᠡᠨ ᠠᠵᠢᠯᠯᠠᠭ᠎ᠠ ᠵᠢ ᠴᠢᠩᠭ᠎ᠠ ᠱᠠᠯᠠᠪᠳᠠᠭᠤᠯᠤᠨ ᠪᠠᠢᠴᠠᠭᠠᠵᠤ᠂ ᠳᠦᠷᠢᠮ ᠲᠣᠭᠲᠠᠭᠠᠯ ᠰᠠᠬᠢᠯᠭ᠎ᠠ ᠪᠠᠲᠤ ᠬᠠᠤᠯᠢ  ᠴᠠᠭᠠᠵᠠ᠎ᠠᠴᠠ ᠵᠥᠷᠢᠴᠡᠭᠰᠡᠨ ᠠᠵᠢᠯᠯᠠᠭ᠎ᠠ᠎ᠳᠤ 《ᠥᠴᠥᠬᠡᠨ ᠴᠦ᠍ ᠢᠯᠳᠠᠷ ᠬᠠᠶᠠᠬᠤ ᠦᠭᠡᠢ》 ᠪᠠᠢᠬᠤ ᠵᠢ ᠪᠠᠲᠤᠯᠠᠬᠤ ᠬᠡᠷᠡᠭᠳᠡᠢ; ᠰᠤᠷᠲᠠᠯ᠎ᠤᠨ ᠪᠠᠢᠭᠤᠯᠤᠯᠲᠠ᠎ᠶᠢ ᠴᠢᠩᠭᠠᠳᠬᠠᠵᠤ᠂ ᠬᠡᠯᠪᠡᠷᠢᠴᠢ ᠦᠵᠡᠯ᠎ᠦᠨ ᠠᠰᠠᠭᠤᠳᠠᠯ᠎ᠢ ᠡᠷᠡᠰ ᠵᠠᠯᠠᠷᠠᠭᠤᠯᠬᠤ ᠬᠡᠷᠡᠭᠲᠡᠢ ᠬᠡᠵᠦ ᠱᠠᠭᠠᠷᠳᠠᠪᠠ᠃

ᠬᠤᠷᠠᠯ ᠳᠡᠭᠡᠷ᠎ᠡ᠂ ᠥᠪᠥᠷ ᠮᠣᠩᠭᠣᠯ᠂ ᠪᠡᠭᠡᠵᠢᠩ ᠵᠡᠷᠭᠡ 7 ᠮᠤᠵᠢ᠎ᠶᠢᠨ ᠱᠠᠲᠤᠨ᠎ᠤ ᠰᠤᠷᠭᠠᠨ ᠬᠥᠮᠦᠵᠢᠯ᠎ᠦᠨ ᠵᠠᠰᠠᠭ ᠵᠠᠬᠢᠷᠭᠠᠨ᠎ᠤ ᠰᠠᠯᠠᠭ᠎ᠠ ᠮᠥᠴᠢᠷ ᠰᠠᠨᠠᠯ᠎ᠢᠶᠠᠨ ᠰᠣᠯᠢᠯᠴᠠᠬᠤ ᠶᠠᠷᠢᠶ᠎ᠠ ᠲᠠᠯᠪᠢᠵᠤ᠂ ᠲᠥᠪ᠎ᠦᠨ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠤᠯᠤᠰ᠎ᠤᠨ ᠬᠢᠨᠠᠨ ᠪᠠᠢᠴᠠᠭᠠᠬᠤ ᠵᠥᠪᠯᠡᠯ᠎ᠦᠨ ᠨᠠᠮ᠎ᠤᠨ ᠰᠤᠷᠲᠠᠯ ᠵᠠᠰᠠᠭ᠎ᠤᠨ ᠰᠤᠷᠲᠠᠯ᠎ᠳᠤ ᠬᠢᠨᠠᠯᠲᠠ ᠲᠠᠯᠪᠢᠬᠤ ᠲᠠᠰᠤᠭ᠎ᠤᠨ ᠬᠠᠷᠢᠭᠤᠴᠠᠯᠭᠠᠲᠠᠨ ᠨᠥᠬᠥᠳ ᠵᠢᠯᠤᠭᠣᠳᠬᠤ ᠰᠠᠨᠠᠯ ᠳᠤᠷᠠᠳᠪᠠ᠃ ᠲᠥᠪ᠎ᠦᠨ ᠤᠬᠠᠭᠤᠯᠬᠤ ᠬᠡᠯᠲᠡᠰ᠂ ᠡᠳ᠋᠎ᠦᠨ ᠵᠠᠰᠠᠭ᠎ᠤᠨ ᠶᠠᠮᠤᠨ᠂ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶᠢᠨ ᠶᠡᠷᠦᠩᠬᠡᠢ ᠲᠣᠪᠴᠢᠶ᠎ᠠ᠂ ᠰᠤᠷᠭᠠᠨ ᠬᠥᠮᠦᠵᠢᠯ᠎ᠦᠨ ᠶᠠᠮᠤᠨ᠎ᠤ ᠬᠣᠯᠪᠣᠭᠳᠠᠯ ᠪᠦᠬᠦᠢ ᠵᠤᠷᠭᠠᠨ ᠲᠣᠪᠴᠢᠶ᠎ᠠ ᠪᠣᠯᠣᠨ ᠡᠯ᠎ᠡ ᠮᠤᠵᠢ᠎ᠶᠢᠨ ᠱᠠᠲᠤᠨ᠎ᠤ ᠰᠤᠷᠭᠠᠨ ᠬᠥᠮᠦᠵᠢᠯ᠎ᠦᠨ ᠵᠠᠰᠠᠭ ᠵᠠᠬᠢᠷᠭᠠᠨ᠎ᠤ ᠰᠠᠯᠠᠭ᠎ᠠ ᠮᠥᠴᠢᠷ᠎ᠦᠨ ᠬᠠᠷᠢᠭᠤᠴᠠᠯᠭᠠᠲᠠᠨ ᠬᠤᠷᠠᠯ᠎ᠳᠤ ᠣᠷᠣᠯᠴᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号