ᠥᠪᠡᠷᠲᠡᠭᠡᠨ ᠵᠠᠰᠠᠬᠤ ᠣᠷᠤᠨ᠎ᠤ ᠨᠠᠮ᠎ᠤᠨ ᠬᠤᠷᠢᠶ᠎ᠠ᠎ᠵᠢᠨ ᠵᠣᠬᠢᠶᠠᠨ ᠪᠠᠶ᠋ᠢᠭᠤᠯᠬᠤ ᠬᠡᠯᠲᠡᠰ᠎ᠤᠨ ᠠᠯᠪᠠᠨ ᠪᠠᠶ᠋ᠢᠭᠤᠯᠭ᠎ᠠ᠎ᠶ᠋ᠢᠨ ᠬᠢᠨ ᠵᠠᠯᠠᠭᠤ ᠺᠠᠳ᠋ᠷᠴᠤᠳ᠎ᠦᠨ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠢ ᠵᠥᠪ ᠦᠵᠡᠯᠲᠡ᠎ᠶ᠋ᠢ ᠪᠣᠢ ᠪᠣᠯᠭᠠᠬᠤ ᠪᠠ ᠦᠢᠯᠡᠳᠦᠯᠭᠡᠵᠢᠭᠦᠯᠬᠦ᠌ ᠶᠠᠷᠢᠯᠴᠠᠬᠤ ᠬᠤᠷᠠᠯ ᠬᠤᠷᠠᠯᠳᠤᠭᠤᠯᠪᠠ
2026-07-20 11:42:26
ᠵᠣᠬᠢᠶᠠᠭ᠍ᠴᠢ᠄
ᠪᠠᠢ ᠰᠡᠴᠡᠨ
ᠣᠩᠱᠢᠭ᠍ᠰᠠᠨ ᠣᠳᠠᠭ᠎ᠠ᠄
★★★☆☆

ᠲᠦᠷᠦᠭᠦᠭᠡᠨ᠂ ᠦᠪᠦᠷ ᠮᠤᠩᠭᠤᠯ᠎ᠤᠨ ᠥᠪᠡᠷᠲᠡᠭᠡᠨ ᠵᠠᠰᠠᠬᠤ ᠣᠷᠤᠨ᠎ᠤ ᠨᠠᠮ᠎ᠤᠨ ᠬᠤᠷᠢᠶ᠎ᠠ᠎ᠵᠢᠨ ᠵᠣᠬᠢᠶᠠᠨ ᠪᠠᠶ᠋ᠢᠭᠤᠯᠬᠤ ᠬᠡᠯᠲᠡᠰ ᠠᠯᠪᠠᠨ ᠪᠠᠶ᠋ᠢᠭᠤᠯᠭ᠎ᠠ᠎ᠶ᠋ᠢᠨ ᠵᠠᠯᠠᠭᠤ ᠺᠠᠳ᠋ᠷᠴᠤᠳ᠎ᠤᠨ ᠵᠠᠰᠠᠭ᠎ᠤᠨ ᠠᠵᠢᠯ ᠎ᠤᠨ ᠪᠦᠳᠦᠮᠵᠢ ᠵᠢᠨ ᠲᠤᠬᠠᠢ ᠵᠦᠪ ᠦᠵᠡᠯᠲᠡ᠎ᠶ᠋ᠢ ᠪᠣᠢ ᠪᠣᠯᠭᠠᠬᠤ ᠪᠠ ᠦᠢᠯᠡᠳᠦᠯᠭᠡᠵᠢᠭᠦᠯᠬᠦ ᠶᠠᠷᠢᠯᠴᠠᠬᠤ ᠬᠤᠷᠠᠯ ᠬᠤᠷᠠᠯᠳᠤᠭᠤᠯᠪᠠ᠃ 6 ᠵᠠᠯᠠᠭᠤ ᠺᠠᠳ᠋ᠷᠴᠤᠳ᠎ᠤᠨ ᠲᠥᠯᠦᠭᠡᠯᠡᠭᠴᠢ ᠲᠤᠰ ᠪᠡᠶ᠎ᠡ᠎ᠶ᠋ᠢᠨ ᠠᠵᠢᠯ᠎ᠪᠠ ᠰᠤᠷᠤᠯᠴᠠᠯᠭ᠎ᠠ᠎ᠲᠠᠢ᠎ᠪᠠᠨ ᠤᠶᠠᠯᠳᠤᠭᠤᠯᠤᠨ ᠶᠠᠷᠢᠯᠴᠠᠨ ᠰᠣᠯᠢᠯᠴᠠᠪᠠ᠃

ᠬᠤᠷᠠᠯ᠎ᠡᠴᠡ᠂ ᠵᠣᠬᠢᠶᠠᠨ ᠪᠠᠶ᠋ᠢᠭᠤᠯᠬᠤ ᠰᠠᠯᠠᠭ᠎ᠠ ᠮᠥᠴᠢᠷ ᠪᠣᠯ ᠤᠯᠤᠰ ᠲᠥᠷᠦᠴᠢ ᠴᠢᠨᠠᠷ᠎ᠢᠶᠠᠷ ᠲᠤᠶ᠋ᠢᠯ᠎ᠤᠨ ᠴᠢᠩᠭ᠎ᠠ ᠪᠠᠶ᠋ᠢᠭᠤᠯᠭ᠎ᠠ ᠮᠥᠨ᠂ ᠵᠠᠯᠠᠭᠤ ᠵᠣᠬᠢᠶᠠᠨ ᠪᠠᠶ᠋ᠢᠭᠤᠯᠬᠤ ᠠᠵᠢᠯ᠎ᠤᠨ ᠺᠠᠳ᠋ᠷ ᠪᠣᠯᠤᠭᠰᠠᠨ᠎ᠤ ᠬᠤᠪᠢ᠎ᠳᠤ ᠡᠷᠬᠡᠪᠰᠢ ᠡᠨᠡ᠎ᠬᠦ᠌ ᠦᠨᠳᠦᠰᠦᠨ ᠠᠰᠠᠭᠤᠳᠠᠯ ᠳᠡᠭᠡᠷ᠎ᠡ ᠴᠢᠭᠯᠡᠯ ᠲᠣᠳᠤᠷᠬᠠᠢ᠂ ᠰᠡᠳᠬᠢᠴᠡ ᠲᠣᠳᠤᠷᠬᠠᠢ᠂ ᠠᠯᠬᠤᠭ᠎ᠠ ᠡᠷᠡᠰ ᠪᠠᠲᠤ᠌ ᠪᠠᠶ᠋ᠢᠬᠤ ᠬᠡᠷᠡᠭᠲᠡᠢ᠃ ᠶᠡᠷᠦᠩᠬᠡᠢ ᠱᠦᠵᠢ ᠰᠢ᠎ᠶ᠋ᠢᠨ ᠫᠢᠩ᠎ᠤᠨ ᠳᠤᠷᠠᠳᠤᠭᠰᠠᠨ 《ᠤᠯᠤᠰ ᠲᠥᠷᠦ᠎ᠶ᠋ᠢ ᠡᠷᠬᠢᠮᠯᠡᠬᠦ᠂ ᠲᠦᠪ ᠭᠤᠤᠯᠴᠢ᠎ᠶ᠋ᠢ ᠴᠢᠬᠤᠯᠠᠴᠢᠯᠠᠬᠤ᠂ ᠲᠤᠬᠠᠶ᠋ᠢᠯᠠᠭᠰᠠᠨ ᠠᠵᠢᠯ᠎ᠳᠠᠭᠠᠨ ᠴᠠᠭᠠᠷᠠᠬᠤ᠂ ᠣᠪᠤᠷ ᠰᠤᠷᠲᠠᠯ ᠰᠠᠶ᠋ᠢᠨ ᠪᠠᠢᠬᠤ》 ᠱᠠᠭᠠᠷᠳᠠᠯᠭ᠎ᠠ᠎ᠶ᠋ᠢ ᠯᠠᠪᠳᠠᠭᠤᠨ ᠪᠠᠲᠤᠲᠠᠢ ᠦᠢᠯᠡᠳᠦᠯᠭᠡᠵᠢᠭᠦᠯᠵᠦ᠍᠂  ᠵᠠᠰᠠᠭ᠎ᠤᠨ ᠠᠵᠢᠯ᠎ᠤᠨ ᠪᠦᠳᠦᠮᠵᠢ᠎ᠶ᠋ᠢᠨ ᠲᠤᠬᠠᠢ ᠵᠦᠪ ᠦᠵᠡᠯᠲᠡ ᠵᠢ ᠪᠤᠢ ᠪᠤᠯᠭᠠᠬᠤ᠎ᠪᠠᠷ ᠵᠢᠯᠤᠭᠤᠳᠤᠯᠭ᠎ᠠ ᠪᠣᠯᠭᠠᠵᠤ᠂ ᠲᠤᠭ ᠲᠡᠮᠳᠡᠭ ᠲᠣᠳᠤᠷᠬᠠᠢ᠎ᠪᠠᠷ ᠤᠯᠤᠰ ᠲᠦᠷᠦ᠎ᠶ᠋ᠢ ᠡᠷᠬᠢᠮᠯᠡᠬᠦ᠎ᠵᠢ ᠲᠡᠷᠢᠭᠦᠨ ᠴᠢᠬᠤᠯᠠ ᠪᠠᠷᠢᠮᠵᠢᠶ᠎ᠠ ᠪᠣᠯᠭᠠᠵᠤ᠂ ᠵᠠᠷᠴᠢᠮ᠎ᠢ ᠪᠠᠷᠢᠮᠲᠠᠯᠡᠨ ᠲᠥᠪ ᠭᠤᠤᠯᠴᠢ᠎ᠶ᠋ᠢ ᠴᠢᠬᠤᠯᠠᠴᠢᠯᠠᠬᠤ᠎ᠶ᠋ᠢ ᠤᠷᠤᠰᠢᠨ ᠲᠤᠬᠳᠠᠨᠢᠬᠤ ᠵᠢᠨ ᠦᠨᠳᠦᠰᠦ ᠪᠣᠯᠭᠠᠵᠤ᠂ ᠲᠥᠪ ᠭᠤᠤᠯᠴᠢ ᠠᠷᠢᠭᠤᠨ ᠴᠢᠬᠡᠴᠢ ᠰᠤᠷᠲᠠᠯ᠎ᠢ ᠪᠤᠢ ᠪᠤᠯᠭᠠᠬᠤ ᠪᠡᠷ ᠵᠠᠰᠠᠭ᠎ᠦᠨ ᠠᠵᠢᠯ ᠡᠷᠬᠢᠯᠡᠬᠦ ᠲᠡᠪᠢᠰᠭᠡᠷ ᠦᠩᠭᠡ ᠪᠣᠯᠭᠠᠵᠤ᠂ 《ᠬᠤᠶᠠᠷ᠎ᠢ ᠲᠣᠭᠲᠠᠭᠠᠬᠰᠠᠨ》 ᠢ᠋ ᠦᠨᠡᠨᠴᠢ ᠪᠠᠷ ᠬᠦᠷᠢᠶᠡᠯᠡᠵᠦ᠍᠂ 《ᠬᠤᠶᠠᠷ᠎ᠢ ᠬᠠᠮᠠᠭᠠᠯᠠᠬᠤ》 ᠶ᠋ᠢ ᠡᠷᠡᠰ ᠪᠡᠶᠡᠯᠡᠭᠦᠯᠬᠦ᠌ ᠬᠡᠷᠡᠭᠲᠡᠢ ᠬᠡᠵᠤ ᠵᠢᠭᠠᠵᠤ ᠭᠠᠷᠭᠠᠵᠠᠢ᠃

ᠬᠤᠷᠠᠯ᠎ᠡᠴᠡ᠂ ᠵᠠᠯᠠᠭᠤ ᠵᠣᠬᠢᠶᠠᠨ ᠪᠠᠶ᠋ᠢᠭᠤᠯᠬᠤ ᠠᠵᠢᠯᠳᠠᠳ ᠵᠠᠰᠠᠭ᠎ᠤᠨ ᠠᠵᠢᠯ᠎ᠦᠨ  ᠪᠦᠲᠦᠮᠵᠢ᠎ᠶ᠋ᠢᠨ ᠲᠤᠬᠠᠢ ᠵᠦᠪ ᠦᠵᠡᠯᠲᠡ᠎ᠶ᠋ᠢ ᠪᠣᠢ ᠪᠣᠯᠭᠠᠬᠤ ᠪᠠ ᠦᠢᠯᠡᠳᠦᠯᠭᠡᠵᠢᠭᠦᠯᠵᠤ᠂ ᠨᠠᠮᠴᠢ ᠴᠢᠨᠠᠷ᠎ᠤᠨ ᠪᠣᠯᠪᠠᠰᠤᠷᠠᠯ᠎ᠵᠢᠡᠨ ᠴᠢᠩᠭᠠᠳᠬᠠᠨ᠂ ᠶᠡᠷᠦᠩᠬᠡᠢ ᠱᠦᠵᠢ ᠰᠢ᠎ᠶ᠋ᠢᠨ ᠫᠢᠩ᠎ᠤᠨ ᠵᠠᠰᠠᠭ᠎ᠤᠨ ᠠᠵᠢᠯ᠎ᠤᠨ ᠪᠦᠳᠦᠮᠵᠢ᠎ᠶ᠋ᠢᠨ ᠲᠤᠬᠠᠢ ᠵᠦᠪ ᠦᠵᠡᠯᠲᠡ᠎ᠶ᠋ᠢ ᠪᠣᠢ ᠪᠣᠯᠭᠠᠬᠤ ᠪᠠ ᠦᠢᠯᠡᠳᠦᠯᠭᠡᠵᠢᠭᠦᠯᠬᠦ᠌ ᠲᠤᠬᠠᠢ ᠴᠢᠬᠤᠯᠠ ᠥᠭᠦᠯᠡᠯᠲᠡ᠎ᠶ᠋ᠢ ᠭᠦᠨᠵᠡᠭᠡᠢ ᠰᠤᠷᠤᠯᠴᠠᠨ ᠨᠠᠷᠢᠨ ᠣᠶ᠋ᠢᠯᠠᠭᠠᠵᠤ᠂ 《ᠭᠤᠷᠪᠠᠨ ᠬᠤᠷᠠᠯ ᠨᠢᠭᠡ ᠬᠢᠴᠢᠶᠡᠯ》᠂ ᠭᠤᠤᠯ ᠰᠡᠳᠦᠪᠲᠦ᠍ ᠨᠠᠮ᠎ᠤᠨ ᠡᠳᠦᠷᠯᠢᠭ᠎ᠤᠨ ᠠᠵᠢᠯᠯᠠᠭ᠎ᠠ᠂ ᠵᠠᠯᠠᠭᠤᠴᠤᠳ᠎ᠤᠨ ᠤᠨᠤᠯ ᠰᠤᠷᠤᠯᠴᠠᠬᠤ ᠳᠤᠭᠤᠶ᠋ᠢᠯᠠᠩ ᠵᠡᠷᠭᠡ ᠠᠵᠢᠯᠯᠠᠭ᠎ᠠ᠎ᠳᠤ ᠲᠥᠪ ᠴᠢᠩᠭ᠎ᠠ ᠪᠡᠷ  ᠨᠠᠷᠢᠨ ᠬᠢᠨᠠᠮᠠᠭᠠᠢ ᠣᠷᠤᠯᠴᠠᠵᠤ᠂ ᠵᠣᠬᠢᠶᠠᠨ ᠪᠠᠶ᠋ᠢᠭᠤᠯᠤᠯᠲᠠ᠎ᠶ᠋ᠢᠨ ᠠᠮᠢᠳᠤᠷᠠᠯ᠎ᠤᠨ ᠳᠤᠮᠳᠠ ᠨᠠᠮᠴᠢ ᠴᠢᠨᠠᠷ᠎ᠢ ᠳᠠᠪᠲᠠᠨ ᠪᠣᠯᠪᠠᠰᠤᠷᠠᠭᠤᠯᠵᠤ᠂ ᠤᠯᠠᠨ ᠲᠦᠮᠡᠨ᠎ᠳᠤ ᠦᠢᠯᠡᠴᠢᠯᠡᠬᠦ᠌ ᠳᠤᠮᠳᠠ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠢ ᠵᠦᠪ ᠦᠵᠡᠯᠲᠡ᠎ᠶ᠋ᠢ ᠪᠠᠶ᠋ᠢᠴᠠᠭᠠᠨ ᠰᠢᠯᠭᠠᠵᠤ᠂ 《ᠵᠣᠬᠢᠶᠠᠨ ᠪᠠᠶ᠋ᠢᠭᠤᠯᠬᠤ ᠠᠵᠢᠯ᠎ᠤᠨ ᠴᠡᠭᠴᠡᠯᠡᠨ ᠰᠠᠶ᠋ᠢᠵᠢᠷᠠᠭᠤᠯᠵᠤ ᠳᠡᠭᠡᠭᠰᠢᠯᠡᠭᠦᠯᠬᠦ᠌ ᠣᠨ》 ᠤ᠋ ᠭᠦᠨᠵᠡᠭᠡᠢ ᠪᠠᠶ᠋ᠢᠴᠠᠭᠠᠨ ᠰᠤᠳᠤᠯᠤᠯᠲᠠ᠎ᠳᠤ ᠢᠳᠡᠪᠬᠢᠲᠡᠢ ᠣᠷᠤᠯᠴᠠᠵᠤ᠂ ᠤᠯᠠᠨ ᠲᠦᠮᠡᠨ᠎ᠤ ᠰᠠᠨᠠᠯ ᠪᠠ ᠱᠠᠭᠠᠷᠳᠠᠯᠭ᠎ᠠ᠂ ᠰᠢᠭᠦᠮᠵᠢᠯᠡᠯ ᠪᠠ ᠰᠠᠨᠠᠭᠤᠯᠭ᠎ᠠ᠎ᠶ᠋ᠢ ᠯᠠᠪᠳᠠᠭᠤᠨ ᠪᠠᠲᠤᠲᠠᠢ ᠣᠶ᠋ᠢᠯᠠᠭᠠᠬᠤ ᠬᠡᠷᠡᠭᠲᠡᠢ᠃ ᠲᠡᠮᠡᠴᠡᠯ᠎ᠤᠨ ᠦᠢᠯᠡᠳᠦᠯᠭᠡ᠎ᠶ᠋ᠢᠨ ᠳᠤᠮᠳᠠ ᠵᠠᠰᠠᠭ᠎ᠤᠨ ᠠᠵᠢᠯ᠎ᠤᠨ ᠪᠦᠳᠦᠮᠵᠢ᠎ᠶ᠋ᠢᠨ ᠲᠤᠬᠠᠢ ᠵᠦᠪ ᠦᠵᠡᠯᠲᠡ᠎ᠶ᠋ᠢ ᠳᠠᠪᠲᠠᠨ ᠪᠣᠯᠪᠠᠰᠤᠷᠠᠭᠤᠯᠵᠤ᠂ ᠵᠣᠷᠢᠭᠲᠠᠢ᠎ᠪᠠᠷ ᠬᠦᠴᠢᠷ ᠪᠡᠷᠬᠡᠰᠢᠶᠡᠯ᠎ᠢ ᠡᠭᠦᠷᠭᠡᠯᠡᠵᠦ᠍᠂ ᠲᠥᠪ᠎ᠤᠨ ᠲᠣᠭᠤᠷᠢᠨ ᠪᠠᠶ᠋ᠢᠴᠠᠭᠠᠵᠤ ᠬᠠᠷᠢᠭᠤ ᠲᠤᠰᠭᠠᠭᠰᠠᠨ ᠰᠠᠨᠠᠯ᠎ᠢ ᠴᠡᠭᠴᠡᠯᠡᠨ ᠰᠠᠶ᠋ᠢᠵᠢᠷᠠᠭᠤᠯᠬᠤ᠂ ᠬᠤᠲᠠ ᠰᠢᠶᠠᠨ ᠰᠢᠶᠠᠩ᠎ᠤᠨ ᠤᠳᠤᠷᠢᠳᠭᠤ ᠪᠠᠭ᠎ᠤᠨ ᠬᠤᠭᠤᠴᠠᠭ᠎ᠠ ᠰᠣᠯᠢᠬᠤ᠂ ᠬᠥᠮᠦᠨ ᠰᠣᠩᠭᠤᠵᠤ ᠬᠥᠮᠦᠨ ᠬᠡᠷᠡᠭᠯᠡᠬᠦ᠌ ᠲᠥᠪ ᠪᠤᠰᠤ ᠰᠤᠷᠲᠠᠯ᠎ᠢ ᠲᠥᠪᠯᠡᠷᠡᠭᠦᠯᠦᠨ ᠴᠡᠭᠴᠡᠯᠡᠨ ᠵᠠᠰᠠᠬᠤ ᠵᠡᠷᠭᠡ ᠴᠢᠬᠤᠯᠠ ᠶᠡᠭᠡ ᠡᠭᠦᠷᠭᠡ᠎ᠶ᠋ᠢ ᠪᠤᠳᠠᠳᠠᠢ ᠳ᠋ᠤ ᠨᠠᠢᠳᠠᠪᠤᠷᠢᠵᠢᠭᠤᠯᠵᠤ᠂ ᠵᠣᠬᠢᠶᠠᠨ ᠪᠠᠶ᠋ᠢᠭᠤᠯᠬᠤ ᠠᠵᠢᠯ᠎ᠤᠨ ᠴᠢᠨᠠᠷ ᠰᠠᠶ᠋ᠢᠲᠠᠢ ᠬᠥᠭᠵᠢᠯᠲᠡ᠎ᠶ᠋ᠢ ᠠᠬᠢᠭᠤᠯᠬᠤ ᠬᠡᠷᠡᠭᠲᠡᠢ ᠬᠡᠵᠤ ᠱᠠᠭᠠᠷᠳᠠᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号