ᠬᠤᠸᠠᠩ ᡁᠢ ᠴᠢᠶᠠᠩ ᠶᠠᠷᠢᠶ᠎ᠠ ᠲᠠᠯᠪᠢᠵᠠᠢ
7 ᠰᠠᠷ᠎ᠠ᠎ᠶᠢᠨ 18 ᠤ᠋ ᠡᠳᠦᠷ᠂ ᠪᠦᠭᠦ ᠣᠷᠣᠨ᠎ᠤ ᠮᠥᠩᠭᠥᠨ ᠭᠦᠢᠯᠭᠡᠭᠡᠨ᠎ᠦ ᠰᠢᠰᠲᠧᠮ ᠤᠨ ᠨᠠᠮ᠎ᠤᠨ ᠪᠠᠢᠭᠤᠯᠤᠯᠲᠠ᠎ᠶᠢᠨ ᠠᠵᠢᠯ᠎ᠤᠨ ᠬᠤᠷᠠᠯ ᠬᠤᠷᠠᠯᠳᠤᠪᠠ᠃
ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶ᠎ᠠ᠎ᠶᠢᠨ ᠪᠠᠢᠩᠭᠤ᠎ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ᠎ᠤ ᠪᠠᠢᠩᠭᠤ᠎ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠬᠤᠷᠠᠯ᠎ᠳᠤ ᠣᠷᠣᠯᠴᠠᠭᠰᠠᠨ ᠪᠦᠭᠡᠳ ᠶᠠᠷᠢᠶ᠎ᠠ ᠳᠠᠯᠪᠢᠵᠠᠢ᠃
ᠬᠤᠸᠠᠩ ᡁᠢ ᠴᠢᠶᠠᠩ᠂ ᠪᠦᠭᠦ ᠣᠷᠣᠨ᠎ᠤ ᠮᠥᠩᠭᠥᠨ ᠭᠦᠢᠯᠭᠡᠭᠡᠨ᠎ᠤ ᠰᠢᠰᠲᠧᠮ᠎ᠤᠨ ᠭᠢᠨ ᠰᠢ᠎ᠶᠢᠨ ᠫᠢᠩ ᠤ᠋ᠨ ᠨᠠᠮ᠎ᠤᠨ ᠪᠠᠢᠭᠤᠯᠤᠯᠲᠠ᠎ᠶᠢᠨ ᠦᠵᠡᠯ ᠰᠠᠨᠠᠭ᠎ᠠ ᠪᠣᠯᠣᠨ ᠶᠡᠷᠦᠩᠬᠡᠢ ᠱᠦᠵᠢ ᠰᠢ᠎ᠶᠢᠨ ᠫᠢᠩ᠎ᠤᠨ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭᠳᠠᠭᠰᠠᠨ 105 ᠵᠢᠯ᠎ᠤᠨ ᠤᠢ᠎ᠶᠢ ᠪᠡᠯᠭᠡᠯᠡᠬᠦ ᠶᠡᠬᠡ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ᠎ᠶᠢ ᠣᠳᠣᠬᠠᠨ ᠤ ᠪᠠ ᠬᠣᠢᠰᠢᠳᠠ᠎ᠶᠢᠨ ᠨᠢᠭᠡ ᠬᠤᠭᠤᠴᠠᠭᠠᠨ᠎ᠤ ᠴᠢᠬᠤᠯᠠ ᠤᠯᠤᠰ ᠲᠥᠷᠥ᠎ᠶᠢᠨ ᠡᠭᠦᠷᠭᠡ᠎ᠪᠡᠨ ᠪᠤᠯᠭᠠᠵᠤ᠂ ᠨᠠᠮ᠎ᠤᠨ ᠤᠯᠤᠰ ᠲᠦᠷᠦ᠎ᠶᠢᠨ ᠪᠠᠢᠭᠤᠯᠤᠯᠲᠠ᠎ᠶᠢ ᠦᠷᠭᠦᠯᠵᠢᠯᠡᠨ ᠴᠢᠩᠭᠠᠳᠬᠠᠵᠤ᠂ ᠨᠠᠮ ᠤᠨ ᠰᠢᠨ᠎ᠡ ᠡᠭᠦᠳᠦᠯᠲᠡ ᠵᠢᠨ ᠤᠨᠤᠯ᠎ᠢᠶᠠᠷ ᠵᠡᠪᠰᠡᠭᠯᠡᠬᠦ ᠶᠢ ᠭᠦᠨᠵᠡᠭᠡᠢᠷᠡᠭᠦᠯᠵᠦ᠂ ᠴᠢᠨᠠᠷ ᠰᠠᠢᠲᠠᠢ ᠨᠠᠮ᠎ᠤᠨ ᠪᠠᠢᠭᠤᠯᠤᠯᠲᠠ᠎ᠪᠠᠷ ᠮᠥᠩᠭᠥᠨ ᠭᠦᠢᠯᠭᠡᠭᠡᠨ᠎ᠦ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ ᠬᠡᠷᠡᠭᠲᠡᠢ᠃ ᠦᠨᠳᠦᠰᠦᠨ ᠱᠠᠲᠤᠨ᠎ᠤ ᠰᠠᠭᠤᠷᠢ᠎ᠶᠢ ᠪᠡᠬᠢᠵᠢᠭᠦᠯᠵᠦ᠂ ᠨᠠᠮ᠎ᠤᠨ ᠪᠠᠢᠭᠤᠯᠤᠯᠲᠠ᠎ᠶᠢᠨ ᠰᠢᠰᠲᠧᠮ᠎ᠢ ᠲᠡᠭᠦᠯᠳᠡᠷᠵᠢᠭᠦᠯᠵᠦ᠂ ᠰᠤᠷᠲᠠᠯ᠎ᠢ ᠴᠡᠭᠴᠡᠯᠡᠨ ᠰᠠᠬᠢᠯᠭ᠎ᠠ ᠪᠠᠲᠤ᠎ᠶᠢ ᠴᠢᠩᠳᠠᠯᠠᠵᠤ ᠢᠯᠵᠢᠷᠡᠯ᠎ᠢ ᠡᠰᠡᠷᠭᠦᠴᠡᠬᠦ᠎ᠶᠢ ᠭᠦᠨᠵᠡᠭᠡᠢ ᠠᠬᠢᠭᠤᠯᠵᠤ᠂ ᠨᠠᠮ᠎ᠤᠨ ᠪᠠᠢᠭᠤᠯᠤᠯᠲᠠ᠎ᠶᠢᠨ ᠦᠷ᠎ᠡ ᠪᠦᠲᠦᠮᠵᠢ᠎ᠶᠢ ᠮᠥᠩᠭᠥᠨ ᠭᠦᠢᠯᠭᠡᠭᠡᠨ ᠦ ᠠᠶᠤᠯ ᠲᠦᠭᠰᠢᠭᠦᠷᠢ᠎ᠶᠢ ᠰᠡᠷᠭᠡᠢᠯᠡᠬᠦ᠂ ᠬᠢᠨᠠᠯᠲᠠ ᠬᠠᠮᠢᠶᠠᠷᠤᠯᠲᠠ᠎ᠶᠢ ᠴᠢᠩᠭᠠᠳᠬᠠᠬᠤ᠂ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ ᠠᠵᠢᠯ ᠤᠨ ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠬᠡᠷᠡᠭᠲᠡᠢ᠃ ᠮᠥᠩᠭᠥᠨ ᠭᠦᠢᠯᠭᠡᠭᠡᠨ᠎ᠦ ᠪᠠᠢᠭᠤᠯᠤᠮᠵᠢ᠎ᠶᠢᠨ ᠵᠠᠰᠠᠬ ᠤᠨ ᠠᠵᠢᠯ᠎ᠤᠨ ᠪᠦᠲᠦᠮᠵᠢ ᠵᠢᠨ ᠳᠤᠬᠠᠢ ᠵᠦᠪ ᠦᠵᠡᠯᠲᠡ᠎ᠶᠢ ᠪᠠᠲᠤ ᠪᠤᠢ ᠪᠤᠯᠭᠠᠨ ᠦᠢᠯᠡᠳᠦᠯᠭᠡᠵᠢᠭᠦᠯᠬᠦ ᠵᠢ ᠠᠬᠢᠭᠤᠯᠵᠤ᠂ ᠢᠮᠠᠭᠲᠠ ᠠᠮᠤᠷ ᠲᠦᠪᠰᠢᠨ ᠯᠠᠪᠳᠠᠭᠤᠨ ᠲᠣᠭᠲᠠᠭᠤᠨ᠎ᠢᠶᠠᠷ ᠡᠵᠡᠩᠨᠡᠯᠲᠠ᠎ᠶᠢ ᠪᠠᠲᠤᠯᠠᠵᠤ᠂ ᠭᠣᠣᠯ ᠬᠠᠷᠢᠭᠤᠴᠠᠯᠭ᠎ᠠ ᠭᠣᠣᠯ ᠲᠤᠬᠠᠢᠯᠠᠭᠰᠠᠨ ᠠᠵᠢᠯ ᠳᠤ ᠠᠩᠬᠠᠷᠤᠯ ᠢᠶᠠᠨ ᠲᠥᠪᠯᠡᠷᠡᠭᠦᠯᠦᠨ ᠪᠣᠳᠠᠲᠤ ᠴᠣᠭᠴᠠ᠎ᠶᠢᠨ ᠠᠵᠤ ᠠᠬᠤᠢ᠎ᠶᠢ ᠳᠡᠮᠵᠢᠵᠦ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ《1571》 ᠠᠵᠢᠯ᠎ᠤᠨ ᠪᠠᠢᠷᠢᠯᠠᠭᠤᠯᠤᠯᠲᠠ᠎ᠶᠢ ᠨᠠᠢᠳᠠᠪᠤᠷᠢᠵᠢᠭᠤᠯᠬᠤ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠰᠠᠢᠨ ᠡᠭᠢᠯᠡᠯᠲᠡ᠎ᠶᠢ ᠪᠡᠶᠡᠯᠡᠭᠦᠯᠬᠦ᠎ᠳᠦ ᠮᠥᠩᠭᠥᠨ ᠭᠦᠢᠯᠭᠡᠭᠡᠨ ᠦ ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ