7 ᠰᠠᠷ᠎ᠠ ᠶ᠋ᠢᠨ 17 ᠡᠴᠡ19 ᠤ᠋ ᠡᠳᠦᠷ ᠪᠤᠯᠲᠠᠯ᠎ᠠ᠂ ᠦᠪᠦᠷ ᠮᠤᠡᠭᠭᠤᠯ ᠤ᠋ᠨ ᠬᠤᠶᠠᠳᠤᠭᠠᠷ ᠬᠤᠭᠤᠴᠠᠭᠠᠨ ᠤ᠋ ᠪᠢᠰᠢᠯᠠᠭ ᠤ᠋ᠨ ᠠᠵᠤ ᠦᠢᠯᠡᠰ ᠤ᠋ᠨ ᠲᠦᠷᠦᠯ ᠲᠡᠮᠲᠡᠭ ᠤ᠋ᠨ ᠲᠠᠨᠢᠯᠴᠠᠭᠤᠯᠭ᠎ᠠ ᠶ᠋ᠢᠨ ᠬᠤᠷᠠᠯ ᠬᠦᠬᠡᠬᠤᠲᠠᠳ᠋ᠤ ᠶᠠᠪᠤᠭᠳᠠᠪᠠ᠃
ᠲᠤᠰ ᠤᠳᠠᠭᠠᠵᠢᠨ ᠠᠵᠢᠯᠯᠠᠭ᠎ᠠ ᠨᠢ 《ᠦᠪᠦᠷ ᠮᠤᠡᠭᠭᠤᠯ ᠤ᠋ᠨ ᠪᠢᠰᠢᠯᠠᠭ ᠰᠠᠢᠨ᠂ ᠰᠠᠢᠨ ᠪᠢᠰᠢᠯᠠᠭ ᠦᠪᠦᠷ ᠮᠤᠡᠭᠭᠤᠯ ᠳ᠋ᠦ ᠪᠤᠢ 》 ᠭᠡᠬᠦ ᠭᠤᠤᠯ ᠰᠡᠳᠦᠪᠤᠨ ᠲᠤᠭᠤᠷᠢᠨᠳᠤ ᠶᠠᠪᠤᠭᠳᠠᠵᠤ᠂ ᠠᠵᠢᠯᠯᠠᠭᠠᠳᠤ ᠤᠷᠤᠯᠴᠠᠭᠰᠠᠨ ᠲᠦᠯᠦᠭᠡᠯᠡᠭᠴᠢᠳ ᠮᠠᠨᠤ ᠤᠷᠤᠨᠤ ᠰᠦᠵᠢᠨ ᠠᠵᠤ ᠦᠢᠯᠡᠰᠤᠨ ᠡᠬᠢ ᠪᠠᠶᠠᠯᠢᠭ ᠬᠢᠭᠡᠳ ᠵᠠᠬ᠎ᠠ ᠲᠡᠯᠭᠡᠬᠦᠷᠤᠨ ᠤᠳᠤᠬᠢ ᠪᠠᠢᠳᠠᠯᠤᠨ ᠲᠤᠬᠠᠢ ᠬᠦᠨᠵᠡᠭᠡᠢ ᠰᠤᠳᠤᠯᠤᠨ ᠶᠠᠷᠢᠯᠴᠠᠵᠤ᠂ ᠪᠢᠰᠢᠯᠠᠭᠤᠨ ᠠᠵᠤ ᠦᠢᠯᠡᠰᠤᠨ ᠬᠦᠭᠵᠢᠯᠳᠠ ᠵᠢᠨ ᠵᠠᠮᠢ ᠬᠠᠢᠨ ᠰᠦᠪᠡᠭᠴᠢᠯᠡᠵᠤ᠂ ᠲᠠᠰ ᠲᠠᠪᠰᠢᠬᠦᠯᠬᠦ ᠬᠠᠮᠳᠤᠵᠢᠨ ᠲᠠᠨᠢᠯᠳᠠ ᠪᠠᠨ ᠨᠢᠬᠳᠠᠷᠠᠭᠤᠯᠪᠠ᠃
ᠠᠵᠢᠯᠯᠠᠭ᠎ᠠ ᠶ᠋ᠢᠨ ᠬᠤᠭᠤᠴᠠᠭᠠᠨ ᠳ᠋ᠦ ᠴᠡᠯᠡᠭᠡᠷ ᠲᠠᠯ᠎ᠠ ᠶ᠋ᠢᠨ ᠬᠦᠭᠡᠲᠡᠯᠡ ᠨᠠᠷᠠᠨ ᠠᠭᠤᠳᠠᠮ ᠲᠠᠯᠠᠪᠠᠢ ᠳ᠋ᠦ ᠪᠢᠰᠢᠯᠠᠭ ᠤ᠋ᠨ ᠭᠤᠤᠯ ᠰᠡᠳᠦᠪᠲᠦ ᠵᠠᠬ᠎ᠠ ᠳᠡᠯᠭᠡᠭᠦᠷ ᠢ᠋ ᠨᠡᠬᠡᠭᠡᠵᠦ᠂ ᠪᠥᠬᠥ᠌ ᠣᠷᠣᠨ ᠤ᠋ ᠣᠨᠴᠠᠯᠢᠭᠲᠤ᠌ ᠴᠠᠭᠠᠨ ᠢᠳᠡᠭᠡᠨᠢ ᠳᠡᠯᠭᠡᠨ ᠪᠣᠷᠣᠯᠠᠭᠤᠯᠬᠤ᠂ ᠤᠯᠠᠮᠵᠢᠯᠠᠯᠲᠤ ᠪᠢᠰᠢᠯᠠᠭ ᠬᠢᠬᠦ᠌ ᠤᠷ᠎ᠠ ᠮᠡᠷᠭᠡᠵᠢᠯ ᠤ᠋ᠨ ᠦᠵᠡᠭᠦᠯᠭᠡ᠂ ᠪᠢᠰᠢᠯᠠᠭ ᠠᠮᠲᠠᠯᠠᠭᠤᠯᠬᠤ ᠵᠡᠷᠭᠡ ᠠᠵᠢᠯᠯᠠᠭ᠎ᠠ ᠶᠠᠪᠤᠭᠳᠠᠭᠤᠯᠤᠨ᠂ ᠬᠦᠷᠦᠯᠴᠡᠨ ᠢᠷᠡᠭᠰᠡᠳ ᠲᠦ᠍ ᠲᠠᠯ᠎ᠠ ᠨᠤᠲᠤᠭ ᠤ᠋ᠨ ᠤᠯᠠᠮᠵᠢᠯᠠᠯᠲᠤ ᠴᠠᠭᠠᠨ ᠢᠳᠡᠭᠡᠨ ᠤ᠋ ᠦᠨᠦᠷ ᠠᠮᠲᠠ ᠬᠢᠭᠡᠳ ᠰᠢᠨ᠎ᠡ ᠵᠢ ᠡᠭᠦᠳᠬᠦ᠌ ᠠᠮᠢᠵᠢᠷᠠᠯ ᠤ᠋ᠨ ᠬᠦᠴᠦᠨ ᠢ᠋ ᠮᠡᠳᠡᠷᠡᠭᠦᠯᠪᠡ᠃ ᠢᠯᠢ᠂ ᠮᠧᠩ ᠨᠢᠤ ᠵᠡᠷᠭᠡ ᠴᠠᠭᠠᠨ ᠢᠳᠡᠭᠡᠨ ᠤ᠋ ᠲᠤᠮᠤ ᠳᠠᠭᠠᠭᠤᠯᠤᠭᠴᠢ ᠠᠵᠤ ᠠᠬᠤᠶ᠋ᠢᠯᠠᠯ ᠪᠢᠰᠢᠯᠠᠭ ᠤ᠋ᠨ ᠰᠢᠨ᠎ᠡ ᠪᠦᠲᠦᠭᠡᠭᠳᠡᠬᠦᠨ ᠢ᠋ ᠳᠡᠯᠭᠡᠨ ᠦᠵᠡᠭᠦᠯᠵᠦ᠂ ᠤᠯᠠᠮᠵᠢᠯᠠᠯᠲᠤ᠌ ᠴᠠᠭᠠᠨ ᠢᠳᠡᠭᠡᠨ ᠬᠢᠭᠡᠳ ᠤᠷᠤᠰᠬᠠᠯᠲᠤ᠌ ᠬᠡᠷᠡᠭᠯᠡᠭᠡ ᠶ᠋ᠢᠨ ᠬᠤᠤᠰ ᠴᠢᠭᠯᠡᠯᠢᠶᠡᠷ ᠠᠭᠤᠰᠤᠯᠴᠠᠬᠤ ᠵᠢ ᠪᠡᠶᠡᠯᠡᠭᠦᠯᠪᠡ᠃ ᠠᠵᠢᠯᠯᠠᠭ᠎ᠠ ᠶ᠋ᠢᠨ ᠬᠤᠭᠤᠴᠠᠭᠠᠨ ᠳ᠋ᠦ ᠪᠠᠰᠠ ᠦᠪᠦᠷ ᠮᠤᠡᠭᠭᠤᠯ ᠤ᠋ᠨ ᠪᠢᠰᠢᠯᠠᠭ ᠤ᠋ᠨ ᠠᠵᠤ ᠦᠢᠯᠡᠰ ᠤ᠋ᠨ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠬᠤᠷᠠᠯ ᠢ᠋ ᠶᠠᠪᠤᠭᠳᠠᠭᠤᠯᠵᠤ᠂ ᠤᠯᠤᠰ ᠤ᠋ᠨ ᠲᠤᠳᠤᠭᠠᠳᠤ ᠶ᠋ᠢᠨ ᠪᠢᠰᠢᠯᠠᠭ ᠤ᠋ᠨ ᠠᠵᠤ ᠦᠢᠯᠡᠰ ᠤ᠋ᠨ ᠤᠳᠤᠬᠢ ᠬᠦᠭᠵᠢᠯᠲᠡ ᠶ᠋ᠢᠨ ᠪᠠᠢᠳᠠᠯ ᠪᠠ ᠢᠷᠡᠭᠡᠳᠦᠢ ᠶ᠋ᠢᠨ ᠬᠦᠭᠵᠢᠯᠲᠡ ᠶ᠋ᠢᠨ ᠴᠢᠭᠯᠡᠯ ᠳ᠋ᠦ ᠬᠦᠨᠵᠡᠭᠡᠢ ᠵᠠᠳᠠᠯᠤᠯᠲᠠ ᠬᠢᠪᠡ᠃
ᠲᠤᠰ ᠤᠳᠠᠭᠠᠨ ᠤ᠋ ᠲᠠᠨᠢᠯᠴᠠᠭᠤᠯᠭ᠎ᠠ ᠶ᠋ᠢᠨ ᠬᠤᠷᠠᠯ ᠨᠢ ᠲᠦᠷᠦ ᠪᠤᠳᠤᠯᠭ᠎ᠠ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤ᠋ᠨ ᠰᠤᠳᠤᠯᠭᠠᠨ᠂ ᠵᠠᠬ᠎ᠠ ᠳᠡᠯᠭᠡᠭᠦᠷ ᠤ᠋ᠨ ᠪᠦᠬᠦ ᠬᠡᠯᠬᠢᠶᠡᠨ ᠤ᠋ ᠡᠬᠢ ᠪᠠᠶᠠᠯᠢᠭ ᠢ᠋ ᠨᠢᠭᠡᠲᠦᠯᠲᠡᠢ ᠲᠦᠯᠦᠪᠵᠢᠭᠦᠯᠵᠤ᠂ ᠠᠵᠢᠯ ᠲᠦᠷᠦᠯ ᠤ᠋ᠨ ᠮᠡᠳᠡᠭᠡ ᠵᠠᠡᠭᠬᠢ ᠶ᠋ᠢᠨ ᠪᠡᠬᠢᠯᠡᠯᠲᠡ ᠵᠢ ᠪᠦᠲᠦᠮᠵᠢᠲᠡᠢ ᠨᠡᠪᠲᠡᠷᠡᠭᠦᠯᠦᠨ᠂ ᠤᠷᠤᠨ ᠨᠤᠲᠤᠭ ᠤ᠋ᠨ ᠤᠯᠠᠮᠵᠢᠯᠠᠯᠲᠤ ᠴᠠᠭᠠᠨ ᠢᠳᠡᠭᠡᠨ ᠤ᠋ ᠪᠠᠷᠢᠮᠵᠢᠶᠠᠵᠢᠭᠤᠯᠤᠯᠲᠠ ᠪᠠ ᠤᠳᠤᠬᠢᠴᠢᠯᠠᠯᠲᠠ ᠵᠢ ᠲᠦᠷᠭᠡᠳᠬᠡᠨ ᠠᠬᠢᠭᠤᠯᠵᠤ᠂ ᠦᠪᠦᠷ ᠮᠤᠡᠭᠭᠤᠯ ᠤ᠋ᠨ ᠲᠠᠯ᠎ᠠ ᠨᠤᠲᠤᠭ ᠤ᠋ᠨ ᠴᠢᠨᠠᠷ ᠰᠠᠢᠲᠠᠢ ᠪᠢᠰᠢᠯᠠᠭ ᠤ᠋ᠨ ᠪᠦᠬᠦ ᠤᠯᠤᠰ ᠤ᠋ᠨ ᠲᠤᠮᠤ ᠵᠠᠬ᠎ᠠ ᠳᠡᠯᠭᠡᠭᠦᠷ ᠲᠦ᠍ ᠴᠡᠷᠢᠭᠯᠡᠬᠦ ᠳ᠋ᠦ ᠬᠦᠴᠦᠨ ᠨᠡᠮᠡᠷᠢᠯᠡᠪᠡ᠃ ᠲᠠᠷᠠᠭᠠᠴᠢ ᠪᠡᠷ᠂ ᠮᠠᠨ ᠤ᠋ ᠤᠷᠤᠨ ᠰᠦ᠋ ᠶ᠋ᠢᠨ ᠦᠢᠯᠡᠰ ᠤ᠋ᠨ ᠪᠥᠬᠥ᠌ ᠠᠵᠤ ᠦᠢᠯᠡᠰ ᠤ᠋ᠨ ᠬᠡᠯᠬᠢᠶ᠎ᠡ ᠶ᠋ᠢᠨ ᠪᠠᠶ᠋ᠢᠭᠤᠯᠤᠯᠲᠠ ᠵᠢ ᠦᠷᠭᠦᠯᠵᠢᠯᠡᠨ ᠭᠦᠨᠵᠡᠭᠡᠶ᠋ᠢᠷᠡᠭᠦᠯᠵᠦ᠍᠂ ᠤᠯᠠᠮᠵᠢᠯᠠᠯᠲᠤ᠌ ᠤᠷ᠎ᠠ ᠮᠡᠷᠭᠡᠵᠢᠯᠢ ᠤᠯᠠᠮᠵᠢᠯᠠᠨ ᠵᠠᠯᠭᠠᠮᠵᠢᠯᠠᠬᠤ ᠪᠠ ᠣᠲᠣ ᠦᠶ᠎ᠡ ᠶ᠋ᠢᠨ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ ᠤ᠋ᠨ ᠰᠢᠨ᠎ᠡ ᠵᠢ ᠡᠭᠦᠳᠬᠦ᠌ ᠵᠢ ᠨᠢᠭᠡᠳᠦᠯᠲᠡᠶ ᠲᠦᠯᠦᠪᠵᠢᠭᠦᠯᠦᠨ᠂ ᠪᠢᠰᠢᠯᠠᠭ ᠤ᠋ᠨ ᠠᠵᠤ ᠦᠢᠯᠡᠰ ᠤ᠋ᠨ ᠬᠦᠭᠵᠢᠯᠲᠡ ᠶ᠋ᠢᠨ ᠪᠠᠭᠤᠷᠠᠢ ᠭᠤᠭᠴᠤᠭ᠎ᠠ ᠵᠢ ᠨᠦᠬᠦᠪᠦᠷᠢᠯᠡᠵᠦ᠂ ᠪᠢᠰᠢᠯᠠᠭ ᠤ᠋ᠨ ᠪᠦᠲᠦᠭᠡᠭᠳᠡᠬᠦᠨ ᠤ᠋ ᠵᠠᠬ᠎ᠠ ᠳᠡᠯᠭᠡᠭᠦᠷ ᠤ᠋ᠨ ᠥᠷᠢᠰᠥᠯᠳᠦᠬᠦ᠌ ᠬᠦᠴᠦᠨᠢ ᠲᠠᠰᠤᠷᠠᠯᠲᠠ ᠥᠬᠡᠶ ᠴᠢᠡᠭᠭᠠᠷᠠᠭᠤᠯᠤᠨ᠂ ᠲᠠᠯ᠎ᠠ ᠨᠤᠲᠤᠭ ᠤ᠋ᠨ ᠴᠠᠭᠠᠨ ᠢᠳᠡᠭᠡᠨ ᠤ᠋ ᠦᠨᠦᠷ ᠠᠮᠲᠠ ᠵᠢ ᠨᠠᠩ ᠥᠷᠭᠡᠨ ᠠᠭᠤᠳᠠᠮ ᠵᠠᠬ᠎ᠠ ᠳᠡᠯᠭᠡᠭᠦᠷ ᠲᠦ᠍ ᠬᠠᠡᠭᠬᠤᠯᠤᠭᠤᠯᠤᠨ᠂ ᠰᠦ᠋ ᠶ᠋ᠢᠨ ᠦᠢᠯᠡᠰ ᠤ᠋ᠨ ᠴᠢᠨᠠᠷ ᠰᠠᠶ᠋ᠢᠲᠠᠶ ᠬᠥᠭᠵᠢᠯᠲᠡ ᠶ᠋ᠢᠨ ᠰᠢᠨ᠎ᠡ ᠬᠠᠭᠤᠳᠠᠰᠤ ᠵᠢ ᠪᠢᠴᠢᠭᠯᠡᠬᠦ ᠪᠤᠯᠤᠨ᠎ᠠ᠃