ᠦᠪᠦᠷ ᠮᠤᠡᠭᠭᠤᠯ ᠤ᠋ᠨ ᠦᠪᠡᠷᠲᠡᠭᠡᠨ ᠵᠠᠰᠠᠬᠤ ᠤᠷᠤᠨ ᠤ᠋ ᠵᠠᠮ ᠬᠠᠷᠢᠯᠴᠠᠭ᠎ᠠ ᠲᠡᠭᠡᠭᠡᠪᠦᠷᠢ ᠢ᠋ᠢᠨ ᠲᠢᠡᠭᠬᠢᠮ ᠣᠶ᠋ᠢᠷ᠎ᠠ ᠳ᠋ᠤ ᠲᠤᠰᠬᠠᠢ ᠬᠡᠷᠡᠭᠵᠢᠭᠦᠯᠬᠦ᠌ ᠲᠥᠰᠦᠯ ᠢ᠋ ᠳᠠᠷᠤᠮᠠᠯᠯᠠᠨ ᠲᠠᠷᠬᠠᠭᠠᠵᠤ᠂ ᠬᠥᠬᠡᠬᠣᠲᠠ ᠪᠠᠷ ᠭᠤᠤᠯ ᠪᠣᠯᠭᠠᠭᠰᠠᠨ᠂ ᠪᠤᠭᠤᠲᠤ᠌᠂ ᠣᠷᠳᠣᠰ᠂ ᠤᠯᠠᠭᠠᠨᠴᠠᠪ ᠤ᠋ᠨ ᠣᠯᠠᠨ ᠲᠥᠪ ᠵᠢᠴᠢ ᠱᠧᠩ ᠯᠧ ᠨᠢᠰᠬᠡᠯ ᠤ᠋ᠨ ᠪᠠᠭᠤᠳᠠᠯ ᠵᠡᠷᠭᠡ ᠬᠦᠢᠰᠤ ᠲᠠᠯᠠᠪᠤᠷ ᠥᠷᠲᠡᠭᠡ ᠢ᠋ᠢ ᠬᠠᠮᠤᠷᠤᠭᠰᠠᠨ ᠣᠯᠠᠨ ᠳᠡᠰ ᠳᠠᠪᠬᠤᠷᠭ᠎ᠠ ᠢ᠋ᠢᠨ ᠨᠢᠭᠡ ᠴᠣᠭᠴᠠᠵᠢᠭᠰᠠᠨ ᠶᠡᠷᠦᠩᠬᠡᠶ᠋ᠢᠯᠡᠭᠰᠡᠨ ᠵᠠᠮ ᠬᠠᠷᠢᠯᠴᠠᠭᠠᠨ ᠤ᠋ ᠬᠦᠢᠰᠤ ᠢ᠋ᠢᠨ ᠪᠦᠯᠦᠭᠵᠢᠯ ᠤ᠋ᠨ ᠪᠦᠳᠦᠬᠡᠨ ᠪᠠᠢᠭᠤᠯᠤᠯᠲᠠ ᠢ᠋ᠢ ᠠᠬᠢᠭᠤᠯᠬᠤ ᠪᠡᠷ ᠳᠤᠭᠳᠠᠪᠠ᠃
ᠬᠡᠷᠡᠭᠵᠢᠬᠦᠯᠬᠦ ᠲᠥᠰᠦᠯ ᠳ᠋ᠤ᠂ 2030 ᠣᠨ ᠪᠤᠯᠲᠠᠯ᠎ᠠ ᠬᠥᠬᠡᠬᠣᠲᠠ ᠪᠤᠭᠤᠲᠤ᠌ ᠣᠷᠳᠣᠰ ᠤᠯᠠᠭᠠᠨᠴᠠᠪ ᠤ᠋ᠨ ᠶᠡᠷᠦᠩᠬᠡᠶ᠋ᠢᠯᠡᠭᠰᠡᠨ ᠵᠠᠮ ᠬᠠᠷᠢᠯᠴᠠᠭᠠᠨ ᠤ᠋ ᠬᠦᠢᠰᠤ ᠢ᠋ᠢᠨ ᠪᠦᠯᠦᠭᠵᠢᠯ ᠢ᠋ ᠦᠨᠳᠦᠰᠦᠨ ᠳ᠋ᠡᠭᠡᠨ ᠪᠠᠶ᠋ᠢᠭᠤᠯᠵᠤ ᠳᠠᠭᠤᠰᠬᠠᠨ᠂ 1 ᠴᠠᠭ ᠤ᠋ᠨ ᠲᠡᠮᠦᠷ ᠵᠠᠮ᠂ 2 ᠴᠠᠭ ᠤ᠋ᠨ ᠵᠠᠰᠠᠮᠠᠯ ᠵᠠᠮ ᠤ᠋ᠨ ᠳᠥᠭᠥᠮ ᠳᠥᠲᠡ ᠵᠠᠮ ᠬᠠᠷᠢᠯᠴᠠᠭᠠᠨ ᠤ᠋ ᠲᠣᠣᠷ ᠢ᠋ ᠦᠨᠳᠦᠰᠦᠨ ᠳ᠋ᠡᠭᠡᠨ ᠪᠦᠷᠢᠯᠳᠦᠭᠦᠯᠵᠤ᠂ ᠪᠡᠭᠡᠵᠢᠩ ᠲᠢᠶᠠᠨᠵᠢᠨ ᠾᠸᠪᠸᠢ᠂ ᠬᠥᠬᠡᠮᠥ᠋ᠷᠡᠨ ᠤ᠋ ᠭᠤᠷᠪᠠᠯᠵᠢᠨ ᠬᠣᠶ᠋ᠢᠭ᠂ ᠭᠤᠸᠠᠩᠳᠦ᠋ᠩ ᠰᠢᠶᠠᠩᠭᠠᠩ ᠣᠣᠮᠧᠨ᠂ ᠪᠠᠷᠠᠭᠤᠨ ᠬᠣᠶ᠋ᠢᠲᠤ ᠢ᠋ᠢᠨ ᠡᠯ᠎ᠡ ᠮᠤᠵᠢ ᠵᠢᠴᠢ ᠤᠷᠤᠰ ᠮᠣᠩᠭᠣᠯ ᠧᠦ᠋ᠷᠣᠫᠠ ᠢ᠋ᠢ ᠬᠣᠯᠪᠣᠭᠰᠠᠨ ᠪᠣᠰᠣᠭ᠎ᠠ ᠴᠣᠭᠴᠠᠲᠤ᠌ ᠲᠡᠭᠡᠭᠡᠪᠦᠷᠢ ᠢ᠋ᠢᠨ ᠵᠠᠮ ᠢ᠋ ᠪᠠᠶ᠋ᠢᠭᠤᠯᠤᠨᠠ ᠭᠡᠵᠤ ᠲᠤᠷᠠᠳᠴᠠᠢ᠃
ᠬᠡᠷᠡᠭᠵᠢᠬᠦᠯᠬᠦ ᠲᠥᠰᠦᠯ ᠳ᠋ᠤ ᠬᠡᠳᠤᠨ ᠲᠠᠯ᠎ᠠ ᠢ᠋ᠢᠨ ᠭᠤᠤᠯᠳᠠᠯᠭ᠎ᠠ ᠲᠠᠶ ᠡᠭᠦᠷᠭᠡ ᠢ᠋ᠢ ᠲᠣᠳᠣᠷᠬᠠᠶ᠋ᠢᠯᠠᠪᠠ᠃ ᠬᠥᠬᠡᠬᠣᠲᠠ ᠢ᠋ᠢᠨ ᠶᠡᠷᠦᠩᠬᠡᠶ᠋ᠢᠯᠡᠭᠰᠡᠨ ᠵᠠᠮ ᠬᠠᠷᠢᠯᠴᠠᠭᠠᠨ ᠤ᠋ ᠬᠦᠢᠰᠤ ᠢ᠋ᠢᠨ ᠴᠢᠳᠠᠪᠤᠷᠢ ᠢ᠋ᠢᠨ ᠲᠠᠰ ᠢ᠋ ᠳᠡᠭᠡᠭᠰᠢᠯᠡᠭᠦᠯᠵᠦ᠍ ᠂ ᠪᠤᠭᠤᠲᠤ᠌ — ᠣᠷᠳᠣᠰ — ᠲᠡᠮᠡᠭᠡᠲᠦᠬᠦᠷᠬᠦ ᠲᠦᠷᠭᠡᠨ ᠤ᠋ ᠲᠡᠮᠦᠷ ᠵᠠᠮ ᠤ᠋ᠨ ᠪᠥᠲᠥᠭᠡᠨ ᠪᠠᠶ᠋ᠢᠭᠤᠯᠤᠯᠲᠠ ᠢ᠋ᠢ ᠡᠬᠢᠯᠡᠭᠦᠯᠤᠨ᠂ ᠬᠥᠬᠡᠬᠣᠲᠠ — ᠪᠤᠭᠤᠲᠤᠬᠦᠷᠬᠦ ᠲᠦᠷᠭᠡᠨ ᠤ᠋ ᠲᠡᠮᠦᠷ ᠵᠠᠮ ᠤ᠋ᠨ ᠬᠤᠷᠳᠤᠴᠠ ᠢ᠋ᠢ ᠲᠦᠷᠭᠡᠳᠬᠡᠬᠦ᠌ ᠲᠥᠰᠦᠯ ᠢ᠋ ᠲᠣᠳᠣᠷᠬᠠᠶ᠋ᠢᠯᠠᠬᠤ ᠢ᠋ᠢᠨ ᠬᠠᠮᠲᠤ᠌ ᠡᠬᠢᠯᠡᠨ ᠬᠡᠷᠡᠭᠵᠢᠭᠦᠯᠵᠦ᠍ ᠂ ᠵᠠᠰᠠᠮᠠᠯ ᠵᠠᠮ ᠲᠡᠮᠦᠷ ᠵᠠᠮ ᠠᠭᠠᠷ ᠤ᠋ᠨ ᠲᠡᠭᠡᠭᠡᠪᠦᠷᠢ ᠢ᠋ᠢᠨ ᠬᠠᠮᠲᠤᠷᠠᠭᠰᠠᠨ ᠲᠡᠭᠡᠭᠡᠪᠦᠷᠢ ᠢ᠋ᠢ ᠢᠵᠢ ᠪᠥᠷᠢᠳᠦᠭᠦᠯᠬᠦ᠌ᠠᠵᠢᠯ ᠢ᠋ ᠠᠬᠢᠭᠤᠯᠤᠨ᠂ ᠬᠥᠬᠡᠬᠣᠲᠠ ᠢ᠋ᠢᠨ 《大》 ᠦᠰᠦᠭᠦᠨ ᠬᠡᠯᠪᠡᠷᠢᠲᠤ ᠶᠡᠷᠦᠩᠬᠡᠶ᠋ᠢᠯᠡᠭᠰᠡᠨ ᠵᠠᠮ ᠬᠠᠷᠢᠯᠴᠠᠭᠠᠨ ᠤ᠋ ᠠᠷᠤᠭ ᠶᠠᠰᠤ ᠢ᠋ᠢ ᠪᠣᠶ ᠪᠣᠯᠭᠠᠨ᠎ᠠ; ᠬᠦᠢᠰᠦ ᠪᠦᠯᠦᠭᠵᠢᠯ ᠤ᠋ᠨ ᠬᠠᠮᠵᠢᠯᠴᠠᠨ ᠬᠥᠳᠡᠯᠦᠯᠴᠡᠬᠦ᠌ ᠢ᠋ᠢ ᠴᠢᠩᠭᠠᠳᠬᠠᠨ᠂ ᠬᠥᠬᠡᠬᠣᠲᠠ ᠢ᠋ᠢᠨ ᠠᠶᠠᠨᠴᠢᠳ ᠤ᠋ᠨ ᠵᠦᠭᠡᠭᠡᠪᠦᠷᠢ᠂ ᠥᠨᠳᠥᠷ ᠨᠡᠮᠡᠯᠲᠡ ᠦᠷᠳᠡᠭᠪᠦᠬᠦᠢ ᠡᠳ᠋ ᠪᠠᠷᠠᠭᠠᠨ ᠤ᠋ ᠭᠦᠢᠯᠭᠡᠭᠡ ᠵᠢᠴᠢ ᠰᠢᠦᠳᠠᠨ ᠤ᠋ ᠲᠦᠷᠭᠡᠨ ᠬᠦᠷᠭᠡᠯᠲᠡ ᠢ᠋ᠢᠨ ᠭᠣᠣᠯ ᠬᠦᠢᠰᠦ ᠢ᠋ᠢ ᠪᠠᠶ᠋ᠢᠭᠤᠯᠵᠤ᠂ ᠪᠤᠭᠤᠲᠤ᠌᠂ ᠤᠷᠳᠤᠰ ᠤ᠋ᠨ ᠶᠡᠬᠡ ᠬᠡᠮᠵᠢᠶᠡᠨ ᠤ᠋ ᠡᠳ᠋ ᠪᠠᠷᠠᠭᠠᠨ ᠤ᠋ ᠲᠡᠭᠡᠭᠡᠪᠦᠷᠢ ᠢ᠋ᠢᠨ ᠬᠦᠢᠰᠦ ᠪᠣᠯᠤᠨ ᠤᠯᠠᠭᠠᠨᠴᠠᠪ ᠤ᠋ᠨ ᠡᠬᠡ ᠬᠠᠭᠤᠷᠠᠢ ᠢ᠋ᠢᠨ ᠭᠠᠷᠠᠮ ᠤ᠋ᠨ ᠬᠦᠢᠰᠦ ᠢ᠋ᠢᠨ ᠴᠢᠳᠠᠮᠵᠢ ᠢ᠋ᠢᠨ ᠳᠤᠲᠠᠭᠤᠳᠠᠯ ᠢ᠋ ᠨᠥᠬᠥᠪᠥᠷᠢᠯᠡᠵᠦ᠍᠂ 4 ᠬᠤᠳᠠ ᠢ᠋ᠢᠨ ᠬᠦᠢᠰᠦ ᠢ᠋ᠢᠨ ᠰᠣᠯᠪᠢᠴᠠᠨ ᠬᠥᠭᠵᠢᠬᠦ᠌ ᠢ᠋ᠢ ᠪᠡᠶᠡᠯᠡᠭᠦᠯᠦᠨ᠎ᠡ; 《ᠨᠢᠭᠡ ᠬᠠᠭᠤᠳᠠᠰᠤ ᠢ᠋ᠢᠨ ᠲᠦᠷᠢᠮ》 ᠤ᠋ᠨ ᠣᠯᠠᠨ ᠬᠡᠯᠪᠡᠷᠢ ᠢ᠋ᠢᠨ ᠬᠠᠮᠲᠤᠷᠠᠭᠰᠠᠨ ᠲᠡᠭᠡᠭᠡᠪᠦᠷᠢ ᠢ᠋ᠢ ᠳᠡᠯᠭᠡᠷᠡᠭᠦᠯᠵᠦ᠍᠂ ᠨᠢᠭᠡᠳᠦᠯᠲᠡᠶ ᠲᠣᠬᠢᠷᠠᠭᠤᠯᠬᠤ ᠲᠠᠪᠴᠠᠩ ᠢ᠋ ᠪᠠᠶ᠋ᠢᠭᠤᠯᠵᠤ᠂ ᠡᠳ᠋ ᠪᠠᠷᠠᠭᠠᠨ ᠤ᠋ ᠭᠦᠢᠯᠭᠡᠭᠡ ᠵᠢᠨ ᠥᠪᠡᠷ ᠤ᠋ᠨ ᠥᠷᠲᠡᠭ ᠢ᠋ ᠪᠠᠭᠤᠷᠠᠭᠤᠯᠤᠨ᠎ᠠ; ᠭᠠᠳᠠᠭᠰᠢ ᠲᠡᠭᠡᠭᠡᠪᠦᠷᠢᠯᠡᠬᠦ᠌ ᠵᠠᠮ ᠱᠤᠭᠤᠮ ᠢ᠋ ᠰᠢᠯᠤᠭᠤᠳᠬᠠᠨ᠂ ᠭᠠᠭᠴᠠᠮᠤᠳᠤ ᠪᠠ ᠮᠠᠨᠳᠤᠯ ᠬᠢᠯᠢ ᠵᠢᠨ ᠪᠣᠭᠣᠮᠲᠠ ᠢ᠋ᠢᠨ ᠬᠢᠯᠢ ᠠᠯᠤᠰᠯᠠᠭᠰᠠᠨ ᠲᠡᠮᠦᠷ ᠵᠠᠮ ᠪᠣᠯᠤᠨ ᠵᠢᠨᠢᠩ — ᠡᠷᠢᠶᠡᠨ ᠬᠦᠷᠬᠦ᠌ ᠲᠡᠮᠦᠷ ᠵᠠᠮ ᠤ᠋ᠨ ᠴᠢᠳᠠᠮᠵᠢ ᠢ᠋ᠢ ᠥᠷᠭᠡᠳᠬᠡᠬᠦ᠌ ᠢ᠋ᠢ ᠠᠬᠢᠭᠤᠯᠵᠤ᠂ G210 ᠪᠤᠭᠤᠲᠤ ᠢ᠋ᠢᠨ ᠬᠡᠰᠡᠭ ᠢ᠋ ᠲᠡᠰ ᠳᠡᠪᠰᠢᠭᠦᠯᠬᠦ᠌ ᠢ᠋ᠢ ᠲᠦᠷᠭᠡᠳᠬᠡᠨ᠂ ᠵᠢᠨᠢᠩ — ᠲᠦᠩᠯᠢᠶᠣᠤ ᠬᠦᠷᠬᠦ᠌ ᠬᠦᠳᠡᠯᠭᠡᠬᠦ ᠬᠦᠴᠦᠨᠲᠤ ᠭᠠᠯᠲᠤ ᠲᠡᠷᠭᠡ ᠢ᠋ᠢ ᠨᠡᠪᠲᠡᠷᠡᠭᠦᠯᠬᠦ ᠢ᠋ᠢ ᠠᠬᠢᠭᠤᠯᠤᠨ᠎ᠠ; ᠬᠥᠬᠡᠬᠣᠲᠠ ᠡᠴᠡ ᠤᠯᠤᠰ ᠤ᠋ᠨ ᠳᠣᠲᠣᠭᠠᠳᠤ ᠢ᠋ᠢᠨ ᠭᠤᠤᠯᠳᠠᠯᠭ᠎ᠠ ᠲᠠᠶ ᠬᠣᠲᠠ ᠬᠦᠷᠬᠦ ᠠᠶᠠᠨᠴᠢᠳ ᠤ᠋ᠨ ᠵᠦᠭᠡᠭᠡᠪᠦᠷᠢ᠂ ᠪᠠᠷᠠᠭᠠᠨ ᠤ᠋ ᠲᠡᠭᠡᠭᠡᠪᠦᠷᠢ ᠢ᠋ᠢᠨ ᠠᠶᠠᠯᠠᠯ ᠤ᠋ᠨ ᠱᠤᠭᠤᠮ ᠢ᠋ ᠨᠢᠭᠲᠠᠷᠠᠭᠤᠯᠵᠤ᠂ 《ᠬᠥᠬᠡᠬᠣᠲᠠ ᠪᠠᠷ ᠳᠡᠮᠵᠢᠨ ᠨᠢᠰᠬᠦ᠌》 ᠠᠭᠠᠷ ᠤ᠋ᠨ ᠲᠡᠭᠡᠭᠡᠪᠦᠷᠢ ᠢ᠋ᠢᠨ ᠲᠤᠤᠷ ᠢ᠋ ᠪᠠᠶ᠋ᠢᠭᠤᠯᠤᠨᠠ; ᠬᠦᠢᠰᠤ ᠲᠠᠯᠠᠪᠤᠷ ᠥᠷᠲᠡᠭᠡ ᠢ᠋ᠢᠨ ᠪᠠᠶ᠋ᠢᠷᠢᠰᠢᠭᠤᠯᠤᠯᠲᠠ ᠢ᠋ᠢ ᠰᠢᠯᠢᠳᠡᠭᠵᠢᠭᠦᠯᠤᠨ ᠡᠯᠡᠰᠤᠨ ᠨᠢᠷᠤᠭᠤ ᠡᠳ᠋ ᠪᠠᠷᠠᠭᠠᠨ ᠤ᠋ ᠭᠦᠢᠯᠭᠡᠭᠡ ᠵᠢᠨ ᠬᠦᠷᠢᠶᠡᠯᠡᠩ ᠢ᠋ ᠲᠠᠰ ᠳᠡᠪᠰᠢᠭᠦᠯᠵᠦ᠍᠂ ᠬᠥᠬᠡᠬᠣᠲᠠ ᠢ᠋ᠢᠨ ᠳᠤᠮᠳᠠᠳᠤ ᠧᠦ᠋ᠷᠣᠫᠠ ᠢ᠋ᠢᠨ ᠵᠢᠰᠢᠶᠠᠨ ᠤ᠋ ᠭᠠᠯᠲᠤ᠌ ᠲᠡᠷᠭᠡ ᠢ᠋ᠢᠨ ᠪᠦᠯᠦᠭᠵᠢᠯ ᠤ᠋ᠨ ᠲᠥᠪ ᠬᠢᠭᠡᠳ ᠠᠭᠠᠷ ᠤ᠋ᠨ ᠭᠠᠷᠠᠮ ᠤ᠋ᠨ ᠡᠳ᠋ ᠪᠠᠷᠠᠭᠠᠨ ᠤ᠋ ᠭᠦᠢᠯᠭᠡᠭᠡ ᠵᠢᠨ ᠬᠦᠷᠢᠶᠡᠯᠡᠩ ᠢ᠋ ᠪᠥᠲᠥᠭᠡᠨ ᠪᠠᠶ᠋ᠢᠭᠤᠯᠵᠤ᠂ ᠬᠥᠬᠡᠬᠣᠲᠠ ᠪᠠ ᠪᠤᠭᠤᠲᠤ ᠢ᠋ᠢᠨ ᠰᠢᠨ᠎ᠡ ᠨᠢᠭᠡ ᠡᠭᠡᠯᠵᠢ ᠢ᠋ᠢᠨ ᠶᠡᠷᠦᠩᠬᠡᠶ᠋ᠢᠯᠡᠭᠰᠡᠨ ᠪᠠᠷᠠᠭᠠᠨ ᠤ᠋ ᠲᠡᠭᠡᠭᠡᠪᠦᠷᠢ ᠢ᠋ᠢᠨ ᠬᠦᠢᠰᠤ ᠢ᠋ᠢᠨ ᠬᠡᠯᠬᠢᠶ᠎ᠡ ᠢ᠋ᠢ ᠨᠥᠬᠥᠪᠥᠷᠢᠯᠡᠨ ᠬᠦᠴᠦᠷᠬᠡᠭᠵᠢᠭᠦᠯᠬᠦ᠌ ᠠᠵᠢᠯ ᠢ᠋ ᠰᠠᠶ᠋ᠢᠲᠤᠷ ᠬᠢᠵᠤ᠂ ᠣᠷᠳᠣᠰ ᠤ᠋ᠨ ᠡᠨᠧᠷᠭᠢ ᠢ᠋ᠢᠨ ᠡᠳ᠋ ᠪᠠᠷᠠᠭᠠᠨ ᠤ᠋ ᠬᠦᠢᠯᠭᠡᠭᠡ ᠵᠢᠨ ᠬᠦᠢᠰᠤ᠂ ᠤᠯᠠᠭᠠᠨᠴᠠᠪ ᠤ᠋ᠨ ᠡᠭᠡ ᠬᠠᠭᠤᠷᠠᠶ ᠢ᠋ᠢᠨ ᠭᠠᠷᠠᠮ ᠤ᠋ᠨ ᠬᠡᠯᠪᠡᠷᠢ ᠢ᠋ᠢᠨ ᠡᠳ᠋ ᠪᠠᠷᠠᠭᠠᠨ ᠤ᠋ ᠭᠦᠢᠯᠭᠡᠭᠡ ᠵᠢᠨ ᠬᠦᠢᠰᠤ ᠢ᠋ᠢᠨ ᠦᠢᠯᠡᠴᠢᠯᠡᠭᠡᠨ ᠤ᠋ ᠶᠠᠰᠤ ᠴᠢᠨᠠᠷ ᠪᠠ ᠦᠷ᠎ᠡ ᠪᠦᠲᠦᠮᠵᠢ ᠢ᠋ᠢ ᠳᠡᠭᠡᠭᠰᠢᠯᠡᠭᠦᠯᠬᠦ ᠪᠤᠯᠤᠨ᠎ᠠ᠃
ᠥᠪᠡᠷᠲᠡᠭᠡᠨ ᠵᠠᠰᠠᠬᠤ ᠣᠷᠣᠨ ᠤ᠋ ᠵᠠᠮ ᠬᠠᠷᠢᠯᠴᠠᠭ᠎ᠠ ᠲᠡᠭᠡᠭᠡᠪᠦᠷᠢ ᠢ᠋ᠢᠨ ᠲᠢᠩᠬᠢᠮ ᠤ᠋ᠨ ᠬᠣᠯᠪᠣᠭᠳᠠᠯ ᠪᠥᠬᠥᠶ ᠰᠠᠯᠠᠭ᠎ᠠ ᠮᠥᠴᠢᠷ ᠤ᠋ᠨ ᠬᠠᠷᠢᠭᠤᠴᠠᠯᠭᠠᠲᠠᠨ ᠤ᠋ ᠢᠯᠡᠷᠬᠡᠢᠯᠡᠭᠰᠡᠨ ᠢ᠋ᠢᠡᠷ᠂ ᠲᠤᠰ ᠬᠡᠷᠡᠭᠵᠢᠬᠦᠯᠬᠦ ᠲᠥᠰᠦᠯ ᠢ᠋ ᠪᠤᠳᠠᠳᠠᠢ ᠳ᠋ᠤ ᠨᠠᠶ᠋ᠢᠳᠠᠪᠤᠷᠢᠵᠢᠭᠤᠯᠤᠨ ᠬᠡᠷᠡᠭᠵᠢᠭᠦᠯᠬᠦ᠌ ᠨᠢ ᠥᠪᠥᠷ ᠮᠣᠩᠭᠣᠯ ᠤ᠋ᠨ ᠶᠡᠷᠦᠩᠬᠡᠶ᠋ᠢᠯᠡᠭᠰᠡᠨ ᠵᠠᠮ ᠬᠠᠷᠢᠯᠴᠠᠭ᠎ᠠ ᠲᠡᠭᠡᠭᠡᠪᠦᠷᠢ ᠢ᠋ᠢᠨ ᠨᠢᠭᠡ ᠴᠣᠭᠴᠠᠵᠢᠭᠰᠠᠨ ᠠᠭᠤᠰᠤᠯᠴᠠᠯ ᠢ᠋ ᠤᠯᠠᠮ ᠨᠢᠭᠡ ᠠᠯᠬᠤᠮ ᠠᠬᠢᠭᠤᠯᠤᠨ᠂ ᠬᠥᠬᠡᠬᠣᠲᠠ ᠪᠤᠭᠤᠲᠤ᠌ ᠣᠷᠳᠣᠰ ᠤᠯᠠᠭᠠᠨᠴᠠᠪ ᠤ᠋ᠨ ᠵᠣᠬᠢᠴᠠᠯᠳᠤᠵᠤ ᠬᠣᠯᠪᠣᠭᠠᠯᠠᠨ ᠬᠥᠭᠵᠢᠬᠦ᠌ ᠢ᠋ᠢ ᠠᠬᠢᠭᠤᠯᠵᠤ᠂ ᠬᠤᠳᠠ ᠵᠢᠨ ᠬᠦᠢᠰᠤ ᠢ᠋ᠢᠨ ᠬᠦᠷᠢᠶ᠎ᠡ᠂ ᠡᠳ᠋ ᠪᠠᠷᠠᠭᠠᠨ ᠤ᠋ ᠬᠦᠢᠯᠭᠡᠭᠡ ᠵᠢᠨ ᠬᠦᠷᠢᠶ᠎ᠡ᠂ ᠠᠵᠤ ᠦᠢᠯᠡᠰ ᠤ᠋ᠨ ᠬᠦᠷᠢᠶ᠎ᠡ ᠢ᠋ᠢ ᠠᠭᠤᠰᠤᠯᠴᠠᠭᠤᠯᠤᠨ ᠬᠥᠭᠵᠢᠭᠦᠯᠬᠦ᠌ ᠰᠢᠨ᠎ᠡ ᠪᠠᠶ᠋ᠢᠷᠢᠰᠢᠯ ᠢ᠋ ᠪᠣᠶ ᠪᠣᠯᠭᠠᠵᠤ᠂ ᠳᠤᠮᠳᠠᠳᠤ ᠤᠯᠤᠰ (ᠥᠪᠥᠷ ᠮᠣᠩᠭᠣᠯ) ᠤ᠋ᠨ ᠴᠢᠯᠥᠭᠡᠲᠦ᠍ ᠠᠷᠠᠯᠵᠢᠶᠠᠨ ᠤ᠋ ᠲᠤᠷᠰᠢᠯᠲᠠ ᠢ᠋ᠢᠨ ᠣᠷᠣᠨ ᠤ᠋ ᠪᠥᠲᠥᠭᠡᠨ ᠪᠠᠶ᠋ᠢᠭᠤᠯᠤᠯᠲᠠ ᠢ᠋ᠢ ᠲᠤᠯᠭᠠᠭᠤᠷᠢᠯᠠᠬᠤ ᠪᠣᠯᠤᠨ᠎ᠠ᠃