ᠥᠪᠥᠷ ᠮᠣᠩᠭᠣᠯ 9 ᠳ᠋ᠦᠩᠰᠢᠭᠤᠷ ᠲᠥᠭᠥᠷᠢᠭ ᠪᠠᠭᠤᠯᠭᠠᠵᠤ ᠣᠯᠠᠨ ᠨᠡᠶ᠋ᠢᠲᠡ᠎ᠶᠢᠨ ᠰᠣᠶᠣᠯ᠎ᠤᠨ ᠤᠢᠯᠡᠴᠢᠯᠡᠬᠡᠨ᠎ᠦ ᠰᠢᠰᠲ᠋ᠧᠮ᠎ᠦᠨ ᠪᠠᠶ᠋ᠢᠭᠤᠯᠤᠯᠲᠠ᠎ᠢ᠋ᠢ ᠠᠬᠢᠭᠤᠯᠵᠤ ᠪᠤᠢ
2026-07-20 15:35:02
ᠵᠣᠬᠢᠶᠠᠭ᠍ᠴᠢ᠄
ᠰᠠᠷᠭᠠᠢ
ᠣᠩᠱᠢᠭ᠍ᠰᠠᠨ ᠣᠳᠠᠭ᠎ᠠ᠄
★★★☆☆

ᠤᠢᠷ᠎ᠡ ᠳ᠋ᠤ᠌ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠎ᠤᠨ ᠲᠢᠩᠬᠢᠮ 2026 ᠣᠨ᠎ᠤ ᠲᠥᠪ᠎ᠤ᠋ᠨ ᠪᠠ ᠥᠪᠡᠷᠲᠡᠭᠡᠨ ᠵᠠᠰᠠᠬᠤ ᠣᠷᠣᠨ᠎ᠤ ᠤᠯᠠᠨ ᠨᠡᠶ᠋ᠢᠲᠡ᠎ᠶᠢᠨ ᠰᠣᠶᠣᠯ᠎ᠤᠨ ᠦᠢᠯᠡᠴᠢᠯᠡᠭᠡᠨ᠎ᠦ ᠰᠢᠰᠲᠸᠮ᠎ᠤᠨ ᠪᠠᠶ᠋ᠢᠭᠤᠯᠤᠯᠲᠠ ᠢ᠋ᠢ ᠲᠡᠮᠵᠢᠬᠦ 9 ᠳ᠋ᠦᠩᠰᠢᠭᠤᠷ ᠲᠥᠭᠥᠷᠢᠭ ᠤ᠋ᠨ ᠪᠡᠯᠡ ᠮᠦᠨᠭᠬᠦ ᠪᠠᠭᠤᠯᠭᠠᠵᠤ᠂ ᠤᠳᠤ ᠦᠶ᠎ᠡ᠎ᠶᠢᠨ ᠤᠯᠠᠨ ᠨᠡᠶ᠋ᠢᠲᠡ᠎ᠶᠢᠨ ᠰᠣᠶᠣᠯ᠎ᠤᠨ ᠦᠢᠯᠡᠴᠢᠯᠡᠭᠡᠨ᠎ᠦ ᠰᠢᠰᠲᠸᠮ᠎ᠤᠨ ᠪᠠᠶ᠋ᠢᠭᠤᠯᠤᠯᠲᠠ᠎ᠶᠢ ᠠᠬᠢᠭᠤᠯᠵᠤ᠂ ᠦᠨᠳᠦᠰᠦᠨ ᠤᠯᠠᠨ ᠨᠡᠶ᠋ᠢᠲᠡ᠎ᠶᠢᠨ ᠰᠣᠶᠣᠯ᠎ᠤᠨ ᠤᠢᠯᠡᠴᠢᠯᠡᠬᠡᠨ ᠤ᠋ ᠪᠠᠷᠢᠮᠵᠢᠶᠠᠵᠢᠭᠤᠯᠦᠯᠳᠡ᠂ ᠲᠡᠩᠴᠡᠬᠦᠷᠢᠰᠢᠬᠦᠯᠦᠯᠳᠡ ᠳ᠋ᠤ ᠬᠦᠴᠦᠨ ᠨᠡᠮᠡᠷᠢᠯᠡᠵᠦ᠍᠂ ᠬᠤᠳᠠ ᠬᠥᠳᠡᠭᠡ᠎ᠶᠢ ᠬᠠᠮᠤᠷᠤᠭᠰᠠᠨ ᠤᠳᠤ ᠦᠶ᠎ᠡ᠎ᠶᠢᠨ ᠤᠯᠠᠨ ᠨᠡᠶ᠋ᠢᠲᠡ᠎ᠶᠢᠨ ᠰᠣᠶᠣᠯ᠎ᠤᠨ ᠦᠢᠯᠡᠴᠢᠯᠡᠭᠡᠨ᠎ᠦ ᠰᠢᠰᠲᠸᠮ᠎ᠤᠨ ᠪᠠᠶ᠋ᠢᠭᠤᠯᠤᠯᠳᠠ᠎ᠶᠢ ᠢᠳᠡᠪᠬᠢᠲᠡᠢ ᠠᠬᠢᠭᠤᠯᠵᠤ ᠪᠠᠢᠨ᠎ᠡ᠃

ᠲᠤᠰ ᠪᠠᠯᠠ ᠮᠥᠩᠭᠥ᠎ᠶᠢᠨ ᠬᠤᠪᠢᠶᠠᠷᠢᠯᠠᠯᠲᠠ᠎ᠳᠤ 《ᠨᠢᠭᠡᠳᠦᠯᠲᠡᠶ ᠲᠦᠯᠦᠪᠵᠢᠬᠦᠯᠦᠨ ᠨᠡᠶ᠋ᠢᠲᠡ᠎ᠳᠦᠨᠢ ᠬᠠᠷᠠᠭᠠᠯᠵᠠᠬᠤ᠂ ᠭᠤᠤᠯᠳᠠᠯᠭ᠎ᠠ᠎ᠶᠢ ᠳᠣᠪᠣᠶ᠋ᠢᠯᠭᠠᠬᠤ᠂ ᠠᠵᠢᠯ᠎ᠤᠨ ᠠᠮᠵᠢᠯᠲᠠ ᠪᠦᠲᠦᠮᠵᠢ᠎ᠶᠢ ᠴᠢᠬᠤᠯᠠᠴᠢᠯᠠᠬᠤ᠂ ᠲᠤᠰᠬᠠᠶ ᠵᠣᠭᠣᠰ᠎ᠢ ᠲᠤᠰᠬᠠᠶ ᠬᠡᠷᠡᠭᠯᠡᠬᠦ᠌》 ᠵᠠᠷᠴᠢᠮ᠎ᠢ ᠪᠠᠷᠢᠮᠲᠠᠯᠠᠵᠤ᠂ ᠪᠠᠯᠠ ᠮᠥᠩᠭᠥ᠎ᠶᠢᠨ ᠣᠷᠣᠭᠤᠯᠤᠯᠲᠠ᠎ᠶᠢᠨ ᠬᠠᠨᠳᠤᠰᠢ᠎ᠶᠢᠨ ᠲᠠᠯ᠎ᠠ᠎ᠪᠠᠷ ᠵᠢᠱ᠌ᠢᠶ᠎ᠡ ᠦᠵᠡᠭᠦᠯᠦᠨ ᠬᠥᠲᠥᠯᠦᠨ ᠳᠠᠭᠠᠭᠤᠯᠬᠤ ᠪᠠ ᠨᠡᠶ᠋ᠢᠳᠡᠮ ᠠᠰᠢᠭ ᠬᠦᠷᠲᠡᠭᠡᠬᠦ᠌ ᠪᠠᠲᠤᠯᠠᠭ᠎ᠠ᠎ᠶᠢᠨ ᠣᠷᠭᠠᠨᠢᠭ ᠨᠢᠭᠡᠳᠦᠯ᠎ᠢ ᠪᠡᠶᠡᠯᠡᠭᠦᠯᠦᠨ᠎ᠡ᠃

ᠭᠤᠤᠯᠳᠠᠯᠭ᠎ᠠ᠎ᠲᠠᠶ ᠲᠥᠷᠥᠯ ᠵᠦᠢᠯ ᠳ᠋ᠤ᠌ ᠣᠨᠣᠪᠴᠢᠲᠠᠶ ᠪᠡᠯᠡ ᠮᠦᠨᠭᠬᠦ ᠲᠤᠬᠢᠷᠠᠭᠤᠯᠤᠨ᠎ᠡ᠃ ᠪᠠᠯᠠ ᠮᠥᠩᠭᠥ᠎ᠶᠢ ᠷᠠᠳᠢᠣ᠋ ᠲᠧᠯᠸᠢᠰ᠎ᠦᠨ ᠫᠷᠤᠭ᠌ᠷᠠᠮ᠎ᠢ ᠤᠳᠠᠰᠤ ᠦᠬᠡᠢ ᠠᠵᠢᠯᠯᠠᠭᠤᠯᠬᠤ ᠢ᠋ᠢ ᠪᠦᠷᠬᠦᠭᠦᠯᠬᠦ᠂ ᠰᠢ ᠲᠠᠭᠤᠤᠷᠢᠯᠢᠬ᠎ᠤᠨ ᠨᠡᠶ᠋ᠢᠲᠡ᠎ᠶᠢᠨ ᠠᠰᠠᠷᠠᠮᠵᠢ᠎ᠶᠢᠨ ᠴᠢᠨᠠᠷᠲᠠᠶ ᠲᠣᠭᠯᠠᠯᠲᠠ ᠭᠠᠷᠭᠠᠬᠤ᠂ ᠣᠯᠠᠨ ᠨᠡᠶ᠋ᠢᠲᠡ᠎ᠶᠢᠨ ᠲᠣᠭᠠᠴᠢᠯᠠᠭᠰᠠᠨ ᠰᠣᠶᠣᠯ᠎ᠤᠨ ᠪᠠᠶ᠋ᠢᠭᠤᠯᠤᠯᠲᠠ᠂ ᠰᠣᠶᠣᠯ ᠪᠡᠶ᠎ᠡ᠎ᠶᠢᠨ ᠲᠠᠮᠢᠷ᠎ᠤᠨ ᠲᠠᠯᠠᠪᠤᠷ ᠣᠷᠳᠣᠨ᠎ᠢ ᠰᠦᠢᠳᠬᠡᠯ ᠬᠤᠷᠢᠶᠠᠬᠤ ᠥᠬᠡᠶ ᠪᠤᠶᠤ ᠰᠦᠢᠳᠬᠡᠯ ᠪᠠᠭ᠎ᠠ ᠬᠤᠷᠢᠶᠠᠵᠤ ᠴᠢᠯᠥᠭᠡᠲᠡᠶ ᠨᠡᠭᠡᠭᠡᠬᠦ᠌ ᠵᠡᠷᠭᠡ ᠵᠢᠱ᠌ᠢᠶ᠎ᠡ ᠦᠵᠡᠭᠦᠯᠦᠨ ᠳᠠᠶ᠋ᠢᠴᠢᠯᠠᠬᠤ ᠤᠢᠯᠡᠳᠦᠯ ᠲᠡᠶ ᠲᠥᠷᠥᠯ ᠵᠦᠢᠯ᠎ᠳᠦ ᠭᠤᠤᠯᠳᠠᠯᠭ᠎ᠠ᠎ᠲᠠᠶ ᠣᠷᠣᠭᠤᠯᠵᠤ᠂ ᠤᠯᠤᠰ᠎ᠤᠨ ᠰᠣᠶᠣᠯ᠎ᠢᠶᠠᠷ ᠠᠷᠠᠳ᠎ᠲᠤ᠌ ᠠᠰᠢᠭ ᠬᠦᠷᠲᠡᠭᠡᠬᠦ᠌ ᠢᠨᠵᠧᠨᠧᠷᠢᠩ᠎ᠦᠨ ᠪᠠᠶ᠋ᠢᠷᠢᠯᠠᠭᠤᠯᠤᠯᠲᠠ᠎ᠶᠢ ᠨᠠᠶ᠋ᠢᠳᠠᠪᠤᠷᠢᠵᠢᠭᠤᠯᠬᠤ ᠪᠡᠷ  ᠪᠠᠷᠠᠬᠤ ᠥᠬᠡᠶ᠂ ᠪᠠᠰᠠ ᠰᠣᠶᠣᠯ᠎ᠤᠨ ᠲᠠᠯᠠᠪᠤᠷ ᠣᠷᠳᠣᠨ᠎ᠢ ᠴᠢᠯᠥᠭᠡᠲᠡᠶ ᠪᠣᠯᠭᠠᠬᠤ᠂ ᠦᠨᠳᠦᠰᠦᠨ ᠱᠠᠲᠤᠨ᠎ᠤ ᠷᠠᠳᠢᠣ᠋ ᠲᠧᠯᠸᠢᠰ᠎ᠦᠨ ᠲᠦᠬᠦᠬᠡᠷᠤᠮᠵᠢ ᠢ᠋ᠢ ᠣᠷᠳᠣ ᠬᠤᠭᠤᠴᠠᠭ᠎ᠠ᠎ᠪᠠᠷ ᠪᠦᠲᠦᠮᠵᠢᠲᠡᠶ ᠠᠵᠢᠯᠯᠠᠭᠤᠯᠬᠤ ᠵᠡᠷᠭᠡ ᠰᠠᠭᠤᠷᠢ ᠴᠢᠨᠠᠷᠲᠠᠶ ᠪᠠᠲᠤᠯᠠᠭ᠎ᠠ᠎ᠶᠢ ᠪᠠᠲᠤ᠌ ᠰᠠᠬᠢᠵᠤ᠂ ᠲᠣᠭᠠᠴᠢᠯᠠᠭᠰᠠᠨ ᠴᠢᠳᠠᠪᠤᠷᠢ ᠣᠯᠭᠣᠬᠤ ᠪᠠ ᠲᠦᠬᠦᠬᠡᠷᠤᠮᠵᠢ᠎ᠶᠢ ᠲᠠᠰ ᠳᠡᠪᠰᠢᠭᠦᠯᠬᠦ᠌᠎ᠪᠡᠷ ᠳᠠᠮᠵᠢᠭᠤᠯᠤᠨ᠂ ᠣᠯᠠᠨ ᠲᠦᠮᠡᠨ᠎ᠳᠦ ᠨᠠᠩ ᠳᠥᠭᠥᠮ ᠳᠥᠲᠡ᠂ ᠨᠠᠩ ᠴᠢᠨᠠᠷ ᠰᠠᠶ᠋ᠢᠲᠠᠶ ᠣᠯᠠᠨ ᠨᠡᠶ᠋ᠢᠲᠡ᠎ᠶᠢᠨ ᠰᠣᠶᠣᠯ᠎ᠤᠨ ᠪᠦᠲᠦᠭᠡᠭᠳᠡᠬᠦᠨ ᠪᠠ ᠤᠢᠯᠡᠴᠢᠯᠡᠬᠡ ᠬᠠᠨᠭᠭᠠᠨ᠎ᠡ᠃

ᠦᠨᠳᠦᠰᠦᠨ ᠱᠠᠲᠤᠨ᠎ᠤ ᠨᠢᠭᠡᠳᠦᠭᠡᠷ ᠹᠷᠣᠨᠲ᠎ᠲᠤ᠌ ᠠᠩᠬᠠᠷᠤᠯ᠎ᠢᠶᠠᠨ ᠲᠥᠪᠯᠡᠷᠡᠭᠦᠯᠦᠨ ᠬᠤᠪᠢᠶᠠᠷᠢᠯᠠᠯᠲᠠ᠎ᠶᠢ ᠴᠢᠨᠭᠭᠠᠳᠬᠠᠨ᠎ᠠ᠃ ᠬᠡᠰᠡᠭ ᠪᠠᠯᠠ ᠮᠥᠩᠭᠥ᠎ᠶᠢ 《ᠨᠦᠬᠦᠴᠡᠯ ᠰᠢᠯᠳᠠᠭᠠᠨ ᠢ᠋ ᠦᠨᠳᠦᠰᠤᠯᠠᠨ》 ᠬᠤᠪᠢᠶᠠᠷᠢᠯᠠᠬᠤ ᠠᠷᠭ᠎ᠠ ᠮᠠᠶᠢᠭ᠎ᠢᠶᠠᠷ ᠡᠯ᠎ᠡ ᠠᠶ᠋ᠢᠮᠠᠭ ᠬᠣᠲᠠ ᠭᠠᠵᠠᠷ ᠣᠷᠣᠨ᠎ᠳᠤ ᠪᠠᠭᠤᠯᠭᠠᠵᠤ᠂ ᠣᠷᠣᠨ ᠨᠤᠲᠤᠭ᠎ᠲᠤ᠌ ᠨᠠᠩ ᠶᠡᠬᠡ ᠨᠢᠭᠡᠳᠦᠯᠲᠡᠶ ᠲᠦᠯᠦᠪᠵᠢᠬᠦᠯᠬᠦ ᠡᠵᠡᠨ ᠮᠡᠳᠡᠬᠦ᠌ ᠡᠷᠬᠡ ᠣᠯᠭᠣᠨ᠎ᠠ᠃ ᠡᠯ᠎ᠡ ᠭᠠᠵᠠᠷ᠎ᠤᠨ᠎ᠬᠢᠨ ᠲᠣᠰ ᠭᠠᠵᠠᠷ᠎ᠤᠨ ᠪᠣᠳᠠᠲᠤ᠌ ᠪᠠᠶ᠋ᠢᠳᠠᠯ᠎ᠲᠠᠶ᠎ᠪᠠᠨ ᠤᠶᠠᠯᠳᠤᠭᠤᠯᠤᠨ᠂ ᠭᠠᠵᠠᠷ ᠣᠷᠣᠨ᠎ᠤ ᠪᠠᠶ᠋ᠢᠳᠠᠯ᠎ᠳᠠᠭᠠᠨ ᠲᠣᠬᠢᠷᠠᠭᠤᠯᠤᠨ ᠪᠠᠯᠠ ᠮᠥᠩᠭᠥ᠌ ᠲᠣᠬᠢᠷᠠᠭᠤᠯᠵᠤ᠂ ᠦᠨᠳᠦᠰᠦᠨ ᠱᠠᠲᠤᠨ᠎ᠤ ᠰᠣᠶᠣᠯ᠎ᠤᠨ ᠬᠠᠩᠭᠠᠯᠭ᠎ᠠ᠎ᠶᠢᠨ ᠳᠤᠲᠠᠭᠤᠳᠠᠯ᠎ᠢ ᠣᠨᠣᠪᠴᠢᠲᠠᠶ ᠨᠥᠬᠥᠪᠥᠷᠢᠯᠡᠵᠦ᠍᠂ ᠣᠯᠠᠨ ᠨᠡᠶ᠋ᠢᠲᠡ᠎ᠶᠢᠨ ᠰᠣᠶᠣᠯ᠎ᠤᠨ ᠤᠢᠯᠡᠴᠢᠯᠡᠬᠡᠨ᠎ᠦ 《ᠡᠴᠦᠰ᠎ᠦᠨ ᠨᠢᠭᠡ  ᠺᠢᠯᠣᠮᠧᠲ᠋ᠷ》᠎ᠢ᠋ ᠨᠡᠪᠳᠡᠷᠡᠬᠦᠯᠦᠨ᠎ᠡ᠃

ᠬᠢᠨᠠᠯᠲᠠ ᠬᠠᠮᠢᠶᠠᠷᠤᠯᠲᠠ ᠢ᠋ᠢ ᠴᠢᠨᠭᠭᠠᠳᠬᠠᠵᠤ᠂ ᠰᠡᠷᠭᠡᠶ᠋ᠢᠯᠡᠯᠲᠡ᠎ᠶᠢᠨ ᠱᠤᠭᠤᠮ᠎ᠢ ᠎ᠪᠡᠬᠢᠵᠢᠬᠦᠯᠤᠨ᠎ᠡ᠃ ᠪᠠᠯᠠ ᠮᠥᠩᠭᠥ᠎ᠶᠢ ᠲᠦᠷᠭᠡᠨ ᠰᠢᠯᠵᠢᠭᠦᠯᠦᠨ ᠥᠭᠬᠦ᠌᠎ᠶᠢᠨ ᠬᠠᠮᠲᠤ᠌᠂ ᠡᠳ᠋᠎ᠦᠨ ᠵᠠᠰᠠᠭ᠎ᠤᠨ ᠰᠠᠯᠠᠭ᠎ᠠ ᠮᠥᠴᠢᠷ᠎ᠨᠢ ᠲᠥᠰᠦᠪ᠎ᠦᠨ ᠬᠠᠮᠢᠶᠠᠷᠤᠯᠲᠠ᠎ᠶᠢ ᠨᠢᠭᠡ ᠴᠣᠭᠴᠠᠵᠢᠭᠤᠯᠬᠤ ᠰᠢᠰᠲ᠋ᠧᠮ᠎ᠳᠦ ᠲᠦᠰᠢᠭᠯᠡᠨ᠂ ᠪᠠᠯᠠ ᠮᠥᠩᠭᠥ᠎ᠶᠢᠨ ᠬᠦᠢᠯᠬᠡᠬᠡᠨ᠎ᠦ ᠬᠠᠨᠳᠤᠰᠢ᠎ᠶᠢ ᠬᠥᠳᠡᠯᠦᠩᠭᠦᠶ᠎ᠪᠡᠷ ᠬᠢᠨᠠᠨ ᠡᠵᠡᠮᠳᠡᠵᠦ᠍᠂ ᠨᠡᠭᠦᠯᠭᠡᠨ ᠬᠡᠷᠡᠭᠯᠡᠬᠦ᠌᠂ ᠰᠠᠭᠠᠲᠠᠭᠠᠬᠤ ᠵᠡᠷᠭᠡ ᠲᠣᠭᠲᠠᠭᠠᠯ᠎ᠠᠴᠠ ᠵᠥᠷᠢᠴᠡᠭᠰᠡᠨ ᠤᠢᠯᠡ ᠠᠵᠢᠯᠯᠠᠭ᠎ᠠ᠎ᠶᠢ ᠴᠢᠩᠭ᠎ᠠ ᠰᠡᠷᠬᠡᠢᠯᠡᠵᠤ᠂ ᠪᠦᠬᠦ᠌ ᠶᠠᠪᠤᠴᠠ᠎ᠶᠢᠨ ᠲᠥᠰᠦᠪ᠎ᠦᠨ ᠠᠮᠵᠢᠯᠲᠠ ᠪᠦᠲᠦᠮᠵᠢ᠎ᠶᠢᠨ ᠬᠠᠮᠢᠶᠠᠷᠤᠯᠲᠠ᠎ᠶᠢ ᠵᠡᠷᠭᠡ᠎ᠪᠡᠷ ᠭᠦᠨᠵᠡᠭᠡᠶ᠋ᠢᠷᠡᠭᠦᠯᠵᠦ᠍᠂ ᠪᠡᠯᠡ ᠮᠥᠩᠭᠥ᠎ᠶᠢᠨ ᠵᠢᠷᠤᠮᠵᠢᠭᠤᠨ ᠪᠥᠭᠡᠳ ᠥᠨᠳᠥᠷ ᠪᠦᠲᠦᠮᠵᠢᠲᠡᠢ ᠠᠵᠢᠯᠯᠠᠭᠠᠨ᠎ᠢ ᠦᠨᠡᠨ ᠬᠦ᠌ ᠪᠠᠲᠤᠯᠠᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号