ᠤᠯᠤᠰ ᠤ᠋ᠨ ᠲᠡᠮᠦᠷ ᠵᠠᠮ ᠤ᠋ᠨ ᠬᠥᠬᠡᠬᠣᠲᠠ ᠲᠣᠪᠴᠢᠶ᠎ᠠ 1.51 ᠳ᠋ᠦᠩᠰᠢᠭᠤᠷ ᠲᠣᠨ ᠪᠠᠷᠠᠭ᠎ᠠ ᠲᠡᠭᠡᠭᠡᠪᠦᠷᠢᠯᠡᠪᠠ
2026-07-20 15:41:28
ᠵᠣᠬᠢᠶᠠᠭ᠍ᠴᠢ᠄
ᠦᠨᠢᠷ
ᠣᠩᠱᠢᠭ᠍ᠰᠠᠨ ᠣᠳᠠᠭ᠎ᠠ᠄
★★★☆☆

ᠤᠯᠤᠰ ᠤ᠋ᠨ ᠲᠡᠮᠦᠷ  ᠵᠠᠮ ᠤ᠋ᠨ ᠬᠥᠬᠡᠬᠣᠲᠠ ᠲᠣᠪᠴᠢᠶ᠎ᠠ ᠵᠢᠯ ᠤ᠋ᠨ ᠡᠬᠢᠨ ᠡᠴᠡ ᠨᠠᠭᠠᠰᠢ 7 ᠰᠠᠷ᠎ᠠ ᠢ᠋ᠢᠨ 8 ᠤ᠋ ᠡᠳᠦᠷ ᠪᠣᠯᠲᠠᠯ᠎ᠠ ᠨᠡᠶ᠋ᠢᠲᠡ 1.51 ᠳ᠋ᠦᠩᠰᠢᠭᠤᠷ ᠲᠣᠨ ᠪᠠᠷᠠᠭ᠎ᠠ ᠲᠡᠭᠡᠭᠡᠪᠦᠷᠢᠯᠡᠵᠤ᠂ ᠨᠢᠳᠤᠨᠤᠨ ᠤ᠋ ᠠᠳᠠᠯᠢ ᠬᠤᠭᠤᠴᠠᠭᠠᠨ ᠤ᠋ ᠬᠢ ᠡᠴᠡ 1057 ᠲᠦᠮᠡᠨ ᠲᠣᠨ ᠨᠡᠮᠡᠭᠳᠡᠪᠡ᠃

ᠤᠯᠤᠰ ᠤ᠋ᠨ ᠲᠡᠮᠦᠷ ᠵᠠᠮ ᠤ᠋ᠨ ᠬᠥᠬᠡᠬᠣᠲᠠ ᠲᠣᠪᠴᠢᠶ᠎ᠠ ᠨᠡᠭᠦᠷᠡᠰᠦᠨ ᠤ᠋ ᠲᠡᠭᠡᠭᠡᠪᠦᠷᠢ ᠳ᠋ᠤ ᠠᠩᠬᠠᠷᠤᠯ ᠎ᠢᠶᠡᠨ ᠲᠥᠪᠯᠡᠷᠡᠭᠦᠯᠵᠦ᠍᠂ ᠰᠢᠯᠢᠡᠭᠬᠤᠲᠠ — ᠵᠢᠨᠬᠤᠸᠠ ᠬᠦᠷᠬᠦ᠌ ᠲᠡᠮᠦᠷ ᠵᠠᠮ᠂ ᠪᠠᠶᠠᠠᠠᠭᠤᠯᠠ — ᠰᠢᠨ ᠴᠢᠤ ᠬᠦᠷᠬᠦ ᠲᠡᠮᠦᠷ ᠵᠠᠮ ᠵᠢᠴᠢ ᠵᠡᠭᠦᠨ ᠬᠣᠶ᠋ᠢᠲᠤ᠌ ᠣᠷᠣᠨ ᠵᠡᠷᠭᠡ ᠴᠢᠭᠯᠡᠯ ᠤ᠋ᠨ ᠨᠡᠭᠦᠷᠡᠰᠦᠨ ᠤ᠋ ᠲᠠᠬᠡᠬᠡᠪᠤᠷᠢ ᠵᠢᠨ ᠨᠡᠮᠡᠭᠳᠡᠯ ᠤ᠋ᠨ ᠲᠥᠷᠥᠯ ᠵᠦᠢᠯ ᠢ᠋ ᠨᠡᠭᠡᠭᠡᠵᠤ᠂ ᠨᠡᠭᠦᠷᠡᠰᠦᠨ ᠤ᠋ ᠲᠡᠭᠡᠭᠡᠪᠦᠷᠢ ᠢ᠋ᠢᠨ ᠬᠡᠮᠵᠢᠶ᠎ᠡ ᠢ᠋ᠢ ᠲᠣᠭᠲᠠᠭᠤᠨ ᠵᠢᠡᠷ ᠨᠡᠮᠡᠭᠳᠡᠭᠦᠯᠪᠡ᠃ ᠲᠠᠡᠭᠱᠠᠨ — ᠪᠤᠭᠤᠲᠤ ᠬᠦᠷᠬᠦ᠂ ᠪᠤᠭᠤᠲᠤ — ᠯᠠᠨᠵᠸᠤ ᠬᠦᠷᠬᠦ᠂ ᠪᠤᠭᠤᠲᠤ — ᠰᠢ ᠠᠨ ᠬᠦᠷᠬᠦ᠂ ᠵᠢᠨᠢᠡᠭ — ᠲᠦᠡᠭᠯᠢᠶᠤᠤ ᠬᠦᠷᠬᠦ ᠲᠡᠮᠦᠷ ᠵᠠᠮ ᠢ᠋ ᠭᠦᠢᠴᠡᠳ ᠠᠰᠢᠭᠯᠠᠨ᠂ ᠳ᠋ᠦᠩᠱᠸᠡᠭ — ᠦᠬᠠᠢ ᠬᠦᠷᠬᠦ ᠲᠡᠮᠦᠷ ᠵᠠᠮ᠂ ᠬᠥᠬᠡᠬᠣᠲᠠ — ᠵᠡᠭᠦᠨᠭᠠᠷ ᠬᠦᠷᠬᠦ ᠲᠡᠮᠦᠷ ᠵᠠᠮ ᠤ᠋ᠨ ᠲᠡᠭᠡᠭᠡᠪᠦᠷᠢ ᠪᠣᠯᠤᠨ ᠵᠢᠨᠴᠢᠤᠸᠠᠨ ᠡᠮᠦᠨ᠎ᠠ ᠦᠷᠲᠡᠭᠡ ᠢ᠋ᠢᠨ ᠨᠡᠭᠦᠷᠡᠰᠦᠨ ᠤ᠋ ᠲᠤᠰᠬᠠᠶ ᠱᠤᠭᠤᠮ ᠢ᠋ ᠨᠡᠪᠲᠡᠷᠡᠭᠦᠯᠵᠠᠢ᠃ ᠡᠬᠦᠨ ᠤ᠋ ᠬᠠᠮᠳᠤ 《ᠲᠣᠭᠠᠴᠢᠯᠠᠭᠰᠠᠨ ᠬᠢᠯᠢ ᠵᠢᠨ ᠪᠣᠭᠣᠮᠲᠠ》 ᠢ᠋ᠢᠨ ᠰᠢᠰᠲ᠋ᠧᠮ ᠤ᠋ᠨ ᠬᠡᠷᠡᠭᠯᠡᠯᠳᠡ ᠬᠢᠭᠡᠳ 《ᠲᠡᠮᠦᠷ ᠵᠠᠮ ᠢ᠋ ᠲᠦᠷᠭᠡᠨ ᠨᠡᠪᠲᠡᠷᠡᠭᠦᠯᠬᠦ᠌》 ᠵᠠᠭᠪᠤᠷ᠎ᠤ᠋ᠨ ᠣᠶᠤᠨᠴᠢ ᠬᠢᠯᠢ ᠵᠢᠨ ᠪᠣᠭᠣᠮᠲᠠ ᠢ᠋ᠢᠨ ᠪᠥᠲᠥᠭᠡᠨ ᠪᠠᠶ᠋ᠢᠭᠤᠯᠤᠯᠲᠠ ᠢ᠋ᠢ ᠠᠬᠢᠭᠤᠯᠵᠤ᠂ ᠤᠯᠤᠰ ᠤ᠋ᠨ ᠬᠢᠯᠢ ᠢ᠋ᠢᠨ ᠪᠤᠭᠤᠮᠳᠠ ᠵᠢᠨ ᠥᠷᠲᠡᠭᠡ ᠵᠢᠨ 《ᠬᠣᠶᠠᠷ ᠥᠷᠲᠡᠭᠡ ᠢ᠋ᠢ ᠨᠢᠭᠡ ᠴᠣᠭᠴᠠᠵᠢᠭᠤᠯᠬᠤ》 ᠲᠡᠭᠡᠭᠡᠪᠦᠷᠢ ᠢ᠋ᠢᠨ ᠵᠣᠬᠢᠶᠠᠨ ᠪᠠᠶ᠋ᠢᠭᠤᠯᠤᠯᠲᠠ ᠢ᠋ᠢᠨ ᠵᠠᠭᠪᠤᠷ ᠢ᠋ ᠦᠷᠭᠦᠯᠵᠢᠯᠡᠨ ᠭᠦᠨᠵᠡᠭᠡᠶ᠋ᠢᠷᠡᠭᠦᠯᠵᠦ᠍᠂ ᠬᠢᠯᠢ ᠠᠯᠤᠰᠯᠠᠭᠰᠠᠨ ᠪᠠᠷᠠᠭᠠᠨ ᠤ᠋ ᠭᠦᠢᠯᠭᠡᠭᠡ ᠵᠢᠨ ᠦᠷ᠎ᠡ ᠪᠦᠲᠦᠮᠵᠢ ᠪᠠ ᠨᠥᠯᠥᠭᠡᠯᠡᠨ ᠳᠠᠶ᠋ᠢᠴᠢᠯᠠᠬᠤ ᠴᠢᠳᠠᠪᠤᠷᠢ ᠢ᠋ᠢᠨ ᠪᠠᠶ᠋ᠢᠭᠤᠯᠤᠯᠲᠠ ᠢ᠋ᠢ ᠠᠬᠢᠭᠤᠯᠪᠠ᠃ ᠡᠨᠡ ᠵᠢᠯ ᠡᠷᠢᠶᠡᠨ ᠬᠣᠲᠠ ᠢ᠋ᠢᠨ ᠲᠡᠮᠦᠷ ᠵᠠᠮ ᠤ᠋ᠨ ᠬᠢᠯᠢ ᠵᠢᠨ ᠪᠣᠭᠣᠮᠲᠠ ᠳ᠋ᠤ ᠤᠷᠢᠳ ᠬᠣᠵᠢᠳ ᠰᠣᠯᠣᠮᠪᠠᠷᠺᠠ — ᠱᠠᠨ ᠰᠢ ᠢ᠋ᠢᠨ ᠸᠧᠶ ᠽᠢ ᠪᠠᠯᠭᠠᠰᠤ ᠬᠥᠷᠬᠥ᠌᠂ ᠾᠸᠪᠸᠢ ᠢ᠋ᠢᠨ ᠳ᠋ᠠᠴᠠᠩ ᠰᠢᠶᠠᠨ — ᠣᠷᠣᠰ ᠬᠥᠷᠬᠥ᠌ ᠳᠤᠮᠳᠠᠳᠤ ᠧᠦ᠋ᠷᠣᠫᠠ ᠢ᠋ᠢᠨ ᠵᠢᠰᠢᠶᠠᠨ ᠤ᠋ ᠭᠠᠯᠲᠤ ᠲᠡᠷᠭᠡ ᠵᠢᠨ ᠠᠶᠠᠯᠠᠯ ᠤ᠋ᠨ ᠱᠤᠭᠤᠮ ᠢ᠋ ᠨᠡᠮᠡᠵᠦ᠍᠂ ᠤᠳᠤ ᠳᠤᠮᠳᠠᠳᠤ ᠧᠦ᠋ᠷᠣᠫᠠ ᠢ᠋ᠢᠨ ᠵᠢᠰᠢᠶᠠᠨ ᠤ᠋ ᠭᠠᠯᠲᠤ᠌ ᠲᠡᠷᠭᠡ ᠵᠢᠨ ᠲᠤᠮᠳᠠ ᠵᠠᠮ ᠤ᠋ᠨ ᠵᠠᠮ ᠱᠤᠭᠤᠮ ᠤ᠋ᠨ ᠶᠡᠷᠦᠩᠬᠡᠶ  ᠲᠣᠭ᠎ᠠ 76 ᠵᠤᠷᠪᠤᠰ ᠪᠤᠯᠵᠤ ᠨᠡᠮᠡᠭᠳᠡᠵᠠᠢ᠃

ᠡᠭᠦᠨ ᠡᠴᠡ ᠭᠠᠳᠠᠨ᠎ᠠ᠂ ᠤᠯᠤᠰ ᠤ᠋ᠨ ᠲᠡᠮᠦᠷ ᠵᠠᠮ ᠤ᠋ᠨ ᠬᠥᠬᠡᠬᠣᠲᠠ ᠲᠣᠪᠴᠢᠶ᠎ᠠ ᠠᠵᠤ ᠠᠬᠤᠶ᠋ᠢᠯᠠᠯ ᠤ᠋ᠨ ᠪᠠᠷᠠᠭᠠᠨ ᠤ᠋ ᠭᠦᠢᠯᠭᠡᠭᠡ ᠵᠢᠨ ᠬᠡᠷᠡᠭᠴᠡᠭᠡ ᠱᠠᠭᠠᠷᠳᠠᠯᠭ᠎ᠠ ᠯᠤᠭ᠎ᠠ ᠣᠨᠣᠴᠠᠲᠠᠶ ᠵᠣᠯᠭᠠᠭᠤᠯᠤᠨ᠂ ᠵᠠᠰᠠᠮᠠᠯ ᠵᠠᠮ ᠲᠡᠮᠦᠷ ᠵᠠᠮ ᠤ᠋ᠨ ᠬᠠᠮᠲᠤᠷᠠᠭᠰᠨᠨ ᠲᠡᠭᠡᠭᠡᠪᠦᠷᠢ᠂ ᠲᠡᠮᠦᠷ ᠵᠠᠮ ᠤᠰᠤᠨ ᠵᠠᠮ ᠤ᠋ᠨ ᠬᠠᠮᠲᠤᠷᠠᠭᠰᠠᠨ ᠲᠡᠭᠡᠭᠡᠪᠦᠷᠢ ᠢ᠋ᠢᠨ ᠲᠠᠯ᠎ᠠ ᠪᠡᠷ ᠬᠦᠴᠦᠯᠡᠵᠤ᠂ ᠬᠢᠮᠢ ᠢ᠋ᠢᠨ ᠪᠣᠷᠲᠣᠭᠣᠷ ᠢ᠋ ᠨᠠᠶ᠋ᠢᠳᠠᠨ ᠲᠡᠭᠡᠭᠡᠪᠦᠷᠢᠯᠡᠭᠦᠯᠬᠦ᠌ ᠠᠵᠢᠯ ᠢ᠋ ᠥᠷᠨᠢᠭᠦᠯᠪᠠ᠃ ᠵᠢᠦᠶᠤᠸᠠᠨ ᠡᠳ᠋ ᠪᠠᠷᠠᠭᠠᠨ ᠤ᠋ ᠭᠦᠢᠯᠭᠡᠭᠡ ᠵᠢᠨ ᠬᠦᠷᠢᠶᠡᠯᠡᠩ᠂ ᠦᠬᠠᠢ ᠢ᠋ᠢᠨ ᠬᠣᠶ᠋ᠢᠲᠤ᠌ ᠬᠡᠰᠡᠭ᠎ᠲᠦ ᠡᠳ᠋  ᠪᠠᠷᠠᠭᠠᠨ ᠤ᠋ ᠭᠦᠢᠯᠭᠡᠭᠡ ᠵᠢᠨ ᠬᠦᠷᠢᠶᠡᠯᠡᠩ ᠤ᠋ᠨ ᠤᠷᠢᠳᠴᠢᠯᠠᠨ ᠨᠦᠬᠡᠴᠡᠯᠡᠬᠦ ᠬᠥᠮᠥᠷᠭᠡ ᠢ᠋ᠢ ᠪᠠᠶ᠋ᠢᠭᠤᠯᠵᠤ᠂ ᠪᠠᠷᠠᠭᠠᠨ ᠤ᠋ ᠲᠡᠭᠡᠭᠡᠪᠦᠷᠢ ᠢ᠋ᠢᠨ ᠡᠵᠡᠩᠨᠡᠯᠲᠡ ᠢ᠋ᠢᠨ ᠳᠠᠩ ᠭᠠᠭᠴᠠ ᠲᠡᠭᠡᠭᠡᠪᠦᠷᠢ ᠡᠴᠡ ᠪᠦᠬᠦ᠌ ᠬᠡᠯᠬᠢᠶᠡᠨ ᠤ᠋ ᠡᠳ᠋ ᠪᠠᠷᠠᠭᠠᠨ ᠤ᠋ ᠭᠦᠢᠯᠭᠡᠭᠡ ᠵᠢᠨ ᠦᠢᠯᠡᠴᠢᠯᠡᠭᠡ ᠲᠡᠢᠰᠢ ᠳᠡᠰ ᠳᠡᠪᠰᠢᠬᠦ᠌ ᠢ᠋ᠢ ᠠᠬᠢᠭᠤᠯᠪᠠ᠃ ᠣᠳᠣᠬᠠᠨ ᠳ᠋ᠤ ᠣᠯᠠᠨ ᠬᠡᠯᠪᠡᠷᠢ ᠢ᠋ᠢᠨ ᠬᠠᠮᠲᠤᠷᠠᠭᠰᠠᠨ ᠲᠡᠭᠡᠭᠡᠪᠦᠷᠢ ᠢ᠋ᠢᠨ ᠬᠡᠮᠵᠢᠶ᠎ᠠ ᠨᠢ ᠲᠠᠰᠤᠷᠠᠯᠲᠠ ᠥᠬᠡᠶ ᠥᠷᠭᠡᠳᠴᠦ᠍᠂ ᠲᠡᠮᠦᠷ ᠵᠠᠮ ᠤᠰᠤᠨ ᠵᠠᠮ ᠤ᠋ᠨ ᠬᠠᠮᠲᠤᠷᠠᠭᠰᠠᠨ ᠲᠡᠭᠡᠭᠡᠪᠦᠷᠢ᠂ ᠪᠠᠷᠠᠭᠠᠨ ᠤ᠋ ᠲᠡᠭᠡᠭᠡᠪᠦᠷᠢ ᠢ᠋ᠢᠨ ᠡᠭᠡᠯᠵᠢ ᠢ᠋ᠢᠨ ᠭᠠᠯᠲᠤ ᠲᠡᠷᠭᠡ ᠵᠡᠷᠬᠡ ᠨᠢ ᠨᠢᠬᠡᠨᠳᠡ ᠪᠣᠰᠣᠭ᠎ᠠ ᠴᠣᠭᠴᠠᠲᠤ᠌ ᠡᠳ᠋ ᠪᠠᠷᠠᠭᠠᠨ ᠤ᠋ ᠭᠦᠢᠯᠭᠡᠭᠡᠨ ᠤ᠋ ᠲᠡᠭᠡᠭᠡᠪᠦᠷᠢ ᠢ᠋ᠢᠨ ᠲᠤᠤᠷ ᠢ᠋ ᠰᠦᠯᠵᠢᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号