ᠤᠯᠤᠰ ᠤ᠋ᠨ ᠴᠠᠬᠢᠯᠭᠠᠨ ᠲᠣᠣᠷ ᠤ᠋ᠨ ᠥᠪᠥᠷ ᠮᠣᠩᠭᠣᠯ ᠤ᠋ᠨ ᠵᠡᠭᠦᠨ ᠬᠡᠰᠡᠭ ᠤ᠋ᠨ ᠴᠠᠬᠢᠯᠭᠠᠨ ᠬᠦᠴᠦᠨ ᠤ᠋ ᠺᠤᠮᠫᠠᠨᠢ ᠡᠴᠡ ᠤᠢᠯᠠᠭᠠᠬᠰᠠᠨ ᠢ᠋ᠶ᠋ᠡᠷ᠂ ᠤᠢ᠌ᠷ᠎ᠠ ᠳ᠋ᠤ ᠂ ᠥᠪᠥᠷ ᠮᠣᠩᠭᠣᠯ ᠤ᠋ᠨ ᠵᠡᠭᠦᠨ ᠬᠡᠰᠡᠭ ᠤ᠋ᠨ ᠴᠠᠬᠢᠯᠭᠠᠨ ᠲᠣᠣᠷ ᠡᠴᠡ ᠠᠩᠬ᠎ᠠ ᠤᠳᠠᠭ᠎ᠠ ᠹᠦᠵᠢᠶᠠᠨ ᠮᠤᠵᠢ ᠳ᠋ᠤ ᠪᠣᠬᠢᠷᠲᠤᠯ ᠦᠭᠡᠢ ᠴᠠᠬᠢᠯᠭᠠᠨ ᠬᠦᠷᠭᠡᠵᠦ᠍᠂ ᠴᠠᠬᠢᠯᠭᠠᠨ ᠬᠦᠷᠭᠡᠭᠰᠡᠨ ᠬᠡᠮᠵᠢᠶ᠎ᠡ 9300 ᠺᠢᠯᠦᠸᠠᠲ ᠴᠠᠭ ᠲᠦ᠍ ᠬᠦᠷᠪᠡ᠃ ᠡᠨᠡ ᠨᠢ ᠥᠪᠥᠷ ᠮᠣᠩᠭᠣᠯ ᠤ᠋ᠨ ᠵᠡᠭᠦᠨ ᠬᠡᠰᠡᠭ ᠤ᠋ᠨ ᠭᠠᠵᠠᠷ ᠣᠷᠣᠨ ᠤ᠋ ᠪᠣᠬᠢᠷᠲᠤᠯ ᠥᠬᠡᠶ ᠴᠠᠬᠢᠯᠭᠠᠨ ᠢ᠋ ᠱᠠᠩᠬᠠᠶ᠂ ᠵᠢᠶᠠᠩᠰᠦ᠂ ᠵᠧᠵᠢᠶᠠᠩ᠂ ᠠᠨᠾᠦ᠋ᠢ᠂ ᠹᠦᠵᠢᠶᠠᠨ ᠵᠡᠷᠭᠡ ᠬᠤᠸᠠᠳᠦ᠋ᠨᠭ ᠣᠷᠣᠨ ᠤ᠋ 5 ᠮᠤᠵᠢ ᠬᠣᠲᠠ ᠳ᠋ᠤ ᠬᠦᠷᠭᠡᠬᠦ ᠪᠤᠯᠤᠬᠰᠠᠨ ᠢ᠋ ᠬᠠᠷᠠᠭᠤᠯᠵᠤ ᠪᠠᠶ᠋ᠢᠨ᠎ᠠ᠃
ᠲᠣᠰ ᠤᠳᠠᠭ᠎ᠠ ᠶ᠋ᠢᠨ ᠴᠠᠬᠢᠯᠭᠠᠨ ᠬᠦᠷᠭᠡᠯᠲᠡ ᠵᠢ ᠨᠠᠶ᠋ᠢᠳᠠᠪᠤᠷᠢᠵᠢᠭᠤᠯᠵᠤ᠂ ᠣᠷᠣᠨ ᠠᠯᠤᠰᠯᠠᠨ ᠵᠠᠬ᠎ᠠ ᠳᠡᠯᠭᠡᠭᠦᠷᠴᠢᠯᠡᠨ ᠠᠷᠠᠯᠵᠢᠶᠠᠯᠠᠬᠤ ᠪᠡᠷ ᠳᠡᠮᠵᠢᠨ᠂ ᠲᠣᠰ ᠭᠠᠵᠠᠷ ᠤ᠋ᠨ ᠰᠠᠯᠬᠢ ᠬᠡᠷᠡᠯ ᠤ᠋ᠨ ᠡᠬᠢ ᠪᠠᠶᠠᠯᠢᠭ ᠢ᠋ ᠭᠦᠢᠴᠡᠳ ᠠᠰᠢᠭᠯᠠᠵᠤ᠂ ᠣᠷᠣᠨ ᠪᠦᠰᠡ ᠶ᠋ᠢᠨ ᠡᠨᠧᠷᠭᠢ ᠶ᠋ᠢᠨ ᠪᠦᠲᠦᠴᠡ ᠶ᠋ᠢᠨ ᠪᠣᠬᠢᠷᠲᠤᠯ ᠥᠬᠡᠶ ᠲᠡᠢᠰᠢ ᠬᠡᠯᠪᠡᠷᠢ ᠪᠠᠨ ᠬᠤᠪᠢᠷᠠᠭᠤᠯᠬᠤ ᠵᠢ ᠲᠦᠷᠭᠡᠳᠬᠡᠬᠦ ᠪᠤᠯᠤᠨ᠎ᠠ᠃ ᠬᠤᠸᠠᠳᠦ᠋ᠨᠭ ᠣᠷᠣᠨ ᠳ᠋ᠤ ᠠᠪᠴᠤ᠌ ᠬᠡᠯᠡᠪᠡᠯ᠂ ᠲᠣᠭᠲᠠᠭᠤᠨ ᠢ᠋ᠶ᠋ᠡᠷ ᠬᠦᠷᠭᠡᠬᠦ᠌ ᠪᠤᠬᠢᠷᠲᠤᠯ ᠦᠭᠡᠢ ᠴᠠᠬᠢᠯᠭᠠᠨ ᠨᠢ ᠣᠷᠣᠨ ᠪᠦᠰᠡ ᠶ᠋ᠢᠨ ᠴᠠᠬᠢᠯᠭᠠᠨ ᠬᠦᠴᠦᠨ ᠤ᠋ ᠬᠠᠩᠭᠠᠯᠭ᠎ᠠ ᠵᠢ ᠪᠦᠲᠦᠮᠵᠢᠲᠡᠶ ᠨᠥᠬᠥᠪᠥᠷᠢᠯᠡᠵᠦ᠍᠂ ᠢᠯᠴᠢ ᠶ᠋ᠢᠨ ᠴᠠᠬᠢᠯᠭᠠᠨ ᠤ᠋ ᠬᠣᠷᠣᠭᠳᠠᠭᠤᠯᠤᠯ ᠬᠢᠭᠡᠳ ᠨᠡᠭᠦᠷᠡᠰᠦᠲᠥ᠋ᠷᠥᠭᠴᠢ ᠶ᠋ᠢᠨ ᠭᠠᠳᠠᠭᠰᠢᠯᠠᠭᠤᠯᠤᠯᠲᠠ ᠵᠢ ᠪᠠᠭᠠᠰᠬᠠᠵᠤ᠂ ᠠᠵᠤ ᠠᠬᠤᠶ᠋ᠢᠯᠠᠯ ᠤ᠋ᠨ ᠶᠡᠷᠦᠩᠬᠡᠶ᠋ᠢᠯᠡᠭᠰᠡᠨ ᠴᠠᠬᠢᠯᠭᠠᠨ ᠬᠡᠷᠡᠭᠯᠡᠬᠦ᠌ ᠥᠪᠡᠷ ᠤ᠋ᠨ ᠥᠷᠲᠡᠭ ᠢ᠋ ᠵᠡᠷᠭᠡ ᠪᠡᠷ ᠪᠠᠭᠤᠷᠠᠭᠤᠯᠤᠨ᠂ ᠬᠤᠤᠰ ᠴᠢᠭᠯᠡᠯ ᠢ᠋ᠶ᠋ᠡᠷ ᠬᠠᠮᠲᠤ ᠪᠡᠷ ᠠᠰᠢᠭ ᠭᠥᠷᠳᠡᠬᠦ᠌ ᠵᠢ ᠪᠡᠶᠡᠯᠡᠭᠦᠯᠬᠦ ᠪᠤᠯᠤᠨ᠎ᠠ᠃
ᠥᠪᠥᠷ ᠮᠣᠩᠭᠣᠯ ᠤ᠋ᠨ ᠵᠡᠭᠦᠨ ᠬᠡᠰᠡᠭ ᠤ᠋ᠨ ᠭᠠᠵᠠᠷ ᠣᠷᠣᠨ ᠤ᠋ ᠰᠠᠯᠬᠢ ᠪᠠ ᠭᠡᠷᠡᠯ ᠤ᠋ᠨ ᠡᠬᠢ ᠪᠠᠶᠠᠯᠢᠭ ᠡᠯᠪᠡᠭ ᠪᠠᠶᠠᠯᠢᠭ ᠪᠠᠶ᠋ᠢᠵᠤ᠂ ᠤᠯᠤᠰ ᠤ᠋ᠨ ᠴᠢᠬᠤᠯᠠ ᠪᠣᠬᠢᠷᠲᠤᠯ ᠥᠬᠡᠶ ᠡᠨᠧᠷᠭᠢ ᠶ᠋ᠢᠨ ᠰᠠᠭᠤᠷᠢᠨ ᠪᠣᠯᠤᠨ᠎ᠠ᠃ ᠣᠷᠳᠣ ᠬᠤᠭᠤᠴᠠᠭᠠᠨ ᠤ᠋ ᠲᠤᠷᠰᠢ᠂ ᠣᠨᠴᠠ ᠥᠨᠳᠥᠷ ᠬᠦᠴᠦᠳᠡᠯᠲᠦ᠍ ᠴᠠᠬᠢᠯᠭᠠᠨ ᠬᠦᠷᠭᠡᠬᠦ᠌ ᠶᠡᠬᠡ ᠵᠠᠮ ᠪᠠ ᠪᠥᠬᠥ᠌ ᠤᠯᠤᠰ ᠤ᠋ᠨ ᠨᠢᠭᠡᠳᠦᠯᠲᠡᠶ ᠴᠠᠬᠢᠯᠭᠠᠨ ᠬᠦᠴᠦᠨ ᠤ᠋ ᠵᠠᠬ᠎ᠠ ᠳᠡᠯᠭᠡᠭᠦᠷ ᠲᠦ᠍ ᠲᠦᠰᠢᠭᠯᠡᠨ᠂ ᠲᠤᠬᠠᠶ ᠶ᠋ᠢᠨ ᠭᠠᠵᠠᠷ ᠤ᠋ᠨ ᠰᠢᠨ᠎ᠡ ᠡᠨᠧᠷᠭᠢ ᠵᠢ ᠭᠠᠳᠠᠭᠰᠢ ᠬᠦᠷᠭᠡᠬᠦ᠌ ᠳᠠᠯᠳᠠ ᠬᠦᠴᠦᠨ ᠢ᠋ ᠦᠷᠭᠦᠯᠵᠢᠯᠡᠨ ᠭᠦᠨ ᠠᠭᠤᠳᠠᠯᠵᠤ᠂ ᠰᠠᠯᠬᠢ ᠬᠡᠷᠡᠯ ᠤ᠋ᠨ ᠡᠨ᠋ᠸᠷᠬᠢ ᠵᠢ ᠰᠢᠩᠭᠡᠭᠡᠨ ᠠᠰᠢᠬᠯᠠᠬᠤ ᠰᠢᠨ᠎ᠡ ᠵᠠᠮ ᠢ᠋ ᠨᠡᠪᠲᠡᠷᠡᠭᠦᠯᠪᠡ᠃ ᠣᠳᠣᠬᠠᠨ ᠪᠣᠯᠲᠠᠯ᠎ᠠ᠂ ᠥᠪᠥᠷ ᠮᠣᠩᠭᠣᠯ ᠤ᠋ᠨ ᠵᠡᠭᠦᠨ ᠬᠡᠰᠡᠭ ᠤ᠋ᠨ ᠭᠠᠵᠠᠷ ᠣᠷᠣᠨ ᠡᠨᠡ ᠵᠢᠯ ᠬᠤᠸᠠᠳᠦ᠋ᠨᠭ ᠣᠷᠣᠨ ᠳ᠋ᠤ ᠪᠤᠬᠢᠷᠲᠤᠯ ᠦᠭᠡᠢ ᠴᠠᠬᠢᠯᠭᠠᠨ ᠢ᠋ ᠨᠡᠶ᠋ᠢᠲᠡ 25.2 ᠳ᠋ᠦᠩᠰᠢᠭᠤᠷ ᠺᠢᠯᠦᠸᠠᠲ ᠴᠠᠭ ᠬᠦᠷᠭᠡᠭᠰᠡᠨ ᠪᠠᠶ᠋ᠢᠨ᠎ᠠ᠃