ᠡᠨᠡ ᠵᠢᠯ ᠤ᠋ᠨ 3 ᠰᠠᠷ᠎ᠠ ᠳ᠋ᠤ᠂ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠣᠶ ᠰᠢᠭᠤᠢ ᠪᠠ ᠨᠤᠲᠤᠭ ᠪᠡᠯᠴᠢᠭᠡᠷ ᠤ᠋ᠨ ᠲᠣᠪᠴᠢᠶ᠎ᠠ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠣᠨ ᠮᠠᠯᠵᠢᠬᠤ ᠣᠷᠣᠨ ᠤ᠋ ᠲᠢᠩᠬᠢᠮ ᠵᠡᠷᠭᠡ 12 ᠰᠠᠯᠠᠭ᠎ᠠ ᠮᠥᠴᠢᠷᠲᠠᠢ ᠬᠠᠮᠲᠤᠷᠠᠨ᠂ ᠪᠥᠬᠥ ᠣᠷᠣᠨ ᠤ᠋ ᠬᠡᠪᠴᠢᠶᠡᠨ ᠳ᠋ᠤ 《ᠴᠡᠭᠴᠡᠯᠡᠯᠳᠡ ᠵᠢᠨ ᠠᠵᠢᠯᠯᠠᠭ᠎ᠠ 2026》 ᠲᠤᠰᠬᠠᠢ ᠵᠦᠢᠯ ᠤ᠋ᠨ ᠬᠠᠮᠲᠤᠷᠠᠨ ᠬᠠᠤᠯᠢ ᠬᠡᠷᠡᠭᠵᠢᠭᠦᠯᠬᠦ ᠠᠵᠢᠯᠯᠠᠭ᠎ᠠ ᠶ᠋ᠢ ᠥᠷᠨᠢᠭᠦᠯᠵᠦ᠂ ᠬᠡᠭᠡᠷ᠎ᠡ ᠵᠢᠨ ᠠᠮᠢᠲᠠᠨ ᠤᠷᠭᠤᠮᠠᠯ ᠤ᠋ᠨ ᠬᠦᠷᠢᠶᠡᠨᠳᠡᠬᠢ ᠬᠠᠤᠯᠢ ᠡᠴᠡ ᠵᠥᠷᠢᠴᠡᠭᠰᠡᠨ ᠶᠠᠯᠠᠲᠤ ᠠᠵᠢᠯᠯᠠᠭ᠎ᠠ ᠳ᠋ᠤ ᠴᠢᠩᠭ᠎ᠠ ᠴᠣᠬᠢᠯᠲᠠ ᠥᠭᠴᠦ᠂ ᠪᠥᠬᠥ ᠣᠷᠣᠨ ᠤ᠋ ᠬᠡᠭᠡᠷ᠎ᠡ ᠵᠢᠨ ᠠᠮᠢᠲᠠᠨ ᠤᠷᠭᠤᠮᠠᠯ ᠤ᠋ᠨ ᠬᠠᠮᠠᠭᠠᠯᠠᠯᠲᠠ ᠬᠠᠮᠢᠶᠠᠷᠤᠯᠲᠠ ᠵᠢᠨ ᠡᠮᠬᠢ ᠳᠢᠭ᠌ᠯᠢᠮ ᠤ᠋ᠨ ᠦᠷᠭᠦᠯᠵᠢᠯᠡᠨ ᠰᠠᠢᠵᠢᠷᠠᠬᠤ ᠶ᠋ᠢ ᠠᠬᠢᠭᠤᠯᠪᠠ᠃
ᠲᠣᠰ ᠤᠳᠠᠭᠠᠨ ᠤ᠋ ᠠᠵᠢᠯᠯᠠᠭ᠎ᠠ ᠨᠢ ᠠᠩᠨᠠᠬᠤ᠂ ᠲᠡᠭᠡᠭᠡᠪᠦᠷᠢᠯᠡᠬᠦ᠂ ᠠᠷᠠᠯᠵᠢᠶᠠᠯᠠᠬᠤ᠂ ᠡᠴᠤᠰ ᠤ᠋ᠨ ᠬᠡᠷᠡᠭᠯᠡᠭᠡ ᠵᠡᠷᠭᠡ ᠵᠠᠩᠭᠢᠯᠠᠭ᠎ᠠ ᠵᠢᠨ ᠭᠣᠭᠴᠣᠭ᠎ᠠ ᠳ᠋ᠤ ᠠᠩᠬᠠᠷᠤᠯ ᠵᠢᠡᠨ ᠲᠥᠪᠯᠡᠷᠡᠭᠦᠯᠵᠦ᠂ ᠡᠬᠢ ᠡᠭᠦᠰᠦᠯ ᠪᠠ ᠡᠴᠤᠰ ᠤ᠋ᠨ ᠭᠤᠭᠴᠤᠭ᠎ᠠ ᠵᠢᠨ ᠬᠠᠮᠢᠶᠠᠷᠤᠯᠲᠠ ᠡᠵᠡᠮᠳᠡᠯ ᠢ᠋ ᠳᠣᠪᠣᠶ᠋ᠢᠯᠭᠠᠨ᠂ ᠣᠯᠠᠨ ᠰᠠᠯᠠᠭ᠎ᠠ ᠮᠥᠴᠢᠷ ᠬᠠᠮᠲᠤᠷᠠᠨ ᠬᠠᠤᠯᠢ ᠬᠡᠷᠡᠭᠵᠢᠭᠦᠯᠬᠦ ᠪᠡᠷ ᠳᠠᠮᠵᠢᠨ ᠪᠥᠬᠥ ᠬᠡᠯᠬᠢᠶᠡᠨ ᠤ᠋ ᠪᠢᠲᠡᠭᠦᠮᠵᠢᠯᠡᠭᠰᠡᠨ ᠬᠢᠨᠠᠯᠲᠠ ᠬᠠᠮᠢᠶᠠᠷᠤᠯᠲᠠ ᠵᠢᠨ ᠰᠢᠰᠲᠧᠮ ᠢ᠋ ᠪᠠᠢᠭᠤᠯᠵᠤ᠂ ᠲᠣᠭᠣᠷᠢᠨ ᠪᠠᠢᠴᠠᠭᠠᠵᠤ ᠬᠠᠮᠢᠶᠠᠷᠤᠨ ᠡᠵᠡᠮᠳᠡᠬᠦ ᠶ᠋ᠢ ᠪᠥᠬᠥ ᠲᠠᠯ᠎ᠠ ᠪᠡᠷ ᠴᠢᠩᠭᠠᠳᠬᠠᠨ᠂ ᠬᠠᠤᠯᠢ ᠪᠤᠰᠤ ᠠᠰᠢᠭ᠋ ᠲᠤᠰᠠ ᠵᠢᠨ ᠬᠡᠯᠬᠢᠶ᠎ᠡ ᠶ᠋ᠢ ᠡᠷᠡᠰ ᠲᠠᠰᠤᠯᠪᠠ᠃ ᠠᠵᠢᠯᠯᠠᠭ᠎ᠠ ᠵᠢᠨ ᠬᠤᠭᠤᠴᠠᠭᠠᠨ ᠳ᠋ᠤ᠂ ᠡᠯ᠎ᠡ ᠲᠥᠷᠥᠯ ᠤ᠋ᠨ ᠲᠠᠯᠠᠪᠤᠷ ᠭᠠᠵᠠᠷ ᠢ᠋13256 ᠪᠠᠢᠴᠠᠭᠠᠵᠤ᠂ ᠬᠡᠭᠡᠷ᠎ᠡ ᠵᠢᠨ ᠠᠮᠢᠲᠠᠨ ᠤᠷᠭᠤᠮᠠᠯ ᠤ᠋ᠨ ᠣᠷᠣᠰᠢᠨ ᠠᠮᠢᠳᠤᠷᠠᠬᠤ ᠭᠠᠵᠠᠷ᠂ ᠬᠥᠮᠥᠨ ᠤ᠋ ᠬᠦᠴᠦ ᠪᠡᠷ ᠦᠷᠡᠵᠢᠭᠦᠯᠦᠨ ᠪᠣᠢᠵᠢᠭᠤᠯᠬᠤ᠂ ᠡᠵᠡᠩᠨᠡᠨ ᠠᠰᠢᠭ᠍ᠯᠠᠬᠤ᠂ ᠢᠯᠡᠭᠡᠵᠦ ᠭᠤᠪᠢᠭᠤᠯᠬᠤ ᠠᠵᠤ ᠠᠬᠤᠢᠯᠠᠯ ᠵᠡᠷᠭᠡ ᠣᠯᠠᠨ ᠬᠦᠷᠢᠶ᠎ᠡ ᠶ᠋ᠢ ᠬᠠᠮᠤᠷᠴᠠᠢ᠃ ᠣᠶ ᠰᠢᠭᠤᠢ ᠵᠢᠨ ᠳᠠᠷᠤᠭ᠎ᠠ᠂ ᠠᠮᠢ ᠠᠬᠤᠢ ᠵᠢᠨ ᠣᠶ ᠰᠢᠭᠤᠢ ᠵᠢᠨ ᠬᠠᠮᠠᠭᠠᠯᠠᠭ᠍ᠴᠢ᠂ ᠨᠤᠲᠤᠭ ᠪᠡᠯᠴᠢᠭᠡᠷ ᠤ᠋ᠨ ᠬᠠᠮᠢᠶᠠᠷᠤᠭ᠍ᠴᠢ ᠵᠢᠨ ᠡᠩᠨᠡᠭᠡ ᠳ᠋ᠤ ᠲᠦᠰᠢᠭᠯᠡᠨ᠂ ᠪᠥᠬᠥ ᠣᠷᠣᠨ ᠤ᠋ 67 ᠰᠢᠪᠠᠭᠤᠨ ᠤ᠋ ᠲᠥᠷᠥᠯ ᠤ᠋ᠨ ᠴᠢᠬᠤᠯᠠ ᠣᠷᠣᠰᠢᠨ ᠠᠮᠢᠳᠤᠷᠠᠬᠤ ᠭᠠᠵᠠᠷ ᠢ᠋ ᠪᠠᠢᠩᠭᠤᠵᠢᠭᠤᠯᠤᠨ ᠵᠢᠵᠢᠭᠦᠷᠯᠡᠨ ᠰᠠᠬᠢᠵᠤ᠂ ᠲᠣᠭᠣᠷᠢᠨ ᠬᠠᠮᠠᠭᠠᠯᠠᠵᠤ ᠵᠢᠭ᠍ᠰᠠᠭᠠᠨ ᠪᠠᠢᠴᠠᠭᠠᠬᠤ᠂ ᠠᠩ ᠤ᠋ᠨ ᠪᠠᠭᠠᠵᠢ ᠶ᠋ᠢ ᠬᠤᠷᠢᠶᠠᠮᠵᠢᠯᠠᠬᠤ ᠪᠠ ᠬᠡᠭᠡᠷ᠎ᠡ ᠵᠢᠨ ᠠᠮᠢᠲᠠᠨ ᠢ᠋ ᠠᠪᠤᠷᠠᠨ ᠬᠠᠮᠠᠭᠠᠯᠠᠬᠤ ᠠᠵᠢᠯ ᠢ᠋ ᠰᠠᠢᠲᠤᠷ ᠬᠢᠪᠡ᠃
ᠠᠵᠢᠯ ᠤ᠋ᠨ ᠶᠠᠰᠤ ᠴᠢᠨᠠᠷ ᠦᠷ᠎ᠡ ᠪᠦᠲᠦᠮᠵᠢ ᠶ᠋ᠢ ᠪᠠᠲᠤᠯᠠᠬᠤ ᠵᠢᠨ ᠲᠥᠯᠥᠭᠡ᠂ ᠥᠪᠥᠷ ᠮᠣᠩᠭᠣᠯ ᠭᠣᠣᠯᠯᠠᠭ᠍ᠴᠢ ᠬᠦᠴᠦᠨ ᠢ᠋ ᠰᠣᠩᠭᠣᠨ ᠵᠢᠯᠤᠭᠣᠳᠬᠤ ᠳᠤᠭᠤᠢᠯᠠᠩ ᠪᠠᠢᠭᠤᠯᠵᠤ᠂ ᠡᠯ᠎ᠡ ᠠᠢᠮᠠᠭ ᠬᠣᠲᠠ ᠳ᠋ᠤ ᠭᠦᠨᠵᠡᠭᠡᠢᠷᠡᠨ ᠲᠤᠬᠠᠢ ᠵᠢᠨ ᠭᠠᠵᠠᠷ ᠲᠤᠨᠢ ᠵᠢᠭᠠᠨ ᠵᠢᠯᠤᠭᠣᠳᠬᠤ᠂ ᠮᠠᠲᠧᠷᠢᠶᠠᠯ ᠢ᠋ ᠬᠢᠨᠠᠨ ᠪᠠᠢᠴᠠᠭᠠᠬᠤ᠂ ᠲᠤᠬᠠᠢ ᠵᠢᠨ ᠭᠠᠵᠠᠷ ᠲᠤᠨᠢ ᠬᠠᠷᠭᠤᠭᠤᠯᠤᠨ ᠪᠠᠢᠴᠠᠭᠠᠬᠤ ᠵᠡᠷᠭᠡ ᠠᠷᠭ᠎ᠠ ᠬᠡᠯᠪᠡᠷᠢ ᠪᠡᠷ ᠳᠠᠮᠵᠢᠨ᠂ ᠬᠠᠤᠯᠢ ᠬᠡᠷᠡᠭᠵᠢᠭᠦᠯᠦᠯᠲᠡ ᠵᠢᠨ ᠬᠠᠮᠵᠢᠯᠴᠠᠭ᠎ᠠ᠂ ᠬᠡᠷᠡᠭ ᠢ᠋ ᠰᠢᠢᠳᠪᠦᠷᠢᠯᠡᠬᠦ ᠵᠡᠷᠭᠡ ᠠᠵᠢᠯ ᠢ᠋ ᠵᠢᠯᠤᠭᠣᠳᠴᠤ᠂ ᠦᠨᠳᠦᠰᠦᠨ ᠱᠠᠲᠤᠨ ᠤ᠋ ᠠᠵᠢᠯ ᠤ᠋ᠨ ᠬᠦᠴᠢᠷ ᠠᠰᠠᠭᠤᠳᠠᠯ ᠢ᠋ ᠰᠢᠢᠳᠪᠦᠷᠢᠯᠡᠪᠡ᠃ ᠡᠭᠦᠨ ᠤ᠋ ᠬᠠᠮᠲᠤ᠂ ᠤᠬᠠᠭᠤᠯᠭ᠎ᠠ ᠵᠢᠨ ᠭᠣᠭᠴᠣᠭ᠎ᠠ ᠶ᠋ᠢ ᠴᠢᠩᠭ᠎ᠠ ᠠᠳᠬᠤᠵᠤ᠂ 《ᠳᠡᠯᠡᠬᠡᠢ ᠵᠢᠨ ᠬᠡᠭᠡᠷ᠎ᠡ ᠵᠢᠨ ᠠᠮᠢᠲᠠᠨ ᠤᠷᠭᠤᠮᠠᠯ ᠢ᠋ ᠬᠠᠮᠠᠭᠠᠯᠠᠬᠤ ᠡᠳᠦᠷ》᠂ 《ᠰᠢᠪᠠᠭᠤ ᠬᠠᠢᠷᠠᠯᠠᠬᠤ ᠭᠠᠷᠠᠭ》 ᠵᠡᠷᠭᠡ ᠠᠮᠢ ᠠᠬᠤᠢ ᠵᠢᠨ ᠤᠬᠠᠭᠤᠯᠭ᠎ᠠ ᠵᠢᠨ ᠭᠣᠭᠴᠣᠭ᠎ᠠ ᠳ᠋ᠤ ᠲᠦᠰᠢᠭᠯᠡᠨ᠂ ᠰᠦᠯᠵᠢᠶᠡᠨ ᠳᠡᠭᠡᠷᠡᠬᠢ ᠳᠠᠮᠵᠢᠭᠤᠯᠭ᠎ᠠ᠂ ᠰᠦᠯᠵᠢᠶᠡᠨ ᠭᠠᠳᠠᠨᠠᠬᠢ ᠬᠠᠤᠯᠢ ᠴᠠᠭᠠᠵᠠ ᠵᠢᠨ ᠶᠡᠷᠦ ᠵᠢᠨ ᠮᠡᠳᠡᠯᠭᠡ ᠶ᠋ᠢ ᠲᠦᠭᠡᠮᠡᠯᠵᠢᠭᠦᠯᠬᠦ ᠤᠬᠠᠭᠤᠯᠭ᠎ᠠ᠂ ᠬᠡᠷᠡᠭ ᠵᠢᠡᠷ ᠬᠠᠤᠯᠢ ᠶ᠋ᠢ ᠲᠠᠢᠯᠪᠤᠷᠢᠯᠠᠬᠤ ᠵᠡᠷᠭᠡ ᠣᠯᠠᠨ ᠠᠷᠭ᠎ᠠ ᠬᠡᠯᠪᠡᠷᠢ ᠪᠡᠷ ᠬᠠᠤᠯᠢ ᠴᠠᠭᠠᠵᠠ ᠬᠠᠤᠯᠢ ᠲᠣᠭᠲᠠᠭᠠᠯ ᠪᠣᠯᠣᠨ ᠠᠮᠢ ᠠᠬᠤᠢ ᠵᠢᠨ ᠮᠡᠳᠡᠯᠭᠡ ᠶ᠋ᠢ ᠲᠦᠭᠡᠮᠡᠯᠵᠢᠭᠦᠯᠤᠨ᠂ ᠪᠥᠬᠥ ᠠᠷᠠᠳ ᠵᠢᠡᠷ ᠵᠢᠡᠨ ᠣᠷᠣᠯᠴᠠᠵᠤ᠂ ᠬᠡᠭᠡᠷ᠎ᠡ ᠵᠢᠨ ᠠᠮᠢᠲᠠᠨ ᠤᠷᠭᠤᠮᠠᠯ ᠢ᠋ ᠬᠠᠢᠷᠠᠯᠠᠵᠤ ᠬᠠᠮᠠᠭᠠᠯᠠᠬᠤ ᠰᠠᠢᠨ ᠰᠠᠢᠬᠠᠨ ᠠᠭᠤᠷ ᠠᠮᠢᠰᠬᠤᠯ ᠢ᠋ ᠪᠣᠶ ᠪᠤᠯᠭᠠᠪᠠ᠃