ᠤᠯᠠᠭᠠᠨᠴᠠᠪ ᠬᠤᠳᠠ ᠵᠢᠨ ᠴᠠᠬᠠᠷ ᠪᠠᠷᠠᠭᠤᠨ ᠭᠠᠷᠤᠨ ᠳᠤᠮᠳᠠᠳᠤ ᠬᠣᠱᠢᠭᠤᠨ ᠤ᠋ ᠬᠦᠢᠲᠡᠨ ᠰᠢᠯᠢ ᠵᠢᠨ ᠬᠤᠩᠬᠤᠷ ᠤ᠋ᠨ ᠭᠤᠤ ᠵᠢᠨ ᠰᠣᠷᠭᠣᠭ ᠴᠡᠴᠡᠭᠳᠤ ᠲᠠᠯ᠎ᠠ ᠨᠤᠲᠤᠭ ᠪᠣᠯ ᠮᠤᠨᠠ ᠠᠭᠤᠯᠠ ᠵᠢᠨ ᠠᠷᠤ ᠬᠣᠷᠮᠣᠢ ᠳ᠋ᠡᠬᠢ ᠬᠣᠪᠣᠷ ᠨᠠᠨᠳᠢᠨ ᠠᠮᠢ ᠠᠬᠤᠢ ᠵᠢᠨ ᠡᠬᠢ ᠪᠠᠶᠠᠯᠢᠭ ᠪᠣᠯᠤᠨ᠎ᠠ᠃ ᠰᠡᠷᠢᠭᠦᠨ ᠳᠠᠭᠠᠯᠠᠮᠵᠢᠳᠠᠢ ᠠᠭᠤᠷ ᠠᠮᠢᠰᠬᠤᠯ᠂ 600 ᠳᠡᠭᠰᠢ ᠳᠥᠷᠪᠡᠯᠵᠢᠨ ᠺᠢᠯᠦᠮᠧᠲᠷ ᠪᠦᠬᠦᠢ ᠥᠨᠳᠥᠷ ᠠᠭᠤᠯᠠ ᠵᠢᠨ ᠳᠠᠯ᠎ᠠ ᠨᠤᠳᠤᠭ᠂ ᠮᠢᠩᠭᠠᠨ ᠤᠨ ᠤ᠋ ᠴᠠᠭᠠᠨ ᠬᠤᠰᠤ ᠵᠢᠨ ᠣᠶ ᠵᠡᠷᠭᠡ ᠥᠪᠡᠷᠮᠢᠴᠡ ᠪᠠᠢᠭᠠᠯᠢᠵᠢᠨ ᠦᠵᠡᠮᠵᠢ ᠨᠢ ᠬᠤᠯᠠ ᠤᠢᠷ᠎ᠠ ᠵᠢᠨ ᠵᠢᠭᠤᠯᠴᠢᠯᠠᠭᠰᠠᠳᠤᠨ ᠰᠡᠯᠡᠬᠦᠴᠡᠨ ᠲᠤᠭᠤᠷᠢᠬᠤ ᠬᠦᠰᠡᠯᠤᠨ ᠭᠠᠵᠠᠷ ᠪᠤᠯᠤᠭᠰᠠᠨ ᠪᠠᠢᠨ᠎ᠠ᠃

ᠤᠷᠳᠤ ᠬᠤᠭᠤᠴᠠᠭᠠᠨ ᠤ᠋ ᠳᠤᠷᠰᠢ ᠳᠤᠰ ᠬᠤᠰᠢᠭᠤᠵᠢᠨ ᠬᠢᠨ ᠠᠮᠢ ᠠᠬᠤᠢ ᠵᠢ ᠵᠠᠰᠠᠨ ᠰᠡᠷᠭᠦᠭᠡᠬᠦ ᠢᠨᠵᠧᠨᠧᠷᠢᠩ ᠢ᠋ ᠬᠦᠨᠵᠡᠭᠡᠢ ᠬᠡᠷᠡᠭᠵᠢᠭᠦᠯᠵᠤ᠂ ᠣᠳᠤ ᠬᠦᠢᠲᠡᠨ ᠰᠢᠯᠢ ᠵᠢᠨ ᠲᠠᠯ᠎ᠠ ᠨᠤᠲᠤᠭ ᠤ᠋ᠨ ᠶᠡᠷᠦᠩᠬᠡᠢᠯᠡᠭᠰᠡᠨ ᠤᠷᠭᠤᠮᠠᠯ ᠤ᠋ᠨ ᠬᠤᠴᠢᠯᠭ᠎ᠠ ᠵᠢᠨ ᠪᠦᠷᠬᠦᠴᠡ 90.7% ᠳ᠋ᠤ ᠳᠤᠭᠳᠠᠪᠤᠷᠢᠵᠢᠵᠤ᠂ ᠬᠤᠩᠬᠤᠷ ᠤ᠋ᠨ ᠭᠤᠤ ᠵᠢᠨ ᠴᠠᠭᠠᠨ ᠬᠤᠰᠤ ᠢᠬᠴᠤᠷᠠᠨ ᠤᠷᠭᠤᠵᠤ᠂ ᠠᠭᠤᠯᠠᠨ ᠳᠤᠮᠳᠠᠬᠢ ᠭᠣᠷᠣᠬ᠎ᠠ ᠵᠢᠨ ᠤᠷᠤᠰᠬᠠᠯ ᠵᠢᠯ ᠲᠤᠷᠰᠢ ᠲᠤᠩᠭᠠᠯᠠᠭᠰᠢᠨ᠂ ᠪᠣᠷᠣ ᠲᠣᠭᠣᠷᠤᠤ᠂ ᠬᠠᠢᠷᠠᠭᠤᠴᠠᠢ᠂ ᠪᠤᠷᠤ ᠭᠥᠷᠥᠭᠡᠰᠦ ᠵᠡᠷᠭᠡ ᠬᠡᠭᠡᠷ᠎ᠡ ᠵᠢᠨ ᠠᠮᠢᠲᠠᠨ ᠵᠢᠭᠦᠷᠳᠡᠨ ᠵᠦᠩᠳᠡᠭᠡᠨ ᠬᠠᠷᠠᠭᠳᠠᠵᠤ᠂ ᠠᠮᠢ ᠠᠬᠤᠢ ᠤᠷᠴᠢᠨ ᠳᠤᠭᠤᠷᠢᠨ ᠤ᠋ ᠶᠠᠰᠤ ᠴᠢᠨᠠᠷ ᠢᠯᠡᠳᠳᠠ ᠰᠠᠢᠵᠢᠷᠠᠭᠰᠠᠨ ᠪᠠᠢᠨ᠎ᠠ᠃



2008-2025 © ᠳᠤᠮᠳᠠᠳᠤ ᠤᠯᠤᠰᠤᠨ ᠮᠤᠩᠭᠤᠯ ᠬᠡᠯᠡᠨᠤ ᠰᠤᠨᠢᠨ ᠮᠡᠳᠡᠭᠡᠨᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号