ᠬᠣᠷᠣᠬᠠᠢ ᠵᠢᠨ ᠬᠥᠨᠥᠭᠡᠯ ᠤ᠋ᠨ ᠰᠡᠷᠭᠡᠢᠯᠡᠯᠳᠡ
2026-07-20 10:41:42
ᠵᠣᠬᠢᠶᠠᠭ᠍ᠴᠢ᠄
ᠨᠠᠮᠤᠭ
ᠣᠩᠱᠢᠭ᠍ᠰᠠᠨ ᠣᠳᠠᠭ᠎ᠠ᠄
★★★☆☆

ᠬᠦᠬᠡᠬᠤᠲᠠ ᠵᠢᠨ ᠤᠢ ᠰᠢᠭᠤᠢ ᠪᠠ ᠨᠤᠲᠤᠭ ᠪᠡᠯᠴᠢᠭᠡᠷ ᠤ᠋ᠨ ᠲᠤᠪᠴᠢᠶ᠎ᠡ ᠵᠢᠨ ᠠᠷᠠᠴᠢᠯᠠᠨ ᠬᠠᠮᠠᠭᠠᠯᠠᠬᠤ ᠲᠥᠪ 《ᠵᠢᠯᠣᠭᠣᠴᠢ ᠦᠭᠡᠢ ᠨᠢᠰᠬᠡᠯ ᠵᠢᠡᠷ ᠰᠡᠷᠭᠡᠢᠯᠡᠬᠦ + ᠬᠥᠮᠥᠨ ᠤ᠋ ᠬᠦᠴᠦ ᠪᠡᠷ ᠰᠡᠷᠭᠡᠢᠯᠡᠨ ᠵᠠᠰᠠᠬᠤ》 ᠶ᠋ᠢ ᠴᠢᠡᠭᠭ᠎ᠠ ᠠᠳᠬᠤᠵᠤ᠂ ᠵᠣᠨ ᠤ᠋ ᠤᠯᠠᠷᠢᠯ ᠤ᠋ᠨ ᠡᠪᠡᠳᠴᠢᠨ ᠪᠠ ᠬᠣᠷᠣᠬᠠᠢ ᠵᠢᠨ ᠬᠦᠨᠦᠭᠡᠯ ᠣᠯᠠᠨ ᠡᠭᠦᠰᠳᠡᠭ ᠬᠤᠭᠤᠴᠠᠭᠠᠨ ᠤ᠋ ᠲᠤᠰᠬᠠᠢ ᠵᠠᠰᠠᠯᠲᠠ ᠶ᠋ᠢ ᠡᠷᠴᠢᠮᠳᠠᠢ ᠦᠷᠨᠢᠬᠦᠯᠤᠨ᠂ ᠨᠢᠰᠬᠡᠯ ᠵᠢᠡᠷ ᠰᠡᠷᠭᠡᠢᠯᠡᠨ ᠵᠠᠰᠠᠬᠰᠠᠨ ᠲᠠᠯᠠᠪᠠᠶ ᠨᠡᠶ᠋ᠢᠲᠡ 4000 ᠮᠦ᠍᠂ ᠬᠥᠮᠥᠨ ᠤ᠋ ᠬᠦᠴᠦ ᠪᠡᠷ ᠰᠡᠷᠭᠡᠢᠯᠡᠨ ᠵᠠᠰᠠᠬᠰᠠᠨ ᠲᠠᠯᠠᠪᠠᠶ 1400 ᠭᠠᠷᠤᠢ ᠮᠦ᠍ ᠳ᠋ᠤ ᠬᠦᠷᠴᠦ᠂ ᠤᠳᠤᠬᠠᠨ ᠳ᠋ᠤ ᠱᠠᠲᠤᠴᠢ  ᠴᠢᠨᠠᠷᠲᠠᠢ ᠰᠡᠷᠭᠡᠢᠯᠡᠨ ᠵᠠᠰᠠᠬᠤ ᠠᠵᠢᠯ ᠢ᠋ ᠪᠡᠶᠡᠯᠡᠭᠦᠯᠪᠠ᠃

ᠨᠢᠰᠬᠡᠯ ᠵᠢᠡᠷ ᠰᠡᠷᠭᠡᠢᠯᠡᠬᠦ᠂ ᠬᠥᠮᠥᠨ ᠤ᠋ ᠬᠦᠴᠦ ᠪᠡᠷ ᠰᠡᠷᠭᠡᠢᠯᠡᠨ ᠵᠠᠰᠠᠬᠤ ᠪᠡᠷ ᠳᠡᠮᠵᠢᠨ᠂ ᠬᠦᠬᠡᠬᠤᠳᠠ ᠵᠢᠨ ᠬᠠᠷᠢᠶ᠎ᠠ ᠣᠷᠣᠨ ᠤ᠋ ᠣᠶ ᠰᠢᠭᠤᠢ ᠵᠢᠨ ᠬᠤᠷᠤᠬᠠᠢ ᠰᠢᠪᠠᠵᠢ ᠵᠢᠨ ᠨᠢᠭ᠍ᠲᠠᠴᠠ ᠶᠡᠬᠡ ᠬᠡᠮᠵᠢᠶ᠎ᠡ ᠪᠡᠷ ᠪᠠᠭᠤᠷᠠᠨ᠂ ᠪᠠᠭᠠᠷᠠᠩ ᠬᠣᠷᠣᠬᠠᠢ᠂ ᠨᠠᠪᠴᠢ ᠢᠳᠡᠳᠡᠭ ᠬᠣᠣᠷᠲᠤ ᠬᠣᠷᠣᠬᠠᠢ ᠵᠢᠨ ᠲᠥᠷᠥᠯ ᠵᠦᠢᠯ ᠤ᠋ᠨ ᠲᠣᠭ᠎ᠠ ᠬᠡᠮᠵᠢᠶ᠎ᠡ ᠢᠯᠡᠳᠲᠡ ᠪᠠᠭᠠᠰᠴᠤ᠂ ᠡᠪᠡᠳᠴᠢᠨ ᠪᠠ ᠬᠤᠷᠤᠬᠠᠢ ᠵᠢᠨ ᠬᠥᠨᠥᠭᠡᠯ ᠳᠡᠯᠭᠡᠷᠡᠬᠦ ᠪᠠᠢᠳᠠᠯ ᠪᠦᠲᠦᠮᠵᠢᠲᠡᠶ ᠬᠣᠷᠢᠭ᠍ᠯᠠᠭᠳᠠᠨ᠂ ᠣᠶ ᠮᠣᠳᠣᠨ ᠤ᠋ ᠬᠤᠪᠠᠬᠠᠢᠷᠠᠭᠰᠠᠨ ᠦᠵᠦᠭᠦᠷ᠂ ᠨᠠᠪᠴᠢ ᠵᠤᠯᠭᠠᠷᠠᠬᠤ ᠵᠡᠷᠭᠡ ᠪᠠᠢᠳᠠᠯ ᠨᠠᠮᠳᠠᠵᠤ᠂ ᠣᠶ ᠮᠣᠳᠣᠨ ᠤ᠋ ᠤᠷᠭᠤᠴᠠ ᠠᠭᠠᠵᠢᠮ ᠵᠢᠡᠷ ᠰᠡᠷᠭᠦᠪᠡ᠃ ᠪᠣᠬᠢᠷᠲᠤᠯ ᠦᠭᠡᠢ ᠡᠮ ᠢ᠋ ᠵᠢᠷᠤᠮᠵᠢᠭᠤᠯᠤᠨ ᠬᠡᠷᠡᠭᠯᠡᠵᠦ᠂ ᠬᠣᠣᠷ ᠬᠥᠨᠥᠭᠡᠯ ᠢ᠋ ᠠᠷᠢᠯᠭᠠᠨ ᠣᠶ ᠰᠢᠭᠤᠢ ᠶ᠋ᠢ ᠬᠠᠮᠠᠭᠠᠯᠠᠬᠤ ᠵᠢᠨ ᠬᠠᠮᠲᠤ ᠣᠶ ᠵᠢᠨ ᠬᠣᠭᠣᠷᠣᠨᠳᠣᠬᠢ ᠠᠮᠢ ᠠᠬᠤᠢ ᠵᠢᠨ ᠲᠡᠩᠴᠡᠭᠦᠷᠢ ᠶ᠋ᠢ ᠪᠠᠲᠤᠯᠠᠵᠤ᠂ ᠡᠪᠡᠳᠴᠢᠨ ᠪᠠ ᠬᠣᠷᠣᠬᠠᠢ ᠵᠢᠨ ᠬᠥᠨᠥᠭᠡᠯ ᠢ᠋ ᠵᠠᠰᠠᠬᠤ ᠵᠢᠴᠢ ᠠᠮᠢ ᠠᠬᠤᠢ ᠵᠢᠨ ᠬᠠᠮᠠᠭᠠᠯᠠᠯᠲᠠ ᠵᠢᠨ ᠬᠣᠣᠰ ᠠᠮᠵᠢᠯᠲᠠ ᠶ᠋ᠢ ᠪᠡᠶᠡᠯᠡᠭᠦᠯᠦᠭᠰᠡᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号