ᠣᠳᠣ ᠪᠤᠷᠤᠲᠤᠬᠤᠢ ᠵᠢᠨ ᠤᠰᠤᠯᠠᠯᠲᠠ ᠵᠢᠨ ᠣᠷᠣᠨ ᠶᠡᠭᠡ ᠬᠡᠮᠵᠢᠶ᠎ᠡ ᠪᠡᠷ ᠤᠰᠤ ᠬᠡᠷᠡᠭᠯᠡᠬᠦ ᠬᠤᠭᠤᠴᠠᠭᠠᠨ ᠳ᠋ᠠᠭᠠᠨ ᠤᠷᠤᠵᠠᠢ᠃ ᠪᠠᠶᠠᠨᠨᠠᠭᠤᠷ ᠬᠣᠲᠠ ᠵᠢᠨ ᠪᠣᠷᠳᠣᠬᠤᠢ ᠵᠢᠨ ᠤᠰᠤᠯᠠᠯᠲᠠ ᠵᠢᠨ ᠤᠷᠤᠨ ᠪᠣᠯ ᠦᠪᠦᠷ ᠮᠤᠩᠭᠤᠯ ᠤ᠋ᠨ ᠴᠢᠬᠤᠯᠠ ᠳᠠᠷᠢᠶᠠᠯᠠᠩ ᠤ᠋ᠨ ᠪᠦᠳᠦᠭᠡᠭᠳᠡᠭᠦᠨ ᠤ᠋ ᠦᠢᠯᠡᠳᠪᠦᠷᠢᠯᠡᠯ ᠤ᠋ᠨ ᠰᠠᠭᠤᠷᠢᠨ ᠪᠤᠯᠬᠤ ᠪᠥᠭᠡᠳ ᠬᠠᠳᠤᠨ ᠭᠤᠤᠯ ᠤ᠋ᠨ ᠤᠰᠤ ᠵᠢ ᠲᠠᠲᠠᠵᠤ ᠤᠰᠤᠯᠠᠬᠤ ᠲᠠᠯᠠᠪᠠᠢ 1100 ᠭᠠᠷᠤᠢ ᠲᠦᠮᠡᠨ ᠮᠦ᠍ ᠪᠤᠢ᠃
ᠪᠣᠷᠣᠲᠣᠬᠣᠶ ᠵᠢᠨ ᠤᠰᠤᠯᠠᠯᠲᠠ ᠵᠢᠨ ᠣᠷᠣᠨ ᠨᠢ ᠭᠠᠩ ᠬᠠᠭᠤᠷᠠᠢ ᠬᠠᠭᠠᠰ ᠭᠠᠩ ᠬᠠᠭᠤᠷᠠᠢ ᠭᠠᠵᠠᠷ ᠣᠷᠣᠨ ᠳ᠋ᠤ᠌ ᠪᠠᠢᠷᠢᠯᠠᠵᠤ᠂ ᠥᠩᠭᠡᠷᠡᠭᠰᠡᠨ ᠳ᠋ᠦ᠍ ᠲᠠᠷᠢᠶᠠᠯᠠᠬᠤ ᠡᠷᠦᠬᠡ ᠶᠡᠬᠡ ᠤᠰᠤ ᠪᠠᠷ ᠨᠡᠯᠦᠢᠲᠡᠯᠡ ᠤᠰᠤᠯᠠᠬᠤ ᠠᠷᠭ᠎ᠠ ᠪᠠᠷ ᠳᠠᠷᠢᠶ᠎ᠠ ᠲᠦᠮᠤᠰᠤ ᠪᠠᠨ ᠤᠰᠤᠯᠠᠵᠤ᠂ ᠤᠰᠤ ᠵᠢ ᠪᠦᠷᠢᠯᠭᠡᠭᠦ ᠮᠥᠷᠲᠡᠭᠡᠨ ᠴᠢᠬᠢ ᠵᠢ ᠴᠦ᠍ ᠭᠡᠮᠲᠦᠭᠡᠳᠡᠭ ᠪᠠᠢᠵᠠᠢ᠃ ᠤᠳᠤ᠂ ᠪᠣᠷᠣᠲᠣᠬᠣᠶ ᠵᠢᠨ ᠤᠰᠤᠯᠠᠯᠲᠠ ᠵᠢᠨ ᠣᠷᠣᠨ 《ᠤᠰᠤᠨ ᠳᠠᠩᠰᠠ》 ᠵᠢ ᠨᠠᠷᠢᠨ ᠪᠤᠳᠤᠵᠤ᠂ ᠲᠣᠭᠠᠴᠢᠯᠠᠭᠰᠠᠨ ᠢᠬᠡᠷ᠎ᠡ ᠵᠠᠭᠪᠤᠷ ᠤ᠋ᠨ ᠰᠢᠰᠲ᠋ᠧᠮ ᠨᠢ ᠤᠰᠤ ᠠᠷᠪᠢᠯᠠᠬᠤ 《ᠤᠶᠤᠨᠳᠤ ᠶᠡᠬᠡ ᠲᠠᠷᠢᠬᠢ》 ᠪᠣᠯᠵᠤ᠂ ᠳᠠᠭᠠᠭᠤᠯᠢ ᠣᠳᠣᠨ ᠤ᠋ ᠠᠯᠤᠰ ᠰᠠᠷᠠᠯ ᠵᠢᠡᠷ ᠤᠰᠤᠯᠠᠯᠲᠠ ᠵᠢᠨ ᠣᠷᠣᠨ ᠤ᠋ ᠭᠠᠩ ᠤ᠋ᠨ ᠪᠠᠢᠳᠠᠯ ᠤ᠋ᠨ ᠮᠡᠳᠡᠭᠡ ᠵᠠᠩᠭᠢ ᠵᠢ ᠴᠠᠭ ᠳᠤᠬᠠᠢ ᠳ᠋ᠤᠨᠢ ᠢᠯᠡᠷᠡᠭᠦᠯᠵᠦ᠂ ᠴᠠᠭ ᠠᠭᠤᠷ ᠤ᠋ᠨ ᠲᠣᠭ᠎ᠠ ᠪᠠᠷᠢᠮᠲᠠ ᠲᠠᠢ ᠤᠶᠠᠯᠳᠤᠭᠤᠯᠤᠨ ᠴᠠᠭ ᠳᠤᠬᠠᠢ ᠳ᠋ᠤᠨᠢ ᠤᠰᠤᠯᠠᠬᠤ ᠲᠣᠬᠢᠷᠠᠭᠤᠯᠤᠯᠲᠠ ᠬᠢᠳᠡᠭ; ᠨᠢᠭᠡᠳᠦᠯᠲᠡᠢ ᠤᠰᠤ ᠬᠡᠷᠡᠭᠯᠡᠬᠦ ᠬᠠᠮᠢᠶᠠᠷᠤᠯᠲᠠ ᠵᠢ ᠬᠡᠷᠡᠭᠵᠢᠭᠦᠯᠵᠤ᠂ ᠢᠯᠠᠩᠭᠤᠶ᠎ᠠ ᠡᠨᠡ ᠵᠢᠯ ᠤ᠋ᠨ 1 ᠰᠠᠷ᠎ᠠ ᠵᠢᠨ 1 ᠡᠳᠦᠷ ᠡᠴᠡ ᠡᠬᠢᠯᠡᠨ 《ᠪᠠᠶᠠᠨᠨᠠᠭᠤᠷ ᠬᠣᠲᠠ ᠵᠢᠨ ᠲᠠᠷᠢᠶᠠᠨ ᠭᠠᠵᠠᠷ ᠤ᠋ᠨ ᠤᠰᠤᠯᠠᠯᠲᠠ ᠳ᠋ᠤ᠌ ᠬᠡᠷᠡᠭᠯᠡᠬᠦ ᠤᠰᠤᠨ ᠤ᠋ ᠬᠠᠮᠢᠶᠠᠷᠤᠯᠲᠠ ᠵᠢᠨ ᠳᠦᠷᠢᠮ》 ᠢ᠋ ᠬᠡᠷᠡᠭᠵᠢᠭᠦᠯᠵᠦ᠂ ᠤᠰᠤ ᠠᠷᠪᠢᠯᠠᠬᠤ ᠬᠠᠮᠢᠶᠠᠷᠤᠯᠲᠠ ᠵᠢᠨ 《ᠡᠴᠦᠰ ᠤ᠋ᠨ ᠨᠢᠭᠡ ᠺᠢᠯᠣᠮᠧᠲ᠋ᠷ》 ᠢ᠋ ᠨᠡᠪᠲᠡᠷᠡᠭᠦᠯᠪᠡ; ᠤᠰᠤ ᠠᠷᠪᠢᠯᠠᠬᠤ ᠮᠡᠷᠭᠡᠵᠢᠯ ᠢ᠋ ᠳᠡᠯᠭᠡᠷᠡᠭᠦᠯᠤᠨ᠂ ᠤᠰᠤ ᠪᠣᠷᠳᠣᠭᠤᠷ ᠤ᠋ᠨ ᠨᠢᠭᠡ ᠴᠣᠭᠴᠠᠵᠢᠭᠤᠯᠤᠭᠰᠠᠨ ᠰᠦᠷᠴᠢᠨ ᠤᠰᠤᠯᠠᠬᠤ ᠲᠦᠭᠦᠭᠡᠷᠦᠮᠵᠢ ᠵᠢ ᠤᠭᠰᠠᠷᠠᠪᠠ᠃
2008-2025 © ᠳᠤᠮᠳᠠᠳᠤ ᠤᠯᠤᠰᠤᠨ ᠮᠤᠩᠭᠤᠯ ᠬᠡᠯᠡᠨᠤ ᠰᠤᠨᠢᠨ ᠮᠡᠳᠡᠭᠡᠨᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号