ᠬᠡᠭᠡᠷ᠎ᠡ ᠵᠢᠨ ᠠᠮᠢᠳᠠᠨ ᠤ᠋ ᠬᠠᠮᠠᠭᠠᠯᠠᠯᠳᠠ
2026-07-20 10:46:04
ᠵᠣᠬᠢᠶᠠᠭ᠍ᠴᠢ᠄
ᠨᠠᠮᠤᠭ
ᠣᠩᠱᠢᠭ᠍ᠰᠠᠨ ᠣᠳᠠᠭ᠎ᠠ᠄
★★★☆☆

ᠣᠢᠷ᠎ᠠ ᠳ᠋ᠤ᠂ ᠤᠯᠠᠭᠠᠨᠬᠠᠳᠠ ᠬᠣᠲᠠ ᠵᠢᠨ ᠠᠤᠬᠠᠨ ᠬᠣᠰᠢᠭᠤᠨ ᠤ᠋ ᠣᠶ ᠰᠢᠭᠤᠢ ᠪᠠ ᠨᠤᠲᠤᠭ ᠪᠡᠯᠴᠢᠭᠡᠷ ᠤ᠋ᠨ ᠲᠣᠪᠴᠢᠶ᠎ᠠ ᠵᠢᠨ ᠬᠢᠨ 6 ᠨᠠᠴᠢᠨ ᠢ᠋ ᠠᠪᠤᠷᠠᠨ ᠲᠤᠰᠠᠯᠠᠵᠤ᠂ ᠡᠭᠦᠨ ᠳ᠋ᠤ 4 ᠨᠢ ᠳᠡᠭᠳᠡᠭᠡᠬᠡᠢ ᠪᠠᠢᠪᠠ᠃ ᠨᠠᠴᠢᠨ ᠡᠴᠡ ᠭᠠᠳᠠᠨ᠎ᠠ᠂ ᠠᠪᠤᠷᠠᠨ ᠲᠤᠰᠠᠯᠠᠬᠤ ᠥᠷᠲᠡᠭᠡ ᠡᠴᠡ ᠤᠷᠢᠳ ᠬᠣᠵᠢᠳ ᠬᠤᠨ ᠭᠠᠯᠠᠭᠤ᠂ ᠤᠯᠠᠭᠠᠨ ᠬᠡᠪᠡᠯᠢᠲᠦ ᠬᠠᠷᠴᠠᠭᠠᠢ ᠵᠡᠷᠭᠡ ᠬᠣᠪᠣᠷ ᠴᠤᠬᠠᠭ ᠰᠢᠪᠠᠭᠤᠨ ᠤ᠋ ᠲᠥᠷᠥᠯ᠎ᠢ ᠠᠪᠤᠷᠠᠨ ᠲᠤᠰᠠᠯᠠᠪᠠ᠃

ᠠᠤᠬᠠᠨ ᠬᠣᠰᠢᠭᠤ ᠪᠤᠯ ᠬᠣᠷᠴᠢᠨ ᠤ᠋ ᠡᠯᠡᠰᠦᠷᠬᠡᠭ ᠭᠠᠵᠠᠷ ᠤ᠋ᠨ ᠡᠮᠦᠨ᠎ᠡ ᠵᠠᠬ᠎ᠠ ᠳ᠋ᠤ ᠪᠠᠢᠷᠢᠯᠠᠵᠤ᠂ ᠰᠠᠯᠬᠢ ᠡᠯᠡᠰᠦ ᠶᠡᠬᠡᠲᠠᠢ ᠭᠠᠩ ᠬᠠᠭᠤᠷᠠᠢ ᠣᠷᠣᠨ ᠪᠤᠯᠤᠨ᠎ᠠ᠃ ᠣᠯᠠᠨ ᠵᠢᠯ ᠤ᠋ᠨ ᠲᠤᠷᠰᠢ᠂ ᠲᠤᠬᠠᠢ ᠵᠢᠨ ᠭᠠᠵᠠᠷ ᠤ᠋ᠨ ᠬᠢᠨ ᠤ᠋ ᠮᠣᠳᠣ᠌ ᠳᠠᠷᠢᠵᠤ ᠣᠢᠵᠢᠭᠤᠯᠬᠤ᠂ ᠠᠭᠤᠯᠠ᠎ᠶᠢ ᠪᠢᠲᠡᠭᠦᠮᠵᠢᠯᠡᠨ ᠤᠢᠵᠢᠭᠤᠯᠬᠤ ᠪᠠ ᠨᠤᠭᠤ ᠭᠠᠵᠠᠷ᠎ᠢ ᠵᠠᠰᠠᠨ ᠰᠡᠷᠭᠦᠭᠡᠬᠦ ᠢᠨᠵᠧᠨᠧᠷᠢᠩ᠎ᠢ ᠦᠷᠭᠦᠯᠵᠢᠯᠡᠨ ᠠᠬᠢᠭᠤᠯᠬᠤ ᠵᠢ ᠳᠠᠭᠠᠯᠳᠤᠨ ᠠᠮᠢ ᠠᠬᠤᠢ ᠣᠷᠴᠢᠨ ᠲᠣᠭᠣᠷᠢᠨ ᠦᠷᠭᠦᠯᠵᠢᠯᠡᠨ ᠰᠠᠢᠵᠢᠷᠠᠵᠤ᠂ ᠬᠡᠭᠡᠷ᠎ᠡ ᠵᠢᠨ ᠠᠮᠢᠲᠠᠨ᠎ᠪᠠᠢᠩᠭᠤ ᠢᠯᠡᠷᠡᠨ᠂ ᠪᠣᠷᠣ᠌ ᠭᠥᠷᠥᠭᠡᠰᠦ᠂ ᠵᠡᠭᠡᠷ᠎ᠡ ᠵᠡᠷᠭᠡ ᠬᠥᠬᠥᠲᠡᠨ ᠠᠮᠢᠲᠠᠨ ᠨᠠᠩ ᠴᠤ᠌ ᠦᠷᠭᠦᠯᠵᠢ ᠬᠠᠷᠠᠭᠳᠠᠳᠠᠭ ᠪᠣᠯᠵᠠᠢ᠃ ᠪᠦᠷᠢᠳᠬᠡᠯ᠎ᠢ ᠦᠨᠳᠦᠰᠦᠯᠡᠪᠡᠯ᠂ ᠥᠩᠭᠡᠷᠡᠭᠰᠡᠨ ᠵᠢᠯ᠎ᠦᠳ᠎ᠲᠦ ᠠᠤᠬᠠᠨ ᠬᠣᠰᠢᠭᠤᠨ ᠤ᠋ ᠣᠶ ᠰᠢᠭᠤᠢ ᠪᠠ ᠨᠤᠲᠤᠭ ᠪᠡᠯᠴᠢᠭᠡᠷ ᠤ᠋ᠨ ᠲᠣᠪᠴᠢᠶ᠎ᠠ ᠵᠢᠨ ᠬᠡᠭᠡᠷ᠎ᠡ ᠵᠢᠨ ᠠᠮᠢᠲᠠᠨ᠎ᠢ ᠠᠪᠤᠷᠠᠨ ᠲᠤᠰᠠᠯᠠᠬᠤ ᠥᠷᠲᠡᠭᠡ ᠪᠠᠰᠠ ᠪᠦᠷᠭᠦᠳ᠂ ᠬᠣᠵᠢᠭᠢᠷ ᠲᠠᠰ᠂ ᠣᠭᠣᠯᠢ᠂ ᠴᠠᠭᠠᠨ ᠳᠡᠭᠡᠯᠡᠢ᠂ ᠬᠤᠨ ᠭᠠᠯᠠᠭᠤ᠂ ᠤᠯᠠᠭᠠᠨ ᠡᠯᠢᠭᠡᠲᠦ ᠪᠦᠷᠭᠦᠳ ᠵᠡᠷᠭᠡ ᠣᠯᠠᠨ ᠵᠦᠢᠯ ᠤ᠋ᠨ ᠬᠡᠭᠡᠷ᠎ᠡ ᠵᠢᠨ ᠠᠮᠢᠲᠠᠨ᠎ᠢ ᠠᠪᠤᠷᠠᠨ ᠲᠤᠰᠠᠯᠠᠵᠤ᠂ ᠡᠨᠡ ᠨᠢ ᠲᠤᠬᠠᠢ ᠵᠢᠨ ᠭᠠᠵᠠᠷ ᠤ᠋ᠨ ᠠᠮᠢ ᠠᠬᠤᠢ ᠵᠢᠨ ᠰᠢᠰᠲᠧᠮ ᠤ᠋ᠨ ᠪᠦᠷᠢᠨ ᠪᠦᠲᠦᠨ ᠴᠢᠨᠠᠷ ᠪᠣᠯᠣᠨ ᠠᠮᠢᠳᠤ ᠪᠣᠳᠠᠰ ᠤ᠋ᠨ ᠣᠯᠠᠨ ᠶᠠᠩᠵᠤᠲᠤ ᠴᠢᠨᠠᠷ ᠤ᠋ᠨ ᠰᠡᠷᠭᠦᠯᠲᠡ᠎ᠶᠢ ᠭᠦᠢᠴᠡᠳ ᠬᠠᠷᠠᠭᠤᠯᠵᠤ ᠪᠤᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号