ᠳᠠᠯᠠᠨ ᠬᠠᠷ᠎ᠠ ᠠᠭᠤᠯᠠ ᠵᠢᠨ ᠤᠯᠤᠰ ᠤ᠋ᠨ ᠲᠠᠰ ᠤ᠋ᠨ ᠪᠠᠢᠭᠠᠯᠢ ᠵᠢᠨ ᠬᠠᠮᠠᠭᠠᠯᠠᠯᠲᠠ ᠵᠢᠨ ᠣᠷᠣᠨ ᠤ᠋ ᠮᠤᠩᠭᠤᠯ ᠲᠠᠬᠢ ᠵᠢᠨᠳᠦᠷᠰᠦ ᠵᠢᠨ ᠰᠦᠷᠦᠭ ᠢ᠋ ᠦᠷᠡᠵᠢᠭᠦᠯᠦᠨ ᠪᠣᠢᠵᠢᠭᠤᠯᠬᠤ ᠶ᠋ᠢ ᠤᠯᠠᠮ ᠨᠢᠭᠡ ᠠᠯᠬᠤᠮ ᠳᠡᠭᠡᠭᠰᠢᠯᠡᠭᠦᠯᠵᠤ᠂ ᠬᠡᠭᠡᠷ᠎ᠡ ᠵᠢᠨ ᠰᠢᠨᠵᠢᠯᠲᠡ ᠵᠢᠴᠢ ᠳᠦᠷᠰᠦ ᠵᠢᠨ ᠡᠭᠦᠰᠦᠯᠦᠨ ᠬᠠᠮᠢᠶᠠᠷᠤᠯᠲᠠ ᠵᠢᠨ ᠴᠢᠳᠠᠪᠤᠷᠢ ᠶ᠋ᠢ ᠤᠯᠠᠮ ᠨᠢᠭᠡ ᠠᠯᠬᠤᠮ ᠳᠡᠭᠡᠭᠰᠢᠯᠡᠬᠦᠯᠬᠦ ᠵᠢᠨ ᠲᠦᠯᠦᠭᠡ᠂ 2026 ᠣᠨ ᠤ᠋ 5 ᠰᠠᠷ᠎ᠠ ᠵᠢᠨ ᠰᠡᠭᠦᠯᠴᠢ ᠪᠡᠷ᠂ ᠳᠠᠯᠠᠨ ᠬᠠᠷ᠎ᠠ ᠠᠭᠤᠯᠠ ᠵᠢᠨ ᠤᠯᠤᠰ ᠤ᠋ᠨ ᠲᠠᠰ ᠤ᠋ᠨ ᠪᠠᠢᠭᠠᠯᠢ ᠵᠢᠨ ᠬᠠᠮᠠᠭᠠᠯᠠᠯᠲᠠ ᠵᠢᠨ ᠣᠷᠣᠨ ᠤ᠋ ᠬᠠᠮᠢᠶᠠᠷᠤᠯᠲᠠ ᠵᠢᠨ ᠲᠣᠪᠴᠢᠶ᠎ᠠ ᠰᠢᠨᠵᠢᠶᠠᠩ ᠤ᠋ᠨ ᠤᠢᠭᠤᠷ ᠦᠨᠳᠦᠰᠦᠲᠡᠨ ᠤ᠋ᠥᠪᠡᠷᠲᠡᠭᠡᠨ ᠵᠠᠰᠠᠬᠤ ᠣᠷᠣᠨ ᠤ᠋ ᠬᠡᠭᠡᠷ᠎ᠡ ᠵᠢᠨ ᠠᠮᠢᠲᠠᠨ ᠤ᠋ ᠪᠠᠢᠭᠠᠯᠢ ᠵᠢᠨ ᠬᠠᠮᠠᠭᠠᠯᠠᠯᠲᠠ ᠵᠢᠨ ᠣᠷᠣᠨ ᠤ᠋ ᠬᠠᠮᠢᠶᠠᠷᠤᠯᠲᠠ ᠵᠢᠨ ᠲᠥᠪ᠂ ᠥᠪᠥᠷ ᠮᠣᠩᠭᠣᠯ ᠤ᠋ᠨ ᠲᠠᠷᠢᠶᠠᠯᠠᠩ ᠤ᠋ᠨ ᠶᠡᠬᠡ ᠰᠤᠷᠭᠠᠭᠤᠯᠢ ᠵᠢᠨ ᠮᠠᠯ ᠡᠮᠨᠡᠯᠭᠡ ᠵᠢᠨ ᠳᠡᠭᠡᠳᠦ ᠰᠤᠷᠭᠠᠭᠤᠯᠢ ᠵᠢᠨ ᠲᠤᠰᠬᠠᠢ ᠮᠡᠷᠭᠡᠵᠢᠯᠲᠡᠨ ᠢ᠋ ᠤᠨᠴᠠᠭᠠᠢᠯᠠᠨ ᠤᠷᠢᠵᠤ᠂ ᠲᠤᠬᠠᠢ ᠵᠢᠨ ᠲᠠᠯᠠᠪᠠᠢ ᠵᠢᠨ ᠮᠡᠷᠭᠡᠵᠢᠯᠦᠨ ᠵᠢᠯᠣᠭᠣᠳᠤᠯᠭ᠎ᠠ ᠪᠠ ᠰᠢᠨᠵᠢᠯᠡᠬᠦ ᠤᠬᠠᠭᠠᠨ ᠢ᠋ ᠲᠦᠭᠡᠮᠡᠯᠵᠢᠭᠦᠯᠬᠦ ᠲᠠᠢᠯᠤᠮᠵᠢ ᠥᠷᠨᠢᠭᠦᠯᠪᠡ᠃
ᠲᠤᠰᠬᠠᠢ ᠮᠡᠷᠭᠡᠵᠢᠯᠲᠡᠳ ᠭᠤᠤᠯᠳᠠᠭᠤ ᠮᠤᠩᠭᠤᠯ ᠲᠠᠬᠢ ᠵᠢᠨ ᠬᠡᠭᠡᠷ᠎ᠡ ᠵᠢᠨ ᠳᠦᠷᠰᠦ ᠵᠢᠨ ᠰᠦᠷᠦᠭ ᠢ᠋ ᠬᠥᠳᠡᠯᠦᠩᠭᠦᠢᠪᠡᠷ ᠬᠢᠨᠠᠨ ᠬᠡᠮᠵᠢᠬᠦ᠂ ᠣᠷᠣᠰᠢᠨ ᠠᠮᠢᠳᠤᠷᠠᠬᠤ ᠭᠠᠵᠠᠷ ᠤ᠋ᠨ ᠵᠣᠬᠢᠴᠠᠬᠤ ᠴᠢᠨᠠᠷ ᠢ᠋ ᠦᠨᠡᠯᠡᠨ ᠵᠢᠱ᠌ᠢᠬᠦ ᠵᠢᠴᠢ ᠡᠬᠡ ᠪᠠᠢᠭᠠᠯᠢ ᠳ᠋ᠤ ᠪᠤᠴᠠᠭᠠᠭᠰᠠᠨ ᠤ᠋ ᠳᠠᠷᠠᠭᠠᠬᠢ ᠠᠮᠢ ᠠᠬᠤᠢ ᠵᠢᠨ ᠵᠣᠬᠢᠴᠠᠬᠤ ᠴᠢᠨᠠᠷ᠂ ᠬᠥᠮᠥᠨᠦ ᠬᠦᠴᠦᠪᠡᠷ ᠪᠣᠢᠵᠢᠭᠤᠯᠬᠤ ᠵᠠᠩᠭᠢᠯᠠᠭ᠎ᠠ ᠵᠢᠨ ᠮᠡᠷᠭᠡᠵᠢᠯᠦᠨ ᠪᠣᠭᠣᠮᠲᠠ ᠰᠢᠪᠲᠤᠯᠬᠤ᠂ ᠳᠦᠷᠰᠦ ᠵᠢᠨ ᠢᠷᠡᠯᠲᠡ ᠵᠢᠨ ᠬᠠᠮᠢᠶᠠᠷᠤᠯᠲᠠ ᠵᠢᠨ ᠰᠢᠰᠲᠧᠮ ᠢ᠋ ᠰᠢᠯᠢᠳᠡᠭᠵᠢᠭᠦᠯᠬᠦ ᠵᠢᠴᠢ ᠳᠦᠷᠰᠦ ᠵᠢᠨ ᠰᠦᠷᠦᠭᠦᠨ ᠤᠳᠤᠮᠯᠠᠯ ᠤ᠋ᠨ ᠣᠯᠠᠨ ᠶᠠᠩᠵᠤᠲᠤ ᠴᠢᠨᠠᠷ ᠢ᠋ ᠬᠠᠮᠠᠭᠠᠯᠠᠬᠤ ᠵᠡᠷᠭᠡ ᠵᠢᠨ ᠲᠣᠭᠣᠷᠢᠨᠳᠤ ᠪᠠᠢᠴᠠᠭᠠᠨ ᠰᠤᠳᠤᠯᠵᠤ ᠵᠢᠭᠠᠨ ᠵᠢᠯᠣᠭᠣᠳᠪᠠ᠃ ᠲᠤᠬᠠᠢ ᠵᠢᠨ ᠭᠠᠵᠠᠷᠲᠤᠨᠢ ᠰᠢᠨᠵᠢᠯᠡᠨ ᠪᠠᠢᠴᠠᠭᠠᠬᠤᠪᠠᠷ ᠳᠡᠮᠵᠢᠨ᠂ ᠲᠤᠰᠬᠠᠢ ᠮᠡᠷᠭᠡᠵᠢᠯᠲᠡᠳ ᠬᠡᠭᠡᠷ᠎ᠡ ᠭᠠᠳᠠᠭ᠎ᠠ ᠬᠢᠨᠠᠨ ᠬᠡᠮᠵᠢᠭᠰᠡᠨ ᠲᠣᠭ᠎ᠠ ᠪᠠᠷᠢᠮᠲᠠ ᠶ᠋ᠢ ᠴᠤᠭᠯᠠᠭᠤᠯᠬᠤ᠂ ᠳᠦᠷᠰᠦ ᠵᠢᠨ ᠰᠦᠷᠦᠭᠦᠨ ᠣᠷᠣᠰᠢᠨ ᠲᠣᠭᠲᠠᠨᠢᠬᠤ ᠬᠦᠴᠦᠨ ᠢ᠋ ᠵᠠᠳᠠᠯᠬᠤ ᠵᠡᠷᠭᠡ ᠲᠠᠯᠠᠪᠠᠷ ᠬᠠᠨᠳᠤᠯᠭᠠᠲᠤ ᠴᠢᠨᠠᠷᠲᠠᠢᠪᠠᠷ ᠰᠢᠯᠢᠳᠡᠭᠵᠢᠭᠦᠯᠬᠦ ᠰᠠᠨᠠᠭᠤᠯᠭ᠎ᠠ ᠳᠤᠷᠠᠳᠴᠤ᠂ ᠰᠢᠨᠵᠢᠶᠠᠩ ᠤ᠋ᠨ ᠮᠤᠩᠭᠤᠯ ᠲᠠᠬᠢ ᠶ᠋ᠢ ᠣᠷᠣᠭᠤᠯᠤᠨ ᠠᠪᠴᠢᠷᠠᠵᠤ ᠦᠷᠡᠵᠢᠭᠦᠯᠦᠨ ᠪᠣᠢᠵᠢᠭᠤᠯᠬᠤ ᠲᠠᠯᠠᠪᠠᠷ ᠬᠢ ᠡᠷᠬᠢᠮ ᠨᠠᠨᠳᠢᠨ ᠲᠤᠷᠰᠢᠯᠭ᠎ᠠ ᠶ᠋ᠢ ᠬᠤᠪᠢᠶᠠᠯᠴᠠᠠ᠂ ᠦᠷᠡᠵᠢᠯᠦᠨ ᠹᠢᠽᠢᠣᠯᠣᠭᠢ ᠵᠢᠨ ᠲᠣᠬᠢᠷᠠᠭᠤᠯᠭ᠎ᠠ ᠡᠵᠡᠮᠰᠢᠯ᠂ ᠦᠷᠭᠦᠯᠵᠢ ᠲᠣᠬᠢᠶᠠᠯᠳᠤᠳᠠᠭ ᠬᠢᠵᠢᠭ ᠡᠪᠡᠳᠴᠢᠨ ᠢ᠋ ᠰᠡᠷᠭᠡᠢᠯᠡᠨ ᠵᠠᠰᠠᠬᠤ ᠵᠢᠴᠢ ᠤᠨᠠᠭ᠎ᠠ ᠶ᠋ᠢ ᠠᠰᠠᠷᠠᠨ ᠪᠣᠢᠵᠢᠭᠤᠯᠬᠤ ᠵᠡᠷᠭᠡ ᠮᠡᠷᠭᠡᠵᠢᠯᠦᠨ ᠬᠦᠴᠢᠷᠳᠡᠯᠳᠦ ᠴᠢᠭᠯᠡᠭᠦᠯᠦᠨ ᠲᠤᠬᠠᠢ ᠵᠢᠨ ᠲᠠᠯᠠᠪᠤᠷᠲᠤᠨᠢ ᠵᠢᠯᠣᠭᠣᠳᠤᠯᠭ᠎ᠠ ᠬᠢᠬᠦ ᠵᠢᠨ ᠬᠠᠮᠲᠤ ᠤᠳᠤᠮᠯᠠᠯ ᠤ᠋ᠨ ᠲᠠᠩᠰᠠ ᠵᠢᠨ ᠰᠢᠰᠲᠧᠮ ᠪᠠᠶ᠋ᠢᠭᠤᠯᠬᠤ᠂ ᠭᠧᠨᠦ ᠰᠣᠯᠢᠯᠴᠠᠭᠠᠨ ᠤ᠋ ᠠᠷᠭ᠎ᠠ ᠪᠣᠳᠣᠯᠭ᠎ᠠ ᠵᠢᠴᠢ ᠣᠷᠳᠣ᠌ ᠬᠤᠭᠤᠴᠠᠭᠠᠨ ᠤ᠋ ᠤᠳᠤᠮᠯᠠᠯ ᠤ᠋ᠨ ᠡᠷᠡᠭᠦᠯ ᠮᠡᠨᠳᠦ ᠵᠢᠨ ᠬᠢᠨᠠᠨ ᠬᠡᠮᠵᠢᠯᠲᠡ ᠵᠡᠷᠭᠡ ᠰᠡᠳᠦᠪᠦᠨ ᠲᠤᠬᠠᠢ ᠭᠦᠨᠵᠡᠭᠡᠢ ᠵᠠᠳᠠᠯᠤᠯᠲᠠ ᠬᠢᠵᠦ᠂ ᠳᠦᠷᠰᠦ ᠵᠢᠨ ᠰᠦᠷᠦᠭᠦᠨ ᠤᠳᠤᠮᠯᠠᠯ ᠤ᠋ᠨ ᠶᠠᠰᠤ ᠴᠢᠨᠠᠷ ᠢ᠋ ᠳᠡᠭᠡᠭᠰᠢᠯᠡᠭᠦᠯᠬᠦᠳᠦ ᠰᠢᠨᠵᠢᠯᠡᠬᠦ ᠤᠬᠠᠭᠠᠨᠴᠢ ᠠᠷᠭ᠎ᠠ ᠵᠠᠮ ᠬᠠᠩᠭᠠᠪᠠ᠃
ᠲᠣᠰ ᠤᠳᠠᠭᠠᠨ ᠤ᠋ ᠮᠡᠷᠭᠡᠵᠢᠯᠦᠨ ᠵᠢᠯᠣᠭᠣᠳᠤᠯᠭ᠎ᠠ ᠨᠢ ᠳᠠᠯᠠᠨ ᠬᠠᠷ᠎ᠠ ᠠᠭᠤᠯᠠ ᠵᠢᠨ ᠤᠯᠤᠰ ᠤ᠋ᠨ ᠲᠠᠰ ᠤ᠋ᠨ ᠪᠠᠢᠭᠠᠯᠢ ᠵᠢᠨ ᠬᠠᠮᠠᠭᠠᠯᠠᠯᠲᠠ ᠵᠢᠨ ᠣᠷᠣᠨ ᠤ᠋ ᠮᠤᠩᠭᠤᠯ ᠲᠠᠬᠢ ᠵᠢᠨ ᠡᠭᠦᠯᠳᠡᠷ ᠢ᠋ ᠲᠣᠬᠢᠷᠠᠭᠤᠯᠤᠨ ᠡᠵᠡᠮᠳᠡᠬᠦ ᠠᠵᠢᠯᠳᠤ ᠪᠥᠬᠥ ᠬᠡᠯᠬᠢᠶᠡᠨᠦ ᠮᠡᠷᠭᠡᠵᠢᠯᠦᠨ ᠳᠡᠮᠵᠢᠯᠭᠡ ᠬᠠᠩᠭᠠᠵᠤ᠂ ᠬᠠᠮᠠᠭᠠᠯᠠᠯᠲᠠ ᠵᠢᠨ ᠣᠷᠣᠨ ᠬᠢᠭᠡᠳ ᠰᠢᠨᠵᠢᠶᠠᠩ ᠤ᠋ᠨ ᠲᠤᠰᠬᠠᠢ ᠮᠡᠷᠭᠡᠵᠢᠯᠦᠨ ᠪᠠᠢᠭᠤᠯᠤᠮᠵᠢ ᠵᠢᠴᠢ ᠥᠪᠥᠷ ᠮᠣᠩᠭᠣᠯ ᠤ᠋ᠨ ᠶᠡᠬᠡ ᠳᠡᠭᠡᠳᠦ ᠰᠤᠷᠭᠠᠭᠤᠯᠢ ᠵᠢᠨ ᠪᠣᠳᠠᠲᠠᠢ ᠶ᠋ᠢ ᠡᠷᠬᠢᠮᠯᠡᠭᠰᠡᠨ ᠬᠠᠮᠲᠤᠷᠠᠯᠴᠠᠭ᠎ᠠ ᠶ᠋ᠢ ᠤᠯᠠᠮ ᠨᠢᠭᠡ ᠠᠯᠬᠤᠮ ᠭᠦᠨᠵᠡᠭᠡᠢᠷᠡᠭᠦᠯᠤᠨ᠂ ᠠᠮᠢ ᠠᠬᠤᠢ ᠵᠢᠨ ᠠᠮᠤᠷ ᠲᠦᠪᠰᠢᠨᠦ ᠬᠠᠯᠬᠠᠪᠴᠢ ᠶ᠋ᠢ ᠪᠠᠲᠤ ᠴᠣᠭᠴᠠᠯᠠᠵᠤ᠂ ᠠᠮᠢᠳᠤ ᠪᠣᠳᠠᠰ ᠤ᠋ᠨ ᠣᠯᠠᠨ ᠶᠠᠩᠵᠤᠲᠤ ᠴᠢᠨᠠᠷ ᠢ᠋ ᠬᠠᠮᠠᠭᠠᠯᠠᠬᠤᠳᠤ ᠰᠢᠨ᠎ᠡ ᠬᠥᠳᠡᠯᠭᠡᠬᠦ ᠡᠨᠧᠷᠭᠢ ᠨᠡᠮᠡᠷᠢᠯᠡᠪᠡ᠃