ᠤᠰᠤ ᠨᠦᠬᠦᠪᠤᠷᠢᠯᠡᠶ᠎ᠠ! ᠠᠮᠢ ᠠᠬᠤᠢ᠎ᠳᠤ ᠰᠠᠢᠨ!
2026-07-20 10:49:27
ᠵᠣᠬᠢᠶᠠᠭ᠍ᠴᠢ᠄
ᠭᠤᠸ᠎ᠠ
ᠣᠩᠱᠢᠭ᠍ᠰᠠᠨ ᠣᠳᠠᠭ᠎ᠠ᠄
★★★☆☆

ᠠᠮᠢ ᠠᠬᠤᠢ ᠵᠢᠨ ᠤᠰᠤ ᠨᠥᠬᠥᠪᠥᠷᠢᠯᠡᠬᠦ ᠨᠢ ᠠᠭᠤᠯᠠ ᠤᠰᠤ ᠣᠢ ᠮᠤᠳᠤ ᠭᠠᠵᠠᠷ ᠳᠠᠷᠢᠶ᠎ᠠ ᠨᠠᠭᠤᠷ ᠪᠦᠷᠢᠳᠤ ᠨᠤᠳᠤᠭ ᠪᠡᠯᠴᠢᠭᠡᠷ ᠡᠯᠡᠰᠦ ᠮᠠᠩᠬ᠎ᠠ ᠵᠢ ᠨᠢᠭᠡ ᠴᠣᠭᠴᠠᠵᠢᠭᠤᠯᠤᠭᠰᠠᠨ ᠰᠢᠰᠲ᠋ᠧᠮᠳᠤ ᠵᠠᠰᠠᠯᠲᠠ ᠪᠣᠯᠬᠤ ᠶᠤᠮ


ᠤᠰᠤ ᠭᠡᠵᠤ ᠡᠭᠡ ᠪᠠᠢᠭᠠᠯᠢ ᠡᠴᠡ ᠠᠮᠢᠳᠠᠨ ᠭᠤᠤᠯᠳᠠᠨ᠎ᠳᠤ ᠬᠦᠷᠳᠡᠭᠡᠭᠰᠡᠨ ᠭᠡᠰᠢᠭ ᠶᠤᠮ᠃ ᠭᠡᠷᠪᠡ ᠤᠰᠤ ᠲᠤᠳᠠᠭᠳᠠᠪᠠᠯ ᠠᠮᠢ ᠠᠬᠤᠢ ᠡᠪᠳᠡᠭᠳᠡᠬᠦ᠂ ᠤᠷᠴᠢᠨ ᠲᠤᠭᠤᠷᠢᠨ ᠮᠠᠭᠤᠳᠠᠬᠤ ᠭᠡᠬᠦ ᠮᠠᠳᠤ᠎ᠵᠢᠨ ᠤᠯᠠᠨ ᠠᠰᠠᠭᠤᠳᠠᠯ ᠢᠯᠡᠷᠡᠳᠡᠭ ᠨᠢ ᠮᠡᠳᠡᠭᠡᠵᠢ᠎ᠵᠢᠨ ᠭᠡᠷᠡᠭ᠃ ᠥᠩᠭᠡᠷᠡᠭᠰᠡᠨ ᠳ᠋ᠦ᠍ ᠪᠠᠷᠠᠭᠤᠨ ᠯᠢᠶᠣᠤᠾᠧ ᠭᠣᠣᠯ 27 ᠵᠢᠯ ᠤᠷᠤᠰᠬᠠᠯ ᠲᠠᠰᠤᠷᠠᠵᠤ᠂ ᠭᠣᠣᠯ ᠤ᠋ᠨ ᠭᠤᠯᠳᠤᠷᠢᠯ ᠨᠢ ᠡᠯᠡᠰᠦ ᠮᠠᠩᠬᠠᠨ ᠳ᠋ᠤ ᠳᠠᠷᠤᠭᠳᠠᠪᠠ; ᠳᠠᠭ᠎ᠠ ᠵᠢᠨ ᠨᠠᠭᠤᠷ ᠵᠢᠯ ᠳᠠᠷᠠᠭᠠᠯᠠᠨ ᠠᠪᠴᠢᠵᠤ᠂ ᠤᠰᠤᠨ ᠲᠦᠪᠰᠢᠨ ᠨᠢ ᠦᠷᠭᠦᠯᠵᠢᠯᠡᠨ ᠳᠣᠷᠣᠭᠰᠢᠯᠠᠵᠤ ᠪᠠᠢᠵᠠᠢ;ᠤᠯᠠᠭᠠᠨᠰᠤᠬᠠᠢ ᠵᠢᠨ ᠤᠰᠤᠨ ᠤ᠋ ᠴᠢᠨᠠᠷ ᠮᠠᠭᠤᠳᠠᠵᠤ᠂ ᠨᠡᠭᠦᠳᠡᠯ ᠤ᠋ᠨ ᠰᠢᠪᠠᠭᠤ ᠵᠢᠯ ᠡᠴᠡ ᠵᠢᠯ ᠪᠠᠭᠠᠰᠤᠭᠰᠠᠨ ᠭᠡᠬᠦ ᠮᠠᠳᠤ᠃

ᠣᠢᠷ᠎ᠠ ᠵᠢᠨ ᠵᠢᠯ ᠡᠴᠡ ᠨᠠᠭᠠᠰᠢ᠂ ᠦᠪᠦᠷ ᠮᠤᠩᠭᠤᠯ ᠬᠠᠲᠤᠨ ᠭᠣᠣᠯ ᠤ᠋ᠨ ᠤᠰᠤ ᠵᠢ ᠲᠡᠳᠡᠨ ᠳᠠᠭ᠎ᠠ ᠵᠢᠨ ᠨᠠᠭᠤᠷ ᠤ᠋ᠨ ᠤᠰᠤ ᠵᠢ ᠨᠦᠭᠦᠪᠦᠷᠢᠯᠡᠵᠤ᠂ ᠴᠤᠤᠯ ᠭᠣᠣᠯ ᠤ᠋ᠨ ᠤᠰᠤ ᠵᠢ ᠯᠢᠶᠣᠤᠾᠧ ᠭᠣᠣᠯ ᠳ᠋ᠤ ᠳᠠᠳᠠᠨ ᠤᠷᠤᠭᠤᠯᠵᠤ᠂ ᠬᠠᠷ᠎ᠠ ᠭᠤᠤᠯ ᠢ᠋ ᠨᠢᠭᠡᠳᠦᠯᠲᠡᠢ ᠲᠦᠯᠦᠪᠵᠢᠭᠦᠯᠦᠨ ᠲᠣᠬᠢᠷᠠᠭᠤᠯᠤᠨ ᠤᠷᠤᠰᠬᠠᠯ ᠰᠡᠷᠭᠦᠭᠡᠵᠤ᠂ ᠠᠮᠢ ᠠᠬᠤᠢ ᠵᠢᠨ ᠤᠰᠤ ᠨᠥᠬᠥᠪᠥᠷᠢᠯᠡᠬᠦ ᠵᠢ ᠪᠦᠬᠦ ᠳᠠᠯ᠎ᠠ ᠪᠡᠷ ᠲᠦᠯᠦᠪᠵᠢᠭᠦᠯᠦᠨ ᠶᠠᠪᠤᠭᠳᠠᠭᠤᠯᠵᠤ ᠲᠤᠪᠤᠢᠮ᠎ᠠ ᠦᠷ᠎ᠠ ᠪᠦᠳᠤᠮᠵᠢ ᠤᠯᠵᠠᠢ᠃ ᠠᠮᠢ ᠠᠬᠤᠢ ᠵᠢᠨ ᠤᠰᠤ ᠨᠥᠬᠥᠪᠥᠷᠢᠯᠡᠬᠦ ᠭᠡᠳᠡᠭ ᠨᠢ ᠳᠥᠬᠥᠮᠬᠡᠨ ᠤᠰᠤ ᠎ᠵᠢ ᠵᠠᠯᠠᠬᠤ ᠶᠠᠪᠤᠳᠠᠯ ᠳᠡᠳᠦᠢ ᠪᠢᠰᠢ᠂ ᠬᠠᠷᠢᠨ ᠠᠭᠤᠯᠠ ᠤᠰᠤ ᠣᠢ ᠮᠤᠳᠤ ᠭᠠᠵᠠᠷ ᠳᠠᠷᠢᠶ᠎ᠠ ᠨᠠᠭᠤᠷ ᠪᠦᠷᠢᠳᠤ ᠨᠤᠳᠤᠭ ᠪᠡᠯᠴᠢᠭᠡᠷ ᠡᠯᠡᠰᠦ ᠮᠠᠩᠬ᠎ᠠ ᠵᠢ ᠨᠢᠭᠡ ᠴᠣᠭᠴᠠᠵᠢᠭᠤᠯᠤᠭᠰᠠᠨ ᠰᠢᠰᠲ᠋ᠧᠮᠳᠤ ᠵᠠᠰᠠᠯᠲᠠ ᠪᠣᠯᠬᠤ ᠶᠤᠮ᠃ ᠦᠪᠦᠷ ᠮᠤᠩᠭᠤᠯ ᠤ᠋ᠨ 《ᠨᠢᠭᠡ ᠨᠠᠭᠤᠷ ᠲᠦ᠍ ᠨᠢᠭᠡ ᠠᠷᠭ᠎ᠠ ᠪᠤᠳᠤᠯᠭ᠎ᠠ ᠵᠢ ᠬᠡᠷᠡᠭᠵᠢᠭᠦᠯᠵᠤ》᠂ ᠣᠨᠣᠴᠠᠲᠠᠢ ᠲᠥᠰᠦᠭᠡᠯᠡᠨ ᠴᠠᠭ ᠬᠤᠭᠤᠴᠠᠭ᠎ᠠ ᠬᠤᠪᠢᠶᠠᠷᠢᠯᠠᠵᠤ ᠠᠮᠢ ᠠᠬᠤᠢ ᠵᠢᠨ ᠤᠰᠤ ᠨᠦᠭᠦᠪᠦᠷᠢᠯᠡᠬᠦ ᠵᠢ ᠪᠠᠢᠩᠭᠤᠵᠢᠭᠤᠯᠵᠠᠢ᠃ ᠬᠠᠮᠳᠤ ᠳ᠋ᠤᠨᠢ ᠲᠠᠷᠢᠶᠠᠯᠠᠩ ᠤ᠋ᠨ ᠤᠰᠤ ᠬᠣᠷᠣᠭᠳᠠᠭᠤᠯᠬᠤ᠂ ᠡᠷᠭᠢ ᠳᠠᠭᠠᠤ ᠭᠠᠵᠠᠷ ᠤ᠋ᠨ ᠪᠣᠬᠢᠷᠲᠤᠯ ᠤ᠋ᠨ ᠡᠬᠢ ᠵᠢ ᠵᠠᠰᠠᠬᠤ ᠵᠢ ᠵᠡᠷᠭᠡ ᠳ᠋ᠦ᠍ᠨᠢ ᠴᠢᠩᠭ᠎ᠠ ᠡᠵᠡᠮᠳᠡᠵᠤ᠂ 《ᠤᠷᠢᠳ ᠵᠢᠡᠷ ᠤᠰᠤ ᠠᠷᠪᠢᠯᠠᠵᠤ᠂ ᠳᠠᠷᠠᠭ᠎ᠠ ᠨᠢ ᠤᠰᠤ ᠨᠥᠬᠥᠪᠥᠷᠢᠯᠡᠬᠦ》 ᠵᠢ ᠪᠡᠶᠡᠯᠡᠭᠦᠯᠦᠭᠰᠡᠨ ᠪᠠᠢᠨ᠎ᠠ᠃

ᠳᠤᠩᠭᠠᠯᠠᠭ ᠤᠰᠤᠨ ᠭᠣᠣᠯ ᠮᠦᠷᠡᠨ ᠨᠠᠭᠤᠷ ᠴᠦᠭᠦᠷᠦᠮ ᠳ᠋ᠤ ᠤᠷᠤᠰᠤᠨ ᠣᠷᠣᠭᠰᠠᠨ ᠤ᠋ ᠳᠠᠷᠠᠭ᠎ᠠ ᠤᠰᠤᠨ ᠤ᠋ ᠤᠷᠭᠤᠮᠠᠯ ᠰᠡᠷᠭᠦᠵᠦ᠂ ᠵᠢᠭᠠᠰᠤ ᠵᠢᠷᠠᠭᠠᠬᠠᠢ ᠦᠷᠡᠵᠢᠨ ᠣᠯᠠᠰᠢᠷᠠᠭᠠᠳ᠂ ᠡᠷᠭᠢ ᠳᠠᠭᠠᠤ ᠪᠡᠯᠴᠢᠭᠡᠷ ᠨᠢ ᠰᠢᠮᠡᠵᠢᠵᠤ᠂ ᠤᠷᠤᠨ ᠪᠦᠰᠡ ᠵᠢᠨ ᠰᠠᠯᠬᠢ ᠡᠯᠡᠰᠦᠨ ᠤ᠋ ᠠᠭᠤᠷ ᠠᠮᠢᠰᠬᠤᠯ ᠢᠯᠡᠳᠲᠡ ᠪᠠᠭᠠᠰᠴᠤ᠂ ᠠᠮᠢ ᠠᠬᠤᠢ ᠵᠢᠨ ᠰᠠᠢᠨ ᠤᠷᠴᠢᠯ ᠢ᠋ ᠪᠣᠢ ᠪᠣᠯᠭᠠᠭᠰᠠᠨ ᠢ᠋ ᠦᠢᠯᠡᠳᠦᠯᠭᠡ ᠭᠡᠷᠡᠴᠢᠯᠡᠵᠤ ᠪᠤᠢ᠃ ᠠᠮᠢ ᠠᠬᠤᠢ ᠵᠢᠨ ᠤᠰᠤ ᠨᠥᠬᠥᠪᠥᠷᠢᠯᠡᠬᠦ ᠨᠢ ᠭᠣᠣᠯ ᠮᠦᠷᠡᠨ ᠨᠠᠭᠤᠷ ᠴᠦᠭᠦᠷᠦᠮ ᠤ᠋ᠨ ᠠᠮᠢ ᠠᠬᠤᠢ ᠵᠢ ᠰᠡᠷᠭᠦᠭᠡᠭᠰᠡᠨ ᠵᠢᠡᠷ ᠪᠠᠷᠠᠬᠤ ᠦᠭᠡᠢ ᠨᠡᠩ ᠴᠤ᠌ ᠭᠠᠩ ᠬᠠᠭᠤᠷᠠᠢ ᠬᠠᠭᠠᠰ ᠭᠠᠩ ᠬᠠᠭᠤᠷᠠᠢ ᠭᠠᠵᠠᠷ ᠣᠷᠣᠨ ᠤ᠋ ᠤᠰᠤᠨ ᠤ᠋ ᠡᠬᠢ ᠪᠠᠶᠠᠯᠢᠭ ᠢ᠋ ᠰᠠᠢᠵᠢᠷᠠᠭᠤᠯᠬᠤ ᠳ᠋ᠤ᠌ ᠠᠷᠭ᠎ᠠ ᠳᠤᠷᠰᠢᠯᠭ᠎ᠠ ᠬᠠᠩᠭᠠᠵᠠᠢ᠃

ᠠᠮᠢ ᠵᠢᠨ ᠤᠨᠳᠤᠷᠤᠯ ᠲᠠᠢ ᠤᠷᠤᠰᠬᠠᠯ ᠤᠰᠤ ᠨᠢ ᠤᠮᠠᠷᠠᠲᠤ ᠵᠢᠨ ᠠᠮᠢ ᠠᠬᠤᠢ ᠵᠢᠨ ᠰᠠᠭᠤᠷᠢ ᠵᠢ ᠪᠡᠬᠢᠵᠢᠭᠦᠯᠤᠨ᠎ᠠ᠃ ᠲᠠᠷᠠᠭᠠᠴᠢ ᠪᠠᠷ ᠠᠮᠢ ᠠᠬᠤᠢ᠎ᠵᠢᠨ ᠤᠰᠤ ᠨᠦᠬᠦᠪᠤᠷᠢᠯᠡᠬᠦ ᠠᠵᠢᠯ᠎ᠢ ᠨᠠᠡᠭ ᠰᠠᠢᠳᠤᠷ ᠬᠢᠵᠤ᠂ ᠠᠮᠢ ᠠᠬᠤᠢ ᠤᠷᠴᠢᠨ ᠲᠤᠭᠤᠷᠢᠨ᠎ᠵᠢᠡᠨ ᠰᠠᠢᠵᠢᠷᠠᠭᠤᠯᠤᠨ᠂ ᠡᠭᠡ ᠤᠯᠤᠰ ᠤ᠋ᠨ ᠤᠮᠠᠷᠠᠳᠤ ᠵᠢᠨ ᠦᠵᠡᠮᠵᠢ ᠵᠢᠨ ᠤᠷᠤᠨ ᠵᠢᠡᠨ ᠨᠡᠩ ᠦᠵᠡᠰᠭᠦᠯᠡᠩᠳᠤ ᠰᠠᠢᠬᠠᠨ ᠪᠤᠯᠭᠠᠨ ᠪᠦᠳᠦᠭᠡᠨ ᠪᠠᠢᠭᠤᠯᠬᠤ᠎ᠳᠤ ᠰᠢᠨ᠎ᠠ ᠬᠤᠪᠢ ᠨᠠᠮᠠᠷᠢ ᠦᠵᠡᠬᠦᠯᠦᠶ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号