ᠥᠪᠥᠷ ᠮᠣᠩᠭᠣᠯ᠎ᠤᠨ ᠨᠡᠢᠭᠡᠮ᠎ᠦᠨ ᠠᠵᠢᠯ᠎ᠤᠨ ᠲᠤᠰᠬᠠᠢ ᠮᠡᠷᠭᠡᠵᠢᠯ᠎ᠦᠨ ᠠᠵᠢᠯᠲᠠᠨ 4.29 ᠲᠦᠮᠡ᠎ᠳᠦ ᠬᠦᠷᠴᠡᠢ
2026-07-20 10:01:21
ᠵᠣᠬᠢᠶᠠᠭ᠍ᠴᠢ᠄
ᠬᠠᠨ ᠯᠢᠩ ᠯᠢᠩ
ᠣᠩᠱᠢᠭ᠍ᠰᠠᠨ ᠣᠳᠠᠭ᠎ᠠ᠄
★★★☆☆

ᠰᠤᠷᠪᠤᠯᠵᠢᠯᠠᠭ᠍ᠴᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠨᠡᠢᠭᠡᠮ᠎ᠦᠨ ᠠᠵᠢᠯ᠎ᠤᠨ ᠬᠡᠯᠲᠡᠰ᠎ᠡᠴᠡ ᠣᠢᠯᠠᠭᠠᠭᠰᠠᠨ ᠵᠢᠡᠷ᠂ ᠪᠦᠬᠦ ᠣᠷᠣᠨ᠎ᠳᠤ ᠤᠳᠤ ᠨᠡᠢᠭᠡᠮ᠎ᠦᠨ ᠠᠵᠢᠯ᠎ᠤᠨ ᠲᠤᠰᠬᠠᠢ ᠮᠡᠷᠭᠡᠵᠢᠯ᠎ᠦᠨ ᠠᠵᠢᠯᠲᠠᠨ 4.29 ᠲᠦᠮᠡ ᠪᠠᠢᠵᠤ᠂ ᠦᠨᠡᠮᠯᠡᠯ᠎ᠲᠠᠢ ᠨᠡᠢᠭᠡᠮ᠎ᠦᠨ ᠠᠵᠢᠯᠲᠠᠨ 3.6 ᠲᠦᠮᠡ᠎ᠶᠢ ᠳᠠᠪᠠᠵᠠᠢ᠃ ᠦᠨᠡᠮᠯᠡᠯ᠎ᠲᠠᠢ ᠨᠡᠢᠭᠡᠮ ᠲᠣᠭᠣᠷᠢᠭ᠋᠎ᠤᠨ ᠠᠵᠢᠯᠲᠠᠨ 12476 ᠬᠥᠮᠥᠨ ᠪᠠᠢᠵᠤ᠂ ᠦᠨᠡᠮᠯᠡᠯ᠎ᠲᠠᠢ ᠪᠠᠢᠭ᠎ᠠ ᠨᠣᠷᠮ᠎ᠠ ᠨᠢ 39%᠎ᠳᠤ ᠬᠦᠷᠴᠦ᠂ ᠪᠥᠬᠥ ᠤᠯᠤᠰ᠎ᠤᠨ 33.15%᠎ᠶᠢᠨ ᠳᠤᠮᠳᠠᠴᠢ ᠲᠦᠪᠰᠢᠨ᠎ᠡᠴᠡ ᠥᠨᠳᠥᠷ ᠪᠠᠢᠨ᠎ᠠ᠃

ᠣᠢᠷ᠎ᠠ᠎ᠶᠢᠨ ᠵᠢᠯ᠎ᠡᠴᠡ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠠᠴᠠ ᠨᠡᠢᠭᠡᠮ᠎ᠦᠨ ᠠᠵᠢᠯ᠎ᠤᠨ ᠲᠤᠰᠬᠠᠢ ᠮᠡᠷᠭᠡᠵᠢᠯ᠎ᠦᠨ ᠠᠵᠢᠯᠲᠠᠨ᠎ᠤ ᠡᠩᠨᠡᠭᠡ᠎ᠶᠢᠨ ᠪᠠᠢᠭᠤᠯᠤᠯᠲᠠ᠎ᠶᠢ ᠪᠦᠬᠦ ᠣᠷᠣᠨ᠎ᠤ ᠴᠢᠳᠠᠪᠤᠷᠢᠲᠠᠨ᠎ᠤ ᠠᠵᠢᠯ ᠪᠣᠯᠣᠨ 《ᠲᠠᠯ᠎ᠠ ᠨᠤᠲᠤᠭ᠎ᠤᠨ ᠰᠤᠳᠤᠨ ᠴᠢᠳᠠᠪᠤᠷᠢᠲᠠᠨ》 ᠤ᠋ ᠢᠨᠵᠧᠨᠧᠷᠢᠩ᠎ᠦᠨ ᠶᠡᠷᠦᠩᠬᠡᠢ ᠪᠠᠢᠷᠢᠰᠢᠭᠤᠯᠤᠯᠲᠠ᠎ᠳᠤ ᠣᠷᠣᠭᠤᠯᠵᠤ᠂ ᠪᠦᠬᠦ ᠣᠷᠣᠨ᠎ᠤ ᠨᠡᠢᠭᠡᠮ᠎ᠦᠨ ᠠᠵᠢᠯ᠎ᠤᠨ ᠲᠤᠰᠬᠠᠢ ᠮᠡᠷᠭᠡᠵᠢᠯ᠎ᠦᠨ ᠠᠵᠢᠯᠲᠠᠨ᠎ᠤ ᠡᠩᠨᠡᠭᠡ᠎ᠶᠢᠨ ᠪᠠᠢᠭᠤᠯᠤᠯᠲᠠ᠎ᠶᠢᠨ ᠲᠠᠰᠤᠷᠠᠯᠲᠠ ᠦᠭᠡᠢ ᠰᠢᠨ᠎ᠡ ᠦᠷ᠎ᠡ ᠪᠦᠲᠦᠮᠵᠢ ᠤᠯᠬᠤ ᠵᠢ ᠠᠬᠢᠭᠤᠯᠪᠠ᠃

ᠡᠩᠨᠡᠭᠡᠨ᠎ᠦ ᠬᠡᠪᠴᠢᠶ᠎ᠡ ᠦᠷᠭᠦᠯᠵᠢᠯᠡᠨ ᠪᠤᠵᠠᠭᠠᠢᠷᠠᠵᠦ᠂ ᠪᠥᠬᠥ ᠣᠷᠣᠨ᠎ᠤ 9 ᠶᠡᠬᠡ ᠳᠡᠭᠡᠳᠦ ᠰᠤᠷᠭᠠᠭᠤᠯᠢ ᠨᠡᠢᠭᠡᠮ᠎ᠦᠨ ᠠᠵᠢᠯ᠎ᠤᠨ ᠲᠤᠰᠬᠠᠢ ᠮᠡᠷᠭᠡᠵᠢᠯ ᠲᠤᠬᠢᠷᠠᠭᠤᠯᠵᠦ᠂ ᠵᠢᠯ ᠪᠦᠷᠢ ᠪᠠᠷᠤᠭ 1000 ᠰᠣᠷᠣᠭ᠍ᠴᠢ ᠲᠡᠭᠦᠰᠴᠦ ᠪᠣᠶ᠃ 2025 ᠣᠨ᠎ᠤ ᠪᠥᠬᠥ ᠤᠯᠤᠰ᠎ᠤᠨ ᠨᠡᠢᠭᠡᠮ᠎ᠦᠨ ᠠᠵᠢᠯᠲᠠᠨ᠎ᠤ ᠠᠵᠢᠯ ᠮᠡᠷᠭᠡᠵᠢᠯ᠎ᠦᠨ ᠬᠢᠷᠢ ᠬᠡᠮ᠎ᠦᠨ ᠰᠢᠯᠭᠠᠯᠲᠠ᠎ᠳᠤ ᠬᠢᠷᠢ ᠲᠡᠩᠴᠡᠭᠰᠡᠨ ᠬᠥᠮᠥᠨ᠎ᠦ ᠲᠣᠭ᠎ᠠ 9800᠎ᠳ᠋ᠦ ᠬᠦᠷᠴᠦ᠂ ᠲᠡᠭᠡᠷ᠎ᠠ ᠵᠢᠯ᠎ᠤᠨ ᠠᠳᠠᠯᠢ ᠬᠤᠭᠤᠴᠠᠭᠠᠨ᠎ᠤ ᠬᠢ᠎ᠡᠴᠡ 44.3% ᠪᠡᠷ ᠨᠡᠮᠡᠭᠳᠡᠵᠦ᠂ 23 ᠬᠥᠮᠥᠨ ᠳᠡᠭᠡᠳᠦ ᠵᠡᠷᠭᠡ᠎ᠶᠢᠨ ᠨᠡᠢᠭᠡᠮ᠎ᠦᠨ ᠠᠵᠢᠯᠲᠠᠨ᠎ᠤ ᠪᠢᠴᠢᠭ᠎ᠦᠨ ᠰᠢᠯᠭᠠᠯᠲᠠ᠎ᠳᠤ ᠬᠢᠷᠢ ᠲᠡᠩᠴᠡᠵᠦ᠂ ᠴᠥᠮ ᠲᠡᠦᠬᠡ᠎ᠶᠢᠨ ᠰᠢᠨ᠎ᠡ ᠲᠡᠮᠳᠡᠭᠯᠡᠯ᠎ᠢ ᠡᠭᠦᠳᠪᠡ᠃ 7 ᠠᠢᠮᠠᠭ ᠬᠣᠲᠠ᠎ᠶᠢ ᠵᠢᠯᠣᠭᠣᠳᠤᠨ ᠴᠢᠩᠬᠤᠸᠠ ᠶᠡᠬᠡ ᠰᠤᠷᠭᠠᠭᠤᠯᠢ᠂ ᠳᠤᠮᠳᠠᠳᠤ ᠤᠯᠤᠰ᠎ᠤᠨ ᠠᠷᠠᠳ᠎ᠤᠨ ᠶᠡᠬᠡ ᠰᠤᠷᠭᠠᠭᠤᠯᠢ ᠵᠡᠷᠭᠡ ᠶᠡᠬᠡ ᠳᠡᠭᠡᠳᠦ ᠰᠤᠷᠭᠠᠭᠤᠯᠢ᠎ᠲᠠᠢ ᠵᠣᠯᠭᠠᠭᠤᠯᠵᠤ᠂ 36 ᠳᠠᠳᠤᠯᠭ᠎ᠠ᠎ᠶᠢᠨ ᠦᠢᠯᠡᠳᠦᠯᠭᠡ᠎ᠶᠢᠨ ᠲᠠᠪᠴᠠᠩ᠎ᠢ ᠬᠠᠮᠲᠤ᠎ᠪᠠᠷ ᠪᠠᠢᠭᠤᠯᠪᠠ᠃

ᠦᠢᠯᠡᠴᠢᠯᠡᠭᠡᠨ᠎ᠦ ᠬᠦᠷᠢᠶ᠎ᠡ ᠬᠡᠪᠴᠢᠶ᠎ᠡ ᠲᠠᠰᠤᠷᠠᠯᠲᠠ ᠦᠭᠡᠢ ᠥᠷᠭᠡᠳᠭᠡᠵᠦ᠂ 2025 ᠣᠨ᠎ᠳᠤ᠂ ᠪᠥᠬᠥ ᠣᠷᠣᠨ᠎ᠤ 30 ᠨᠡᠢᠭᠡᠮ ᠲᠣᠭᠣᠷᠢᠭ᠋᠎ᠢ ᠰᠢᠯᠢᠨ ᠰᠣᠩᠭᠣᠵᠤ ᠲᠥᠪ᠎ᠦᠨ ᠨᠡᠢᠭᠡᠮ᠎ᠦᠨ ᠠᠵᠢᠯ᠎ᠤᠨ ᠬᠡᠯᠲᠡᠰ᠎ᠦᠨ ᠨᠠᠮ᠎ᠤᠨ ᠪᠠᠢᠭᠤᠯᠤᠯᠲᠠ᠎ᠪᠠᠷ ᠬᠥᠲᠥᠯᠥᠨ ᠳᠠᠭᠠᠭᠤᠯᠬᠤ 《ᠲᠤᠰᠬᠠᠢ ᠮᠡᠷᠭᠡᠵᠢᠯ᠎ᠤᠨ ᠨᠡᠢᠭᠡᠮ᠎ᠦᠨ ᠠᠵᠢᠯᠲᠠᠨ + ᠰᠠᠢᠨ ᠳᠤᠷ᠎ᠠ᠎ᠶᠢᠨ ᠦᠢᠯᠡᠴᠢᠯᠡᠭᠡ》 ᠵᠢ ᠠᠭᠤᠰᠤᠯᠴᠠᠭᠤᠯᠬᠤ ᠲᠤᠷᠰᠢᠯᠲᠠ ᠢ᠋ᠢᠨ ᠴᠡᠭ᠎ᠤᠨ ᠠᠵᠢᠯ ᠥᠷᠨᠢᠭᠦᠯᠵᠦ᠂ 100 ᠨᠡᠢᠭᠡᠮ ᠲᠣᠭᠣᠷᠢᠭ᠋᠎ᠢ ᠵᠡᠷᠭᠡ ᠪᠡᠷ ᠰᠣᠩᠭᠣᠨ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠲᠤᠷᠰᠢᠯᠲᠠ᠎ᠤᠨ ᠴᠡᠭ᠎ᠤᠨ ᠠᠵᠢᠯ ᠥᠷᠨᠢᠭᠦᠯᠵᠦ᠂ 2026 ᠣᠨ᠎ᠳᠤ ᠤᠯᠠᠮ ᠨᠢᠭᠡ ᠠᠯᠬᠤᠮ ᠥᠷᠭᠡᠳᠬᠡᠭᠡᠳ 216 ᠨᠡᠢᠭᠡᠮ ᠲᠣᠭᠣᠷᠢᠭ᠋᠎ᠲᠤ ᠬᠦᠷᠭᠡᠪᠡ᠃ ᠠᠭᠤᠰᠤᠯᠴᠠᠭᠤᠯᠬᠤ ᠲᠤᠷᠰᠢᠯᠲᠠ᠎ᠶᠢᠨ ᠴᠡᠭ᠎ᠤᠨ ᠠᠵᠢᠯ᠎ᠤᠨ ᠵᠢᠯᠣᠭᠣᠳᠤᠮᠵᠢ ᠪᠠ ᠰᠢᠯᠢᠳᠡᠭ ᠬᠡᠷᠡᠭ᠎ᠦᠨ ᠵᠢᠱ᠌ᠢᠶ᠎ᠡ᠎ᠶᠢ ᠨᠠᠢᠷᠠᠭᠤᠯᠤᠨ ᠨᠡᠢᠲᠡᠯᠡᠵᠦ᠂ ᠪᠥᠬᠥ ᠣᠷᠣᠨ᠎ᠤ ᠠᠩᠬᠠᠳᠤᠭᠠᠷ ᠬᠤᠭᠤᠴᠠᠭᠠᠨ᠎ᠤ 《ᠬᠠᠮᠤᠭ᠎ᠤᠨ ᠭᠣᠶᠣ᠌ ᠨᠡᠢᠭᠡᠮ᠎ᠦᠨ ᠠᠵᠢᠯᠲᠠᠨ》 ᠢ᠋ ᠤᠬᠠᠭᠤᠯᠤᠨ ᠰᠢᠯᠭᠠᠷᠠᠭᠤᠯᠬᠤ ᠠᠵᠢᠯᠯᠠᠭ᠎ᠠ ᠥᠷᠨᠢᠭᠦᠯᠵᠦ᠂ 《ᠬᠤᠪᠢᠰᠬᠠᠯ᠎ᠤᠨ ᠬᠠᠭᠤᠴᠢᠨ ᠰᠠᠭᠤᠷᠢᠨ ᠭᠠᠵᠠᠷ᠂ ᠦᠨᠳᠦᠰᠦᠲᠡᠨ᠎ᠦ ᠭᠠᠵᠠᠷ ᠣᠷᠣᠨ᠂ ᠬᠢᠯᠢ ᠬᠢᠵᠠᠭᠠᠷ ᠣᠷᠣᠨ᠎ᠤ ᠨᠡᠢᠭᠡᠮ᠎ᠦᠨ ᠠᠵᠢᠯ᠎ᠤᠨ ᠲᠤᠰᠬᠠᠢ ᠮᠡᠷᠭᠡᠵᠢᠯ᠎ᠦᠨ ᠠᠵᠢᠯᠲᠠᠨ᠎ᠢ ᠳᠡᠮᠵᠢᠬᠦ ᠲᠥᠯᠥᠪᠯᠡᠭᠡ》 ᠵᠢ ᠪᠠᠢᠩᠭᠤᠵᠢᠭᠤᠯᠤᠨ ᠬᠡᠷᠡᠭᠵᠢᠭᠦᠯᠪᠡ᠃

ᠳᠦᠷᠢᠮ᠎ᠦᠨ ᠪᠠᠲᠤᠯᠠᠭ᠎ᠠ ᠵᠢ ᠠᠯᠬᠤᠮ ᠠᠯᠬᠤᠮ᠎ᠢᠶᠠᠷ ᠲᠡᠭᠦᠯᠳᠡᠷᠵᠢᠬᠦᠯᠵᠦ᠂ ᠤᠷᠢᠳ ᠬᠣᠵᠢᠳ ᠨᠡᠢᠭᠡᠮ᠎ᠦᠨ ᠠᠵᠢᠯ᠎ᠤᠨ ᠲᠤᠰᠬᠠᠢ ᠮᠡᠷᠭᠡᠵᠢᠯ᠎ᠦᠨ ᠠᠵᠢᠯ᠎ᠤᠨ ᠪᠠᠢᠷᠢ ᠭᠠᠷᠭᠠᠬᠤ ᠪᠠ ᠴᠢᠳᠠᠪᠤᠷᠢᠲᠠᠨ᠎ᠢ ᠤᠷᠮᠠᠰᠢᠭᠤᠯᠬᠤ ᠪᠠᠲᠤᠯᠠᠭ᠎ᠠ᠂ ᠰᠤᠮᠤ ᠰᠢᠶᠠᠩ ᠪᠠᠯᠭᠠᠰᠤ (ᠵᠡᠭᠡᠯᠢ ᠭᠤᠳᠤᠮᠵᠢ)ᠢ᠋ᠢᠨ ᠨᠡᠢᠭᠡᠮ᠎ᠦᠨ ᠠᠵᠢᠯ᠎ᠤᠨ ᠦᠢᠯᠡᠴᠢᠯᠡᠭᠡᠨ᠎ᠦ ᠥᠷᠲᠡᠭᠡ᠎ᠶᠢᠨ ᠪᠠᠢᠭᠤᠯᠤᠯᠲᠠ᠂ ᠨᠡᠢᠭᠡᠮ ᠲᠣᠭᠣᠷᠢᠭ᠋᠎ᠤᠨ ᠠᠵᠢᠯᠲᠠᠨ᠎ᠤ ᠬᠠᠮᠢᠶᠠᠷᠤᠯᠲᠠ ᠵᠡᠷᠭᠡ ᠰᠢᠷᠢᠰ ᠲᠥᠷᠥ᠎ᠶᠢᠨ ᠪᠣᠳᠣᠯᠭ᠎ᠠ᠎ᠶᠢᠨ ᠪᠢᠴᠢᠭ ᠮᠠᠲᠧᠷᠢᠶᠠᠯ᠎ᠢ ᠲᠣᠭᠲᠠᠭᠠᠵᠤ᠂ ᠨᠡᠢᠭᠡᠮ᠎ᠦᠨ ᠠᠵᠢᠯ᠎ᠤᠨ ᠲᠤᠰᠬᠠᠢ ᠮᠡᠷᠭᠡᠵᠢᠯ᠎ᠦᠨ ᠠᠵᠢᠯᠲᠠᠨ᠎ᠤ ᠡᠩᠨᠡᠭᠡ᠎ᠶᠢᠨ ᠪᠠᠢᠭᠤᠯᠤᠯᠲᠠ᠎ᠳᠤ ᠪᠠᠲᠤ ᠴᠢᠩᠭ᠎ᠠ ᠳᠦᠷᠢᠮ᠎ᠦᠨ ᠪᠠᠲᠤᠯᠠᠭ᠎ᠠ ᠬᠠᠩᠭᠠᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号