2026 ᠣᠨ᠎ᠤ ᠬᠥᠬᠡᠬᠣᠲᠠ᠎ᠶᠢᠨ ᠵᠠᠯᠠᠭᠤᠴᠤᠳ ᠪᠠᠭᠠᠴᠤᠳ ( ᠳᠤᠮᠳᠠᠳᠤ ᠪᠠᠭ᠎ᠠ ᠰᠤᠷᠭᠠᠭᠤᠯᠢ᠎ᠶᠢᠨ ᠰᠣᠷᠣᠭ᠍ᠴᠢ ) ᠤ᠋ᠨ ᠵᠡᠪᠰᠡᠭ᠎ᠤᠨ ᠡᠷᠳᠡᠮ᠎ᠤᠨ ᠮᠠᠩᠯᠠᠢ ᠰᠢᠯᠭᠠᠷᠠᠭᠤᠯᠬᠤ ᠤᠷᠤᠯᠳᠤᠭᠠᠨ᠎ᠶᠠᠪᠤᠬᠳᠠᠵᠠᠢ
2026-07-20 16:01:03
ᠵᠣᠬᠢᠶᠠᠭ᠍ᠴᠢ᠄
ᠴᠸᠨ ᠨᠠᠷᠠᠨᠳᠤᠨᠭᠭᠠᠯᠠᠭ
ᠣᠩᠱᠢᠭ᠍ᠰᠠᠨ ᠣᠳᠠᠭ᠎ᠠ᠄
★★★☆☆

2026 ᠣᠨ᠎ᠤ ᠬᠥᠬᠡᠬᠣᠲᠠ᠎ᠶᠢᠨ ᠵᠠᠯᠠᠭᠤᠴᠤᠳ ᠪᠠᠭᠠᠴᠤᠳ (ᠳᠤᠮᠳᠠᠳᠤ ᠪᠠᠭ᠎ᠠ ᠰᠤᠷᠭᠠᠭᠤᠯᠢ᠎ᠶᠢᠨ ᠰᠣᠷᠣᠭ᠍ᠴᠢ) ᠤ᠋ᠨ ᠵᠡᠪᠰᠡᠭ᠎ᠤᠨ ᠡᠷᠳᠡᠮ᠎ᠤᠨ ᠮᠠᠩᠯᠠᠢ ᠰᠢᠯᠭᠠᠷᠠᠭᠤᠯᠬᠤ ᠤᠷᠤᠯᠳᠤᠭᠠᠨ ᠲᠦᠷᠦᠬᠦᠬᠡᠨ ᠬᠥᠬᠡᠬᠣᠲᠠ᠎ᠶᠢᠨ  ᠪᠡᠶ᠎ᠡ᠎ᠶᠢᠨ ᠲᠠᠮᠢᠷ᠎ᠤᠨ ᠲᠥᠪ᠎ᠲᠦ ᠶᠠᠪᠤᠬᠳᠠᠪᠠ᠃

ᠲᠤᠰ ᠤᠳᠠᠭᠠᠨ᠎ᠤ ᠤᠷᠤᠯᠳᠤᠭᠠᠨ᠎ᠢ ᠬᠥᠬᠡᠬᠣᠲᠠ᠎ᠶᠢᠨ ᠪᠡᠶ᠎ᠡ᠎ᠶᠢᠨ ᠲᠠᠮᠢᠷ᠎ᠤᠨ ᠲᠣᠪᠴᠢᠶ᠎ᠠ᠂ ᠬᠥᠬᠡᠬᠣᠲᠠ᠎ᠶᠢᠨ ᠰᠤᠷᠭᠠᠨ ᠬᠥᠮᠦᠵᠢᠯ᠎ᠦᠨ ᠲᠣᠪᠴᠢᠶ᠎ᠠ᠎ᠡᠴᠠ ᠬᠠᠮᠲᠤᠷᠠᠨ ᠡᠷᠬᠢᠯᠡᠵᠦ᠂ ᠬᠥᠬᠡᠬᠣᠲᠠ᠎ᠶᠢᠨ ᠪᠡᠶ᠎ᠡ᠎ᠶᠢᠨ ᠲᠠᠮᠢᠷ᠎ᠤᠨ ᠲᠥᠪ᠎ᠡᠴᠡ ᠬᠠᠮᠵᠢᠯᠴᠠᠨ ᠡᠷᠬᠢᠯᠡᠪᠡ᠃ ᠲᠤᠰ ᠤᠷᠤᠯᠳᠤᠭᠠᠨ᠎ᠳᠦ 87 ᠰᠤᠷᠭᠠᠭᠤᠯᠢ᠂ 19 ᠺᠯᠦ᠋ᠪ᠎ᠡᠴᠡ ᠢᠷᠡᠭᠰᠡᠨ 883 ᠵᠡᠪᠰᠡᠭ᠎ᠦᠨ ᠡᠷᠳᠡᠮ᠎ᠦᠨ ᠲᠠᠮᠢᠷᠴᠢᠳ ᠣᠷᠣᠯᠴᠠᠪᠠ᠃ ᠤᠷᠤᠯᠳᠤᠭᠠᠨ᠎ᠤ ᠲᠤᠬᠠᠢ᠎ᠶᠢᠨ ᠲᠠᠯᠠᠪᠠᠢ᠎ᠶᠢᠨ ᠠᠭᠤᠷ ᠠᠮᠢᠰᠬᠤᠯ ᠬᠦᠷ ᠬᠥᠭᠵᠢᠶᠡᠨ᠎ᠲᠠᠢ ᠪᠥᠭᠡᠳ ᠡᠮᠬᠢ ᠳᠢᠭ᠌ᠯᠢᠮ᠎ᠲᠠᠢ ᠪᠠᠢᠯ᠎ᠠ᠃ ᠲᠠᠮᠢᠷᠴᠢᠳ ᠯᠠᠪᠳᠠᠭᠤᠨ ᠬᠢᠨᠠᠮᠠᠭᠠᠢ ᠤᠪᠤᠷ᠎ᠶ᠋ᠢᠡᠷ ᠳᠤᠮᠳᠠᠳᠤ᠎ᠶᠢᠨ ᠵᠡᠪᠰᠡᠭ᠎ᠦᠨ ᠡᠷᠳᠡᠮ᠎ᠦᠨ  ᠥᠪᠡᠷᠮᠢᠴᠡ ᠷᠢᠳᠢ ᠰᠢᠳᠢ᠎ᠶᠢ ᠢᠯᠡᠷᠡᠭᠦᠯᠪᠡ᠃ ᠲᠤᠰ ᠤᠷᠤᠯᠳᠤᠭᠠᠨ᠎ᠢ ᠠᠮᠵᠢᠯᠲᠠ᠎ᠲᠠᠢ ᠡᠷᠬᠢᠯᠡᠭᠰᠡᠡ ᠨᠢ ᠬᠦᠬᠡᠬᠤᠲᠠ᠎ᠶᠢᠨ ᠥᠷᠭᠡᠨ ᠤᠯᠠᠨ ᠵᠡᠪᠰᠡᠭ᠎ᠦᠨ ᠡᠷᠳᠡᠮ᠎ᠳ᠋ᠤ ᠪᠠᠬᠠᠲᠠᠢ ᠪᠠᠭᠠᠴᠤᠳ᠎ᠲᠤ ᠥᠪᠡᠷ᠎ᠤᠨ ᠤᠷ᠎ᠠ ᠴᠢᠳᠠᠪᠤᠷᠢ ᠪᠡᠨ ᠳᠡᠯᠭᠡᠨ ᠦᠵᠡᠭᠦᠯᠬᠦ᠂ ᠰᠣᠯᠢᠯᠴᠠᠨ ᠰᠤᠷᠤᠯᠴᠠᠬᠤ᠂ ᠬᠠᠮᠲᠤ ᠪᠠᠷ ᠳᠡᠭᠡᠭᠰᠢᠯᠡᠭᠦ ᠰᠢᠯᠢᠳᠡᠭ ᠲᠠᠪᠴᠠᠩ᠎ᠢ ᠪᠠᠢᠭᠤᠯᠤᠨ ᠦᠭᠴᠦ᠂ ᠤᠯᠠᠮᠵᠢᠯᠠᠯᠲᠤ ᠵᠡᠪᠰᠡᠭ᠎ᠦᠨ ᠡᠷᠳᠡᠮ᠎ᠦᠨ ᠰᠣᠶᠣᠯ᠎ᠢ ᠤᠯᠠᠮᠵᠢᠯᠠᠨ ᠲᠦᠭᠡᠮᠡᠯᠵᠢᠭᠦᠯᠬᠦ᠎ᠶᠢ ᠬᠦᠴᠦᠲᠡᠢ ᠠᠬᠢᠭᠤᠯᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号