7 ᠰᠠᠷ᠎ᠠ᠎ᠶᠢᠨ 17᠎ᠤ ᠡᠳᠦᠷ᠂ ᠥᠪᠥᠷ
ᠮᠣᠩᠭᠣᠯ᠎ᠤᠨ ᠬᠣᠶᠠᠳᠤᠭᠠᠷ ᠬᠤᠭᠤᠴᠠᠭᠠᠨ᠎ᠤ ᠪᠢᠰᠢᠯᠠᠭ᠎ᠤᠨ ᠠᠵᠤ ᠦᠢᠯᠡᠰ᠎ᠦᠨ ᠲᠥᠷᠥᠯ ᠲᠡᠮᠳᠡᠭ᠎ᠤᠨ
ᠲᠠᠨᠢᠯᠴᠠᠭᠤᠯᠭ᠎ᠠ ᠵᠢᠨ ᠬᠤᠷᠠᠯ ᠬᠥᠬᠡᠬᠣᠲᠠ᠎ᠳᠤ ᠶᠠᠪᠤᠭᠳᠠᠪᠠ᠃
ᠲᠤᠰ ᠤᠳᠠᠭ᠎ᠠ᠎ᠶᠢᠨ ᠠᠵᠢᠯᠯᠠᠭ᠎ᠠ ᠨᠢ 《ᠥᠪᠥᠷ ᠮᠣᠩᠭᠣᠯ᠎ᠤᠨ ᠪᠢᠰᠢᠯᠠᠭ ᠰᠠᠢᠨ᠂
ᠰᠠᠢᠨ ᠪᠢᠰᠢᠯᠠᠭ ᠥᠪᠥᠷ ᠮᠣᠩᠭᠣᠯ᠎ᠳᠤ ᠪᠤᠢ》 ᠭᠡᠬᠦ ᠭᠣᠣᠯ ᠰᠡᠳᠦᠪ᠎ᠢᠶᠡᠷ ᠶᠠᠪᠤᠭᠳᠠᠵᠤ᠂ 7 ᠰᠠᠷ᠎ᠠ᠎ᠶᠢᠨ 19᠎ᠦ ᠡᠳᠦᠷ ᠪᠣᠯᠲᠠᠯ᠎ᠠ ᠶᠠᠪᠤᠭᠳᠠᠨ᠎ᠠ᠃
ᠬᠤᠷᠠᠯ᠎ᠳᠤ ᠣᠷᠣᠯᠴᠠᠭᠰᠠᠨ ᠲᠥᠯᠥᠭᠡᠯᠡᠭᠴᠢᠳ ᠮᠠᠨ᠎ᠤ ᠣᠷᠣᠨ᠎ᠤ ᠰᠦ᠎ᠶᠢᠨ ᠠᠵᠤ ᠦᠢᠯᠡᠰ᠎ᠦᠨ ᠡᠬᠢ ᠪᠠᠶᠠᠯᠢᠭ᠋᠎ᠤᠨ
ᠳᠠᠪᠠᠭᠤᠯᠢᠭ᠋ ᠪᠣᠯᠣᠨ ᠵᠠᠬ᠎ᠠ ᠳᠡᠯᠭᠡᠭᠦᠷ᠎ᠦᠨ ᠣᠳᠣᠬᠢ ᠪᠠᠢᠳᠠᠯ᠎ᠳᠤ ᠰᠠᠭᠤᠷᠢᠯᠠᠨ ᠭᠦᠨᠵᠡᠭᠡᠢ ᠰᠤᠳᠤᠯᠤᠨ ᠶᠠᠷᠢᠯᠴᠠᠵᠤ᠂
ᠪᠢᠰᠢᠯᠠᠭ᠎ᠤᠨ ᠠᠵᠤ ᠦᠢᠯᠡᠰ᠎ᠦᠨ ᠬᠥᠭᠵᠢᠯᠲᠡ᠎ᠶᠢᠨ ᠠᠷᠭ᠎ᠠ ᠵᠠᠮ᠎ᠢ ᠰᠦᠪᠡᠭᠴᠢᠯᠡᠨ᠂ ᠲᠠᠰ ᠳᠡᠪᠰᠢᠭᠦᠯᠬᠦ ᠬᠠᠮᠲᠤ᠎ᠶᠢᠨ
ᠲᠠᠨᠢᠯᠲᠠ᠎ᠶᠢ ᠨᠢᠭ᠍ᠲᠠᠷᠠᠭᠤᠯᠪᠠ᠃
ᠠᠵᠢᠯᠯᠠᠭ᠎ᠠ ᠨᠢ ᠬᠥᠬᠡᠬᠣᠲᠠ᠎ᠶᠢᠨ ᠬᠥᠬᠡ
ᠲᠠᠯ᠎ᠠ᠎ᠶᠢᠨ ᠠᠭᠤᠳᠠᠮ ᠲᠠᠯᠠᠪᠠᠶ᠎ᠳᠤ ᠪᠢᠰᠢᠯᠠᠭ᠎ᠤᠨ ᠭᠣᠣᠯ ᠰᠡᠳᠦᠪᠲᠦ ᠵᠠᠬ᠎ᠠ ᠨᠡᠭᠡᠭᠡᠵᠦ᠂ ᠪᠥᠬᠥ ᠣᠷᠣᠨ᠎ᠤ
ᠣᠨᠴᠠᠯᠢᠭ᠍ᠲᠤ ᠴᠠᠭᠠᠨ ᠢᠳᠡᠭᠡᠨ᠎ᠦ ᠳᠡᠯᠭᠡᠨ ᠪᠣᠷᠣᠯᠠᠭᠤᠯᠤᠯᠲᠠ᠂ ᠪᠢᠰᠢᠯᠠᠭ ᠬᠢᠬᠦ ᠤᠷ᠎ᠠ ᠮᠡᠷᠭᠡᠵᠢᠯ᠎ᠦᠨ ᠦᠵᠡᠭᠦᠯᠭᠡ
ᠲᠣᠭᠯᠠᠯᠲᠠ᠂ ᠪᠢᠰᠢᠯᠠᠭᠠᠮᠰᠠᠨ ᠣᠢᠯᠠᠭᠠᠬᠤ ᠵᠡᠷᠭᠡ ᠠᠵᠢᠯᠯᠠᠭ᠎ᠠ᠎ᠶᠢ ᠲᠥᠪᠯᠡᠷᠡᠭᠦᠯᠦᠨ ᠥᠷᠨᠢᠭᠦᠯᠵᠦ᠂ ᠬᠤᠷᠠᠯ᠎ᠳᠤ
ᠣᠷᠣᠯᠴᠠᠭᠰᠠᠳ᠎ᠠᠴᠠ ᠪᠢᠰᠢᠯᠠᠭ᠎ᠤᠨ ᠰᠣᠶᠣᠯ᠎ᠤᠨ ᠠᠭᠤᠯᠤᠭᠳᠠᠬᠤᠨ ᠪᠣᠯᠣᠨ ᠠᠵᠤ ᠦᠢᠯᠡᠰ᠎ᠦᠨ ᠰᠢᠨ᠎ᠡ᠎ᠶᠢ ᠡᠭᠦᠳᠬᠦ
ᠠᠮᠢᠵᠢᠷᠠᠯ᠎ᠤᠨ ᠬᠦᠴᠦᠨ᠎ᠢ ᠣᠢᠯᠠᠭᠠᠪᠠ᠃ ᠢᠯᠢ᠂ ᠮᠧᠩ ᠨᠢᠦ ᠬᠣᠶᠠᠷ ᠶᠡᠬᠡ ᠳᠠᠭᠠᠭᠤᠯᠤᠭ᠍ᠴᠢ ᠰᠦᠨ᠎ᠤ ᠠᠵᠤ ᠠᠬᠤᠢᠯᠠᠯ
ᠪᠢᠰᠢᠯᠠᠭ᠎ᠤᠨ ᠰᠢᠨ᠎ᠡ᠎ᠶᠢ ᠡᠭᠦᠳᠦᠭᠰᠡᠨ ᠪᠦᠲᠦᠭᠡᠭᠳᠡᠬᠦᠨ᠎ᠢ ᠨᠡᠢᠲᠡᠯᠡᠵᠦ᠂ ᠤᠯᠠᠮᠵᠢᠯᠠᠯᠲᠤ ᠴᠠᠭᠠᠨ ᠢᠳᠡᠭᠡᠨ
ᠪᠣᠯᠣᠨ ᠴᠠᠭ᠎ᠤᠨ ᠤᠷᠤᠰᠬᠠᠯ᠎ᠤᠨ ᠬᠡᠷᠡᠭᠯᠡᠭᠡ᠎ᠶᠢᠨ 《ᠬᠣᠣᠰ ᠴᠢᠭᠯᠡᠯ᠎ᠢᠶᠡᠷ ᠤᠷᠤᠭᠰᠢᠯᠠᠬᠤ》 ᠶ᠋ᠢ ᠠᠬᠢᠭᠤᠯᠪᠠ᠃ ᠠᠵᠢᠯᠯᠠᠭ᠎ᠠ᠎ᠶᠢᠨ ᠬᠤᠭᠤᠴᠠᠭᠠᠨ᠎ᠳᠤ᠂ ᠥᠪᠥᠷ ᠮᠣᠩᠭᠣᠯ᠎ᠤᠨ ᠪᠢᠰᠢᠯᠠᠭ᠎ᠤᠨ
ᠠᠵᠤ ᠦᠢᠯᠡᠰ᠎ᠦᠨ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠬᠤᠷᠠᠯ᠎ᠢ ᠢᠵᠢ ᠪᠦᠷᠢᠳᠦᠭᠦᠯᠦᠨ ᠡᠷᠭᠢᠯᠡᠵᠦ᠂
ᠤᠯᠤᠰ᠎ᠤᠨ ᠳᠣᠲᠣᠭᠠᠳᠤ᠎ᠶᠢᠨ ᠪᠢᠰᠢᠯᠠᠭ᠎ᠤᠨ ᠠᠵᠤ ᠦᠢᠯᠡᠰ᠎ᠦᠨ ᠬᠥᠭᠵᠢᠯᠲᠡ᠎ᠶᠢᠨ ᠣᠳᠣᠬᠢ ᠪᠠᠢᠳᠠᠯ ᠬᠢᠭᠡᠳ ᠢᠷᠡᠭᠡᠳᠦᠢ᠎ᠶᠢᠨ
ᠬᠥᠭᠵᠢᠯᠲᠡ᠎ᠶᠢᠨ ᠴᠢᠭᠯᠡᠯ᠎ᠢ ᠭᠦᠨᠵᠡᠭᠡᠢ ᠵᠠᠳᠠᠯᠬᠤ ᠪᠤᠯᠤᠨ᠎ᠠ᠃
ᠲᠣᠰ ᠤᠳᠠᠭᠠᠨ᠎ᠤ ᠲᠠᠨᠢᠯᠴᠠᠭᠤᠯᠭ᠎ᠠ
ᠵᠢᠨ ᠬᠤᠷᠠᠯ ᠨᠢ ᠲᠥᠷᠥ᠎ᠶᠢᠨ ᠪᠣᠳᠣᠯᠭ᠎ᠠ᠂ ᠰᠢᠨᠵᠢᠯᠡᠬᠦ ᠤᠬᠠᠭᠠᠨ᠎ᠤ ᠰᠤᠳᠤᠯᠭᠠᠨ᠂ ᠦᠢᠯᠡᠳᠪᠦᠷᠢᠯᠡᠯ᠂ ᠵᠠᠬ᠎ᠠ
ᠳᠡᠯᠭᠡᠭᠦᠷ᠎ᠦᠨ ᠪᠥᠬᠥ ᠬᠡᠯᠬᠢᠶᠡᠨ᠎ᠦ ᠡᠬᠢ ᠪᠠᠶᠠᠯᠢᠭ᠋᠎ᠢ ᠨᠢᠭᠡᠳᠦᠯᠲᠡᠢ ᠲᠥᠯᠥᠪᠵᠢᠭᠦᠯᠦᠨ ᠡᠮᠬᠢᠯᠡᠨ ᠨᠡᠢᠯᠡᠭᠦᠯᠵᠦ᠂
ᠠᠵᠢᠯ ᠲᠥᠷᠥᠯ᠎ᠦᠨ ᠮᠡᠳᠡᠭᠡ ᠵᠠᠩᠭᠢ᠎ᠶᠢᠨ ᠬᠣᠷᠢᠭ᠎ᠠ᠎ᠶᠢ ᠪᠦᠲᠦᠮᠵᠢᠲᠡᠶ ᠨᠡᠪᠲᠡᠷᠡᠭᠦᠯᠦᠨ᠂ ᠲᠣᠰ ᠭᠠᠵᠠᠷ ᠣᠷᠣᠨ᠎ᠤ
ᠤᠯᠠᠮᠵᠢᠯᠠᠯᠲᠤ ᠴᠠᠭᠠᠨ ᠢᠳᠡᠭᠡᠨ᠎ᠦ ᠪᠠᠷᠢᠮᠵᠢᠶᠠᠵᠢᠭᠤᠯᠤᠯᠲᠠ᠂ ᠣᠳᠣᠬᠢᠴᠢᠯᠠᠯᠲᠠ᠎ᠶᠢᠨ ᠬᠥᠭᠵᠢᠯᠲᠡ᠎ᠶᠢ ᠲᠦᠷᠭᠡᠳᠬᠡᠨ
ᠠᠬᠢᠭᠤᠯᠵᠤ᠂ ᠥᠪᠥᠷ ᠮᠣᠩᠭᠣᠯ᠎ᠤᠨ ᠴᠢᠨᠠᠷ ᠰᠠᠢᠲᠠᠢ ᠪᠢᠰᠢᠯᠠᠭ ᠲᠠᠯ᠎ᠠ ᠨᠤᠲᠤᠭ ᠡᠴᠡ ᠭᠠᠷᠴᠤ᠂ ᠪᠥᠬᠥ ᠤᠯᠤᠰ᠎ᠲᠤ
ᠪᠣᠷᠤᠯᠠᠭᠤᠯᠬᠤ᠎ᠳᠤ ᠬᠦᠴᠦᠨ ᠨᠡᠮᠡᠷᠢᠯᠡᠪᠡ᠃ ᠲᠠᠷᠠᠭᠠᠴᠢ᠎ᠶᠢᠨ ᠠᠯᠬᠤᠮ᠎ᠳᠤ᠂ ᠮᠠᠨ᠎ᠤ ᠣᠷᠣᠨ ᠰᠦ᠎ᠶᠢᠨ ᠦᠢᠯᠡᠰ᠎ᠦᠨ
ᠪᠥᠬᠥ ᠠᠵᠤ ᠦᠢᠯᠡᠰ᠎ᠦᠨ ᠬᠡᠯᠬᠢᠶ᠎ᠡ᠎ᠶᠢ ᠦᠷᠭᠦᠯᠵᠢᠯᠡᠨ ᠭᠦᠨᠵᠡᠭᠡᠢᠷᠡᠭᠦᠯᠵᠦ᠂ ᠤᠯᠠᠮᠵᠢᠯᠠᠯᠲᠤ ᠴᠠᠭᠠᠨ ᠢᠳᠡᠭᠡᠨ᠎ᠦ
ᠤᠷ᠎ᠠ ᠮᠡᠷᠭᠡᠵᠢᠯ᠎ᠢ ᠤᠯᠠᠮᠵᠢᠯᠠᠨ ᠵᠠᠯᠭᠠᠮᠵᠢᠯᠠᠬᠤ ᠪᠠ ᠣᠲᠣ᠌ ᠦᠶ᠎ᠡ᠎ᠶᠢᠨ ᠴᠠᠭᠠᠨ ᠢᠳᠡᠭᠡᠨ᠎ᠦ ᠰᠢᠨᠵᠢᠯᠡᠬᠦ
ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ᠎ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠪᠢᠰᠢᠯᠠᠭ᠎ᠤᠨ
ᠠᠵᠤ ᠦᠢᠯᠡᠰ᠎ᠦᠨ ᠬᠥᠭᠵᠢᠯᠲᠡ᠎ᠶᠢᠨ ᠳᠤᠲᠠᠭᠤᠳᠠᠯ᠎ᠢ ᠲᠦᠷᠭᠡᠨ ᠨᠥᠬᠥᠪᠦᠷᠢᠯᠡᠵᠦ᠂ ᠪᠢᠰᠢᠯᠠᠭ᠎ᠤᠨ ᠪᠦᠲᠦᠭᠡᠭᠳᠡᠬᠦᠨ᠎ᠦ
ᠵᠢᠭ᠍ᠰᠠᠭᠠᠯ᠎ᠢ ᠲᠠᠰᠤᠷᠠᠯᠲᠠ ᠦᠭᠡᠢ ᠪᠠᠶᠠᠯᠢᠭ᠍ᠵᠢᠭᠤᠯᠵᠤ᠂ ᠪᠢᠰᠢᠯᠠᠭ᠎ᠤᠨ ᠣᠷᠣᠨ ᠪᠦᠰᠡ᠎ᠶᠢᠨ ᠣᠨᠴᠠᠯᠢᠭ᠍ᠲᠤ
ᠲᠥᠷᠥᠯ ᠲᠡᠮᠳᠡᠭ᠎ᠤᠨ ᠵᠠᠬ᠎ᠠ ᠳᠡᠯᠭᠡᠭᠦᠷ᠎ᠦᠨ ᠥᠷᠢᠰᠦᠯᠳᠦᠬᠦ ᠬᠦᠴᠦᠨ᠎ᠢ ᠳᠡᠭᠡᠭᠰᠢᠯᠡᠭᠦᠯᠵᠦ᠂ ᠪᠥᠬᠥ ᠤᠯᠤᠰ᠎ᠤᠨ
ᠪᠢᠰᠢᠯᠠᠭ᠎ᠤᠨ ᠠᠵᠤ ᠦᠢᠯᠡᠰ᠎ᠦᠨ ᠰᠣᠯᠢᠯᠴᠠᠭ᠎ᠠ ᠬᠠᠮᠲᠤᠷᠠᠯᠴᠠᠭᠠᠨ᠎ᠤ ᠬᠡᠪ ᠳᠠᠭᠤᠷᠢᠶᠠᠯ᠎ᠤᠨ ᠲᠠᠪᠴᠠᠩ᠎ᠢ ᠬᠦᠴᠦᠯᠡᠨ
ᠪᠠᠢᠭᠤᠯᠵᠤ᠂ ᠰᠢᠵᠢᠷ ᠠᠯᠲᠠᠨ ᠰᠦ᠎ᠶᠢᠨ ᠢᠷᠡᠯᠲᠡ᠎ᠶᠢᠨ ᠠᠵᠤ ᠦᠢᠯᠡᠰ᠎ᠦᠨ ᠥᠷᠲᠡᠭ᠎ᠢ ᠭᠦᠢᠴᠡᠳ ᠪᠠᠳᠠᠷᠠᠭᠤᠯᠵᠤ᠂
ᠪᠢᠰᠢᠯᠠᠭ᠎ᠤᠨ ᠠᠵᠤ ᠦᠢᠯᠡᠰ᠎ᠦᠨ ᠶᠠᠰᠤ ᠴᠢᠨᠠᠷ᠎ᠢ ᠳᠡᠭᠡᠭᠰᠢᠯᠡᠭᠦᠯᠦᠨ ᠲᠠᠰ ᠳᠡᠪᠰᠢᠭᠦᠯᠵᠦ ᠰᠦ᠎ᠶᠢᠨ ᠦᠢᠯᠡᠰ᠎ᠢ
ᠬᠥᠭᠵᠢᠭᠦᠯᠦᠨ ᠮᠠᠨᠳᠤᠭᠤᠯᠬᠤ ᠪᠣᠯᠣᠨ᠎ᠠ᠃