ᠲᠦᠷᠦᠬᠦᠭᠡᠨ ︽ᠳᠣᠬᠢᠶ᠎ᠠ·ᠤᠩᠭᠤᠨ ᠪᠠᠢᠭᠠᠯᠢ ᠵᠢᠨ ᠡᠭᠡᠰᠢᠭᠯᠡᠩ︾ ᠬᠢᠩᠭᠠᠨ ᠳᠠᠭᠤᠤ ᠬᠥᠭᠵᠢᠮ ᠤ᠋ᠨ ᠪᠦᠯᠬᠦᠮ ᠤ᠋ᠨ ᠤᠤᠭᠠᠯ ᠠᠮᠢ ᠠᠬᠤᠢ ᠶ᠋ᠢᠨ ᠳᠠᠭᠤᠤ ᠬᠥᠭᠵᠢᠮ ᠤ᠋ᠨ ᠦᠳᠡᠰᠢᠯᠡᠭᠡ ᠵᠢᠴᠢ 2026 ᠣᠨ ᠤ᠋ ᠬᠣᠲᠠ ᠳ᠋ᠡᠬᠢ ᠨᠡᠭᠦᠳᠡᠯ ᠮᠠᠯᠵᠢᠯ ᠲᠥᠯᠥᠪᠯᠡᠭᠡ ᠶ᠋ᠢᠨ ᠪᠦᠬᠦ ᠤᠯᠤᠰ ᠤ᠋ᠨ ᠲᠣᠭᠣᠷᠢᠨ ᠲᠣᠭᠯᠠᠯᠲᠠ ᠵᠢᠨ ᠤᠯᠠᠭᠠᠨᠬᠤᠲᠠ ᠥᠷᠲᠡᠭᠡ ᠵᠢᠨ ᠲᠤᠭᠯᠠᠯᠳᠠ ᠵᠢᠩᠬᠢᠨᠢ ᠪᠡᠷ ᠡᠬᠢᠯᠡᠪᠠ᠃
《ᠲᠤᠭᠯᠠᠯᠳᠠ ᠵᠢ ᠦᠵᠡᠵᠦ ᠪᠠᠷᠠᠭᠠᠳ ᠪᠡᠶ᠎ᠠ ᠰᠡᠳᠬᠢᠯ ᠨᠢᠬᠡ ᠯᠡ ᠠᠭᠤᠵᠢᠷᠠᠵᠦ ᠲᠤᠩᠭᠠᠯᠠᠭᠰᠢᠭᠰᠠᠨ ᠰᠢᠬ ᠪᠤᠯᠤᠯ᠎ᠠ᠂ ᠡᠢᠮᠦᠷᠬᠦᠦ ᠳᠠᠭᠤᠤ ᠬᠥᠭᠵᠢᠮ ᠤ᠋ᠨ ᠦᠳᠡᠰᠢᠯᠡᠭᠡ ᠵᠢ ᠢᠯᠡᠭᠦᠬᠡᠨ ᠡᠷᠬᠢᠯᠡᠬᠦ ᠵᠢ ᠴᠢᠩ ᠰᠡᠳᠬᠢᠯ ᠡᠴᠡ ᠪᠠᠨ ᠬᠦᠰᠡᠵᠦ ᠪᠠᠢᠨ᠎ᠠ︾ᠭᠡᠵᠦ ᠦᠵᠡᠭᠴᠢ ᠵᠠᠩ ᠲᠢᠶᠠᠨ ᠬᠣᠣ ᠳᠠᠯᠠᠪᠠᠢ ᠡᠴᠡ ᠭᠠᠷᠬᠤ ᠳ᠋ᠠᠭᠠᠨ ᠬᠡᠯᠡᠨ᠎ᠠ᠃ ᠬᠢᠩᠭᠠᠨ ᠠᠢᠮᠠᠭ ᠤ᠋ᠨ ᠯᠢᠩ ᠱᠠᠩ ᠹᠧᠩ ᠬᠤᠸᠠ ᠰᠣᠶᠣᠯ ᠤ᠋ᠨ ᠲᠣᠭᠯᠠᠯᠲᠠ ᠶ᠋ᠢᠨ ᠺᠣᠮᠫᠠᠨᠢ ᠡᠴᠡ ᠡᠷᠬᠢᠯᠡᠨ ᠶᠠᠪᠤᠭᠳᠠᠭᠤᠯᠤᠭᠰᠠᠨ ᠲᠤᠰ ᠲᠣᠭᠯᠠᠯᠲᠠ ᠪᠣᠯ ᠬᠢᠩᠭᠠᠨ ᠠᠢᠮᠠᠭ ᠤ᠋ᠨ ᠤᠯᠠᠭᠠᠨᠮᠥᠴᠢᠷ ᠤ᠋ᠨ ᠵᠠᠬ᠎ᠠ ᠲᠡᠯᠬᠡᠬᠦᠷᠴᠢᠯᠡᠭᠰᠡᠨ ᠡᠵᠡᠩᠨᠡᠯᠲᠡ ᠶ᠋ᠢᠨ ᠥᠭᠡᠷᠡᠴᠢᠯᠡᠯᠲᠡ ᠶ᠋ᠢᠨ ᠦᠷ᠎ᠡ ᠪᠦᠲᠦᠭᠡᠯ ᠤ᠋ᠨ ᠨᠢᠬᠡᠨ ᠤᠳᠠᠭ᠎ᠠ ᠵᠢᠨ ᠦᠵᠡᠭᠦᠯᠭᠡ ᠪᠣᠯᠤᠨ᠎ᠠ᠃
《ᠥᠩᠭᠡᠷᠡᠭᠰᠡᠨ ᠳ᠋ᠦ ᠡᠢᠮᠦᠷᠬᠦᠦ ᠰᠢᠭᠤᠳ ᠬᠤᠳᠠᠯᠳᠤᠭᠠᠨ ᠤ᠋ ᠮᠠᠶᠢᠭ ᠢ᠋ᠶ᠋ᠡᠷ ᠪᠢᠯᠧᠲ ᠬᠤᠳᠠᠯᠳᠤᠬᠤ ᠲᠤᠭᠯᠠᠯᠳᠠ ᠴᠦᠬᠡᠨ ᠪᠠᠢᠭᠰᠠᠨ》 ᠭᠡᠵᠦ ᠬᠢᠩᠭᠠᠨ ᠠᠢᠮᠠᠭ ᠤ᠋ᠨ ᠤᠯᠠᠭᠠᠨᠮᠥ᠋ᠴᠢᠷ ᠤ᠋ᠨ ᠵᠣᠬᠢᠶᠠᠨ ᠪᠦᠲᠦᠭᠡᠵᠦ ᠲᠣᠭᠯᠠᠬᠤ ᠲᠥᠪ ᠤ᠋ᠨ ᠡᠷᠬᠢᠯᠡᠭᠴᠢ ᠪᠠᠢ ᠸᠧᠢ ᠭᠤᠸᠠᠩᠬᠡᠯᠡᠨᠠ᠃ ᠲᠠᠬᠦᠨ ᠤ᠋ ᠲᠠᠨᠢᠯᠴᠠᠭᠤᠯᠤᠭᠰᠠᠨ ᠵᠢᠡᠷ᠂ ᠤᠷᠲᠤ ᠬᠤᠭᠤᠴᠠᠭᠠᠨ ᠤ᠋ ᠲᠤᠷᠰᠢ᠂ ᠤᠯᠠᠭᠠᠨᠮᠦ᠋ᠴᠢᠷ ᠤ᠋ᠨ ᠬᠢᠨ ᠦᠨᠳᠦᠰᠦᠨ ᠱᠠᠲᠤᠨ ᠳ᠋ᠦ ᠭᠦᠨᠵᠡᠭᠡᠢᠷᠡᠨ ᠠᠷᠠᠳ ᠲᠦ᠍ ᠠᠰᠢᠭ ᠬᠦᠷᠲᠡᠭᠡᠬᠦ ᠲᠣᠭᠯᠠᠯᠲᠠ ᠭᠠᠷᠭᠠᠵᠤ᠂ ᠲᠥᠷᠥ ᠶ᠋ᠢᠨ ᠪᠣᠳᠣᠯᠭ᠎ᠠ ᠶ᠋ᠢᠨ ᠤᠬᠠᠭᠤᠯᠤᠨ ᠲᠠᠢᠯᠪᠤᠷᠢᠯᠠᠬᠤ ᠵᠡᠷᠭᠡ ᠨᠡᠢᠲᠡ ᠶ᠋ᠢᠨ ᠠᠰᠠᠷᠠᠮᠵᠢ ᠶ᠋ᠢᠨ ᠡᠭᠦᠷᠭᠡ ᠴᠢᠳᠠᠪᠤᠷᠢ ᠪᠠᠨ ᠬᠦᠢᠴᠡᠳᠬᠡᠨ᠂ ᠨᠡᠷ᠎ᠡ ᠨᠢᠳᠡᠷ ᠲᠡᠭᠡᠨ ᠨᠡᠢᠴᠡᠭᠰᠡᠨ ᠲᠠᠯ᠎ᠠ ᠨᠤᠲᠤᠭ ᠤ᠋ᠨ︽ᠬᠤᠪᠢᠰᠬᠠᠯᠲᠤ ᠤᠳᠬ᠎ᠠ ᠤᠷᠠᠯᠢᠭ ᠤ᠋ᠨ ᠬᠥᠩᠭᠡᠨ ᠮᠣᠷᠢᠲᠤ ᠴᠡᠷᠢᠭ︾ᠪᠤᠯᠵᠠᠢ᠃ ᠭᠡᠪᠡᠴᠦ ᠰᠣᠶᠣᠯ ᠤ᠋ᠨ ᠵᠠᠬ᠎ᠠ ᠳᠡᠯᠭᠡᠭᠦᠷ ᠤ᠋ᠨ ᠬᠥᠭᠵᠢᠯᠲᠡ ᠵᠢ ᠳᠠᠭᠠᠯᠳᠤᠨ᠂ ᠳᠠᠩ ᠭᠠᠭᠴᠠ ᠨᠡᠢᠲᠡ ᠶ᠋ᠢᠨ ᠠᠰᠠᠷᠠᠮᠵᠢ ᠶ᠋ᠢᠨ ᠦᠢᠯᠡᠴᠢᠯᠡᠭᠡ ᠶ᠋ᠢᠨ ᠵᠠᠭᠪᠤᠷ ᠨᠢ ᠠᠭᠠᠵᠢᠮ ᠵᠢᠡᠷ ᠰᠢᠨ᠎ᠡ ᠴᠠᠭ ᠦᠶ᠎ᠡ ᠶ᠋ᠢᠨ ᠱᠠᠭᠠᠷᠳᠠᠯᠭ᠎ᠠ ᠳ᠋ᠦ ᠵᠣᠬᠢᠴᠠᠵᠤ ᠳᠡᠢᠯᠬᠦ ᠦᠭᠡᠢ ᠪᠣᠯᠤᠭᠰᠠᠨ ᠶᠤᠮ᠃
2025 ᠣᠨ ᠠ᠋ᠴᠠ ᠨᠡᠭᠠᠰᠢ᠂ ᠬᠢᠩᠭᠠᠨ ᠠᠢᠮᠠᠭ ᠲᠥᠪ ᠤ᠋ᠨ ᠪᠠ ᠥᠪᠡᠷᠲᠡᠭᠡᠨ ᠵᠠᠰᠠᠬᠤ ᠣᠷᠣᠨ ᠤ᠋ ᠰᠣᠶᠣᠯ ᠤ᠋ᠨ ᠪᠠᠢᠭᠤᠯᠤᠮᠵᠢ ᠶ᠋ᠢᠨ ᠥᠭᠡᠷᠡᠴᠢᠯᠡᠯᠲᠡ ᠶ᠋ᠢᠨ ᠲᠤᠬᠠᠢ ᠪᠠᠢᠯᠳᠤᠬᠤ ᠪᠣᠳᠣᠯᠭ᠎ᠠ ᠶ᠋ᠢᠨ ᠪᠠᠢᠷᠢᠯᠠᠭᠤᠯᠤᠯᠲᠠ ᠵᠢ ᠭᠦᠨᠵᠡᠭᠡᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠤᠯᠤᠰ ᠤ᠋ᠨ ᠦᠮᠴᠢᠯᠡᠯᠳᠦ ᠤᠷᠠᠨ ᠰᠠᠢᠬᠠᠨ ᠤ᠋ ᠬᠦᠷᠢᠶᠡᠯᠡᠩ ᠪᠦᠯᠬᠦᠮ ᠤ᠋ᠨ ᠴᠢᠨᠠᠷ ᠰᠠᠢᠳᠠᠢ ᠬᠥᠭᠵᠢᠯᠲᠡ ᠶ᠋ᠢᠨ ᠬᠠᠷᠠᠯᠲᠠ ᠵᠢ ᠲᠣᠭᠲᠠᠭᠠᠨ᠂ ᠬᠢᠩᠭᠠᠨ ᠠᠢᠮᠠᠭ ᠤ᠋ᠨ ᠤᠯᠠᠭᠠᠨᠮᠥ᠋ᠴᠢᠷ ᠤ᠋ᠨ ᠵᠠᠬ᠎ᠠ ᠳᠡᠯᠭᠡᠭᠦᠷᠴᠢᠯᠡᠬᠦ ᠥᠭᠡᠷᠡᠴᠢᠯᠡᠯᠲᠡ ᠵᠢ ᠠᠬᠢᠭᠤᠯᠬᠤ ᠪᠡᠷ ᠲᠤᠭᠳᠠᠵᠠᠢ᠃
ᠪᠣᠳᠠᠲᠠᠢ ᠳ᠋ᠤ ᠴᠤᠬᠤᠮ ᠶᠠᠭᠠᠬᠢᠵᠤ ᠦᠬᠡᠷᠡᠴᠢᠯᠡᠬᠦ ᠪᠣᠢ? ᠨᠢᠭᠡ ᠲᠠᠯ᠎ᠠ ᠪᠠᠷ᠂ ᠬᠢᠩᠭᠠᠨ ᠠᠢᠮᠠᠭ ᠤ᠋ᠨ ᠤᠯᠠᠭᠠᠨᠮᠥ᠋ᠴᠢᠷ ᠤ᠋ᠨ ᠨᠡᠢᠲᠡ ᠶ᠋ᠢᠨ ᠠᠰᠠᠷᠠᠮᠵᠢ ᠶ᠋ᠢᠨ ᠰᠢᠨᠵᠢ ᠴᠢᠨᠠᠷ ᠢ᠋ ᠬᠤᠪᠢᠷᠠᠭᠤᠯᠬᠤ ᠦᠭᠡᠢ ᠪᠠᠢᠬᠤ ᠵᠢ ᠪᠠᠲᠤᠯᠠᠨ᠂ ᠦᠨᠳᠦᠰᠦᠨ ᠱᠠᠲᠤᠨ ᠤ᠋ ᠠᠷᠠᠳ ᠲᠦᠮᠡᠨ ᠳ᠋ᠤ ᠠᠰᠢᠭ ᠬᠦᠷᠲᠡᠭᠡᠬᠦ᠂ ᠴᠢᠬᠤᠯᠠ ᠶᠡᠬᠡ ᠪᠠᠶᠠᠷ ᠳᠤᠷᠠᠰᠬᠠᠯ ᠤ᠋ᠨ ᠡᠳᠦᠷ ᠲᠦ᠍ ᠲᠤᠭᠯᠠᠯᠳᠠ ᠭᠠᠷᠭᠠᠬᠤ ᠪᠠ ᠲᠥᠷᠥ ᠶ᠋ᠢᠨ ᠪᠣᠳᠣᠯᠭ᠎ᠠ ᠶ᠋ᠢᠨ ᠤᠬᠠᠭᠤᠯᠤᠨ ᠲᠠᠢᠯᠪᠤᠷᠢᠯᠠᠬᠤ ᠵᠡᠷᠭᠡ ᠨᠡᠢᠲᠡ ᠶ᠋ᠢᠨ ᠠᠰᠠᠷᠠᠮᠵᠢ ᠶ᠋ᠢᠨ ᠲᠣᠭᠯᠠᠯᠲᠠ ᠶ᠋ᠢᠨ ᠡᠭᠦᠷᠭᠡ ᠵᠢ ᠤᠷᠢᠳ ᠵᠢᠡᠷ ᠪᠠᠲᠤᠯᠠᠵᠤ᠂ ᠳᠠᠬᠢᠨ ᠳᠦᠷᠢᠮ ᠲᠣᠭᠲᠠᠭᠠᠯ ᠶᠣᠰᠣᠭᠠᠷ ᠵᠠᠬ᠎ᠠ ᠳᠡᠯᠭᠡᠭᠦᠷᠴᠢᠯᠡᠭᠰᠡᠨ ᠬᠤᠳᠠᠯᠳᠤᠭᠠᠨ ᠤ᠋ ᠠᠵᠢᠯᠯᠠᠭ᠎ᠠ ᠥᠷᠨᠢᠭᠦᠯᠦᠨ᠎ᠡ᠃ ᠨᠥᠭᠦᠭᠡ ᠲᠠᠯ᠎ᠠ ᠪᠠᠷ᠂ ᠬᠢᠩᠭᠠᠨ ᠠᠢᠮᠠᠭ ᠤ᠋ᠨ ᠰᠣᠶᠣᠯ ᠵᠢᠭᠤᠯᠴᠢᠯᠠᠯ ᠤ᠋ᠨ ᠪᠦᠯᠦᠭᠯᠡᠯ ᠡᠴᠡ ᠪᠡᠯᠡ ᠮᠦᠩᠬᠦ ᠭᠠᠷᠭᠠᠨ ᠬᠢᠩᠭᠠᠨ ᠠᠢᠮᠠᠭ ᠤ᠋ᠨ ᠯᠢᠩ ᠱᠠᠩ ᠹᠧᠩ ᠬᠤᠸᠠ ᠰᠣᠶᠣᠯ ᠤᠷᠠᠯᠢᠭ ᠤ᠋ᠨ ᠲᠣᠭᠯᠠᠯᠲᠠ ᠶ᠋ᠢᠨ ᠺᠣᠮᠫᠠᠨᠢ ᠵᠢ ᠪᠠᠢᠭᠤᠯᠵᠤ᠂ ᠤᠯᠠᠭᠠᠨᠮᠥᠴᠢᠷ ᠲᠦ᠍ ᠲᠤᠰᠢᠶᠠᠨ ᠬᠠᠮᠢᠶᠠᠷᠤᠭᠤᠯᠵᠤ ᠡᠵᠡᠩᠨᠡᠭᠦᠯᠦᠨ᠂ ᠵᠠᠬ᠎ᠠ ᠳᠡᠯᠭᠡᠭᠦᠷ ᠤ᠋ᠨ ᠡᠵᠡᠩᠨᠡᠯᠲᠡ ᠶ᠋ᠢᠨ ᠴᠢᠨᠠᠷᠲᠠᠢ ᠪᠣᠢ ᠪᠦᠬᠦᠢ ᠲᠣᠭᠯᠠᠯᠲᠠ ᠶ᠋ᠢᠨ ᠲᠤᠬᠠᠢᠯᠠᠭᠰᠠᠨ ᠠᠵᠢᠯ ᠢ᠋ ᠲᠤᠰᠬᠠᠢᠯᠠᠨ ᠳᠠᠭᠠᠭᠠᠴᠢᠯᠠᠨ ᠬᠢᠵᠦ᠂ ︽ᠨᠡᠢᠲᠡ ᠶ᠋ᠢᠨ ᠠᠰᠠᠷᠠᠮᠵᠢ ᠶ᠋ᠢᠨ ᠡᠭᠦᠷᠭᠡ ᠴᠢᠳᠠᠪᠤᠷᠢ + ᠵᠠᠬ᠎ᠠ ᠳᠡᠯᠭᠡᠭᠦᠷᠴᠢᠯᠡᠭᠰᠡᠨ ᠡᠵᠡᠩᠨᠡᠯᠲᠡ︾ ᠬᠡᠬᠦ ᠬᠤᠤᠰ ᠬᠥᠳᠡᠯᠭᠡᠬᠦᠷᠲᠦ ᠰᠢᠨ᠎ᠡ ᠬᠡᠯᠪᠡᠷᠢ ᠶ᠋ᠢᠨ ᠪᠠᠢᠷᠢᠰᠢᠯ ᠢ᠋ ᠪᠦᠷᠢᠯᠳᠦᠭᠦᠯᠪᠠ᠃
《ᠨᠡᠢᠲᠡ ᠶ᠋ᠢᠨ ᠠᠰᠠᠷᠠᠮᠵᠢ ᠶ᠋ᠢᠨ ᠡᠬᠦᠷᠭᠡ ᠴᠢᠳᠠᠪᠬᠢ ᠨᠢ ᠨᠡᠢᠲᠡ ᠶ᠋ᠢᠨ ᠠᠰᠠᠷᠠᠮᠵᠢ ᠶ᠋ᠢᠨ ᠮᠠᠶᠢᠭ ᠵᠢᠡᠷ ᠵᠢᠡᠨ ᠪᠠᠢᠵᠤ᠂ ᠵᠠᠬ᠎ᠠ ᠳᠡᠯᠭᠡᠭᠦᠷᠴᠢᠯᠡᠭᠰᠡᠨ ᠢ᠋ ᠨᠢ ᠵᠠᠬ᠎ᠠ ᠲᠠᠯᠬᠡᠬᠦᠷ ᠲᠦ᠍ ᠭᠠᠷᠭᠠᠨ᠎ᠠ︾ᠭᠡᠵᠦ ᠬᠢᠩᠭᠠᠨ ᠠᠢᠮᠠᠭ ᠤ᠋ᠨ ᠤᠯᠠᠭᠠᠨᠮᠦ᠋ᠴᠢᠷ ᠤ᠋ᠨ ᠪᠦᠯᠬᠦᠮ ᠤ᠋ᠨ ᠳᠠᠷᠤᠭ᠎ᠠ ᠯᠢ ᠭᠦᠸᠧ ᠶᠢᠦ ᠶᠠᠷᠢᠨ᠎ᠠ᠃ ᠥᠭᠡᠷᠡᠴᠢᠯᠡᠯᠲᠡ ᠶ᠋ᠢᠨ ᠦᠷ᠎ᠡ ᠪᠦᠲᠦᠮᠵᠢ ᠬᠢᠷᠢ ᠵᠡᠷᠭᠡ ᠪᠣᠢ?ᠵᠠᠬ᠎ᠠ ᠳᠡᠯᠭᠡᠭᠦᠷ ᠪᠣᠯ ᠦᠷ᠎ᠠ ᠪᠦᠳᠦᠮᠵᠢ ᠵᠢ ᠬᠢᠨᠠᠨ ᠰᠢᠯᠭᠠᠬᠤ ᠰᠢᠯᠭᠠᠭᠤᠷ ᠶᠤᠮ᠃
ᠬᠢᠩᠭᠠᠨ ᠠᠢᠮᠠᠭ ᠤ᠋ᠨ ᠯᠢᠩ ᠱᠠᠩ ᠹᠧᠩ ᠬᠤᠸᠠ ᠰᠣᠶᠣᠯ ᠤᠷᠠᠯᠢᠭ ᠤ᠋ᠨ ᠲᠣᠭᠯᠠᠯᠲᠠ ᠶ᠋ᠢᠨ ᠺᠣᠮᠫᠠᠨᠢ ᠪᠠᠢᠭᠤᠯᠤᠭᠳᠠᠭᠠᠳ ᠠᠷᠪᠠᠭᠠᠳ ᠡᠳᠦᠷ ᠪᠣᠯᠵᠤ ᠪᠠᠢᠬᠤ ᠳ᠋ᠠᠭᠠᠨ ᠲᠠᠷᠤᠢ ᠵᠠᠬ᠎ᠠ ᠳᠡᠯᠭᠡᠭᠦᠷᠴᠢᠯᠡᠭᠰᠡᠨ ︽ᠶᠡᠬᠡ ᠰᠢᠯᠭᠠᠯᠲᠠ︾ ᠵᠢ ᠬᠦᠯᠢᠶᠡᠨ ᠠᠪᠴᠦ᠂ 2025 ᠣᠨ ᠤ᠋ 12 ᠰᠠᠷ᠎ᠠ ᠶ᠋ᠢᠨ 26 ᠤ᠋ ᠡᠳᠦᠷ ︽ᠳᠣᠬᠢᠶ᠎ᠠ· ᠤᠩᠭᠤᠨ ᠪᠠᠢᠭᠠᠯᠢ ᠵᠢᠨ ᠡᠭᠡᠰᠢᠭᠯᠡᠩ︾ᠬᠢᠩᠭᠠᠨ ᠳᠠᠭᠤᠤ ᠬᠥᠭᠵᠢᠮ ᠤ᠋ᠨ ᠪᠦᠯᠬᠦᠮ ᠨᠢ ᠬᠣᠲᠠ ᠳ᠋ᠡᠬᠢ ᠨᠡᠭᠦᠳᠡᠯ ᠮᠠᠯᠵᠢᠯ ᠤ᠋ᠨ ᠲᠥᠯᠥᠪᠯᠡᠭᠡ ᠶ᠋ᠢᠨ ᠤᠤᠭᠠᠯ ᠠᠮᠢ ᠠᠬᠤᠢ ᠶ᠋ᠢᠨ ᠭᠣᠣᠯ ᠰᠡᠳᠦᠪᠲᠦ ᠳᠠᠭᠤᠤ ᠬᠥᠭᠵᠢᠮ ᠤ᠋ᠨ ᠦᠳᠡᠰᠢᠯᠡᠭᠡ ᠵᠢ ᠴᠠᠩᠴᠦ᠋ᠨ ᠬᠣᠲᠠ ᠶ᠋ᠢᠨ ᠲᠤᠤ ᠯᠢ ᠮᠧᠢ ᠲᠢᠶᠠᠲ᠋ᠷ ᠲᠦ᠍ ᠠᠮᠵᠢᠯᠲᠠ ᠲᠠᠢ ᠲᠣᠭᠯᠠᠪᠠ᠃ ᠡᠨᠡ ᠪᠣᠯ ᠬᠢᠩᠭᠠᠨ ᠠᠢᠮᠠᠭ ᠤ᠋ᠨ ᠤᠯᠠᠭᠠᠨᠮᠦ᠋ᠴᠢᠷ ᠠᠩᠬ᠎ᠠ ᠤᠳᠠᠭ᠎ᠠ ᠣᠷᠣᠨ ᠤ᠋ ᠭᠠᠳᠠᠨ᠎ᠠ ᠭᠠᠷᠴᠤ ᠠᠩᠬ᠎ᠠ ᠤᠳᠠᠭ᠎ᠠ ᠪᠡᠶ᠎ᠡ ᠪᠡᠨ ᠳᠠᠭᠠᠭᠠᠵᠤ ᠬᠤᠳᠠᠯᠳᠤᠭᠠᠨ ᠤ᠋ ᠲᠣᠭᠯᠠᠯᠲᠠ ᠶ᠋ᠢᠨ ᠲᠥᠷᠥᠯ ᠵᠦᠢᠯ ᠢ᠋ ᠳᠠᠭᠠᠭᠠᠴᠢᠯᠠᠨ ᠬᠢᠭᠰᠡᠨ ᠶᠠᠪᠤᠳᠠᠯ ᠪᠣᠯᠤᠨ᠎ᠠ᠃
ᠲᠤᠰ ᠤᠳᠠᠭ᠎ᠠ ᠶ᠋ᠢᠨ ᠬᠤᠳᠠᠯᠳᠤᠭᠠᠨ ᠤ᠋ ᠲᠣᠭᠯᠠᠯᠲᠠ ᠨᠢ ︽ᠰᠣᠶᠣᠯ ᠤ᠋ᠨ IP+ ᠣᠷᠣᠨ ᠪᠦᠰᠡ ᠶ᠋ᠢᠨ ᠬᠠᠮᠲᠤᠷᠠᠯᠴᠠᠭ᠎ᠠ + ᠲᠤᠰᠬᠠᠢ ᠡᠵᠡᠩᠨᠡᠯᠲᠡ︾ ᠶ᠋ᠢᠨ ᠵᠠᠬ᠎ᠠ ᠳᠡᠯᠭᠡᠭᠦᠷᠴᠢᠯᠡᠯᠲᠡ ᠶ᠋ᠢᠨ ᠠᠷᠭ᠎ᠠ ᠵᠠᠮ ᠢ᠋ ᠠᠮᠵᠢᠯᠲᠠ ᠲᠠᠢ ᠰᠦᠪᠡᠭᠴᠢᠯᠡᠨ ᠭᠠᠷᠭᠠᠵᠤ᠂ ᠳᠠᠩ ᠭᠠᠭᠴᠠ ᠨᠡᠢᠲᠡ ᠶ᠋ᠢᠨ ᠠᠰᠠᠷᠠᠮᠵᠢ ᠶ᠋ᠢᠨ ᠦᠢᠯᠡᠴᠢᠯᠡᠭᠡᠨ ᠦ᠌ ᠭᠣᠣᠯ ᠴᠣᠭᠴᠠ ᠠ᠋ᠴᠠ ︽ᠨᠡᠢᠲᠡ ᠶ᠋ᠢᠨ ᠠᠰᠠᠷᠠᠮᠵᠢ ᠶ᠋ᠢᠨ ᠦᠢᠯᠡᠴᠢᠯᠡᠭᠡᠨ ᠤ᠋ ᠭᠣᠣᠯ ᠴᠣᠭᠴᠠ + ᠵᠠᠬ᠎ᠠ ᠳᠡᠯᠭᠡᠭᠦᠷ ᠤ᠋ᠨ ᠡᠵᠡᠩᠨᠡᠯᠲᠡ ᠶ᠋ᠢᠨ ᠭᠣᠣᠯ ᠴᠣᠭᠴᠠ︾ ᠳᠠᠢᠰᠢ ᠬᠤᠪᠢᠷᠠᠭᠤᠯᠬᠤ ᠵᠠᠩᠭᠢᠯᠠᠭ᠎ᠠ ᠶ᠋ᠢᠨ ᠨᠢᠭᠡ ᠠᠯᠬᠤᠮ ᠢ᠋ ᠠᠯᠬᠤᠪᠠ᠃ ︽ᠥᠩᠭᠡᠷᠡᠭᠰᠡᠨ ᠳ᠋ᠦ ᠪᠢᠳᠡ ᠲᠣᠭᠯᠠᠯᠲᠠ ᠶ᠋ᠢᠨ ᠡᠭᠦᠷᠭᠡ ᠪᠡᠨ ᠪᠡᠶᠡᠯᠡᠭᠦᠯᠵᠦ ᠪᠠᠢᠨ᠎ᠠ ᠭᠡᠵᠦ ᠪᠣᠳᠣᠳᠠᠭ ᠪᠠᠢᠵᠠᠢ᠂ ᠣᠳᠣ ᠦᠵᠡᠭᠴᠢᠳ ᠶᠠᠭᠤᠨ ᠳ᠋ᠦ ᠳᠤᠷᠠᠲᠠᠢ ᠪᠠᠢᠬᠤ᠂ ᠵᠠᠬ᠎ᠠ ᠳᠡᠯᠭᠡᠭᠦᠷ ᠲᠦ᠍ ᠶᠠᠭᠤ ᠬᠡᠷᠡᠭᠴᠡᠭᠡ ᠲᠡᠢ ᠪᠠᠢᠬᠤ ᠵᠢ ᠮᠡᠳᠡᠵᠦ ᠪᠠᠢᠨ᠎ᠠ︾ ᠭᠡᠵᠦ ᠬᠢᠩᠭᠠᠨ ᠠᠢᠮᠠᠭ ᠤ᠋ᠨ ᠤᠯᠠᠭᠠᠨᠮᠥ᠋ᠴᠢᠷ ᠤ᠋ᠨ ᠤᠷᠠᠯᠢᠭ ᠤ᠋ᠨ ᠶᠡᠷᠦᠩᠬᠡᠢ ᠬᠢᠨᠠᠭᠴᠢ ᠡᠸ ᠸᠧᠢ ᠯᠢᠶᠠᠩ ᠬᠡᠯᠡᠭᠰᠡᠨ ᠵᠢᠡᠨ ᠵᠠᠯᠭᠠᠭᠠᠳ᠄ 《ᠪᠢᠳᠡᠨ ᠤ᠋ ᠬᠤᠳᠠᠯᠳᠤᠭᠠᠨ ᠤ᠋ ᠲᠣᠭᠯᠠᠯᠲᠠ ᠶ᠋ᠢᠨ ᠪᠦᠯᠬᠦᠮ ᠤ᠋ᠨ ᠬᠢᠨ ᠵᠣᠬᠢᠶᠠᠨ ᠪᠦᠲᠦᠭᠡᠬᠦ ᠲᠠᠯ᠎ᠠ ᠪᠠᠷ ᠦᠵᠡᠭᠴᠢᠳ ᠪᠠ ᠵᠠᠬ᠎ᠠ ᠳᠡᠯᠭᠡᠭᠦᠷ ᠤ᠋ᠨ ᠬᠡᠷᠡᠭᠴᠡᠭᠡ ᠵᠢ ᠨᠡᠩ ᠴᠢᠬᠤᠯᠠᠴᠢᠯᠠᠬᠤ ᠪᠤᠯᠵᠠᠢ》 ᠬᠡᠵᠤ ᠲᠠᠨᠢᠯᠴᠠᠭᠤᠯᠤᠨ᠎ᠠ᠃
ᠥᠭᠡᠷᠡᠴᠢᠯᠡᠯᠲᠡ ᠶ᠋ᠢᠨ ᠡᠬᠢᠨ ᠤ᠋ ᠬᠤᠭᠤᠴᠠᠭᠠᠨ ᠤ᠋ ᠦᠷ᠎ᠡ ᠪᠦᠲᠦᠮᠵᠢ ᠵᠢ ᠦᠨᠳᠦᠰᠦᠯᠡᠨ᠂ ᠬᠢᠩᠭᠠᠨ ᠠᠢᠮᠠᠭ ᠤ᠋ᠨ ᠤᠯᠠᠭᠠᠨᠮᠥ᠋ᠴᠢᠷ ᠤ᠋ᠨ ᠳᠠᠷᠠᠭᠠᠴᠢ ᠶ᠋ᠢᠨ ᠠᠯᠬᠤᠮ ᠤ᠋ᠨ ᠲᠦᠰᠦᠪ ᠲᠦᠯᠦᠪᠯᠡᠭᠡ ᠤᠯᠠᠮ ᠲᠣᠳᠣᠷᠬᠠᠢ ᠮᠥᠷᠲᠡᠭᠡᠨ ᠪᠣᠳᠠᠲᠠᠢ ᠪᠤᠯᠵᠠᠢ᠃ ᠯᠢ ᠭᠦᠸᠧ ᠶᠢᠦ ᠵᠢᠨ ᠬᠡᠯᠡᠬᠦ ᠪᠡᠷ᠂ ᠬᠢᠩᠭᠠᠨ ᠠᠢᠮᠠᠭ ᠤ᠋ᠨ ᠤᠯᠠᠭᠠᠨᠮᠥ᠋ᠴᠢᠷ ᠳᠠᠷᠠᠭᠠᠴᠢ ᠪᠡᠷ 《ᠵᠣᠬᠢᠶᠠᠨ ᠪᠦᠲᠦᠭᠡᠬᠦ᠂ ᠲᠣᠭᠯᠠᠯᠲᠠ ᠭᠠᠷᠭᠠᠬᠤ᠂ ᠳᠡᠯᠭᠡᠷᠡᠬᠦᠯᠦᠨ ᠳᠠᠨᠢᠯᠴᠠᠭᠤᠯᠬᠤ᠂ ᠳᠠᠭᠠᠯᠳᠠ ᠪᠦᠳᠦᠭᠡᠭᠳᠡᠬᠦᠨ ᠭᠠᠷᠭᠠᠬᠤ》 ᠵᠢ ᠨᠢᠭᠡ ᠴᠣᠭᠴᠠᠵᠢᠭᠤᠯᠤᠭᠰᠠᠨ ᠠᠵᠤ ᠦᠢᠯᠡᠰ ᠤ᠋ᠨ ᠪᠠᠢᠷᠢᠰᠢᠭᠤᠯᠤᠯᠲᠠ ᠵᠢ ᠭᠣᠣᠯᠳᠠᠯᠭ᠎ᠠ ᠲᠠᠢ ᠪᠠᠢᠭᠤᠯᠤᠨ᠎ᠠ᠃ ᠪᠠᠰᠠ ᠬᠢᠩᠭᠠᠨ ᠠᠢᠮᠠᠭ ᠤ᠋ᠨ ᠵᠢᠭᠤᠯᠴᠢᠯᠠᠯ ᠤ᠋ᠨ ᠡᠬᠢ ᠪᠠᠶᠠᠯᠢᠭ ᠲᠦ᠍ ᠲᠦᠰᠢᠭᠯᠡᠨ 《ᠲᠣᠭᠯᠠᠬᠤ + ᠵᠢᠭᠤᠯᠴᠢᠯᠠᠯ》 ᠤ᠋ᠨ ᠬᠡᠷᠡᠭᠯᠡᠭᠡᠨ ᠤ᠋ ᠰᠢᠨ᠎ᠡ ᠪᠠᠢᠳᠠᠯ ᠢ᠋ ᠪᠣᠢ ᠪᠣᠯᠭᠠᠵᠤ᠂ ᠪᠡᠭᠡᠵᠢᠩ ᠪᠤᠯᠤᠨ ᠭᠤᠸᠠᠩᠳᠦ᠋ᠩ ᠰᠢᠶᠠᠩᠭᠠᠩ ᠣᠣᠮᠧᠨ ᠤ᠋ ᠲᠣᠮᠣ ᠪᠤᠯᠤᠩ ᠤ᠋ᠨ ᠣᠷᠣᠨ ᠵᠡᠷᠭᠡ ᠪᠦᠬᠦ ᠤᠯᠤᠰ ᠤ᠋ᠨ ᠵᠠᠬ᠎ᠠ ᠳᠡᠯᠭᠡᠭᠦᠷ ᠬᠦᠷᠲᠡᠯ᠎ᠡ ᠠᠯᠬᠤᠮ ᠠᠯᠬᠤᠮ ᠢ᠋ᠶ᠋ᠠᠷ ᠥᠷᠭᠡᠳᠬᠡᠵᠦ᠂ ᠬᠢᠩᠭᠠᠨ ᠠᠢᠮᠠᠭ ᠤ᠋ᠨ ᠤᠯᠠᠭᠠᠨᠮᠥ᠋ᠴᠢᠷ ᠢ᠋ ᠥᠷᠭᠡᠨ ᠳᠡᠯᠭᠡᠷ ᠨᠥᠯᠥᠭᠡᠯᠡᠬᠦ ᠬᠦᠴᠦᠨ ᠲᠡᠢ ᠰᠣᠶᠣᠯ ᠤ᠋ᠨ ᠠᠭᠤᠯᠭ᠎ᠠ ᠦᠢᠯᠡᠳᠪᠦᠷᠢᠯᠡᠬᠦ ᠪᠠ ᠤᠯᠠᠮᠵᠢᠯᠠᠨ ᠲᠠᠷᠬᠠᠭᠠᠬᠤ ᠵᠢᠨ ᠬᠡᠪ ᠳᠠᠭᠤᠷᠢᠶᠠᠯ ᠪᠤᠯᠭᠠᠨ ᠬᠦᠭᠵᠢᠬᠦᠯᠬᠦ ᠪᠡᠷ ᠴᠤᠴᠠᠰᠢ ᠦᠬᠡᠢ ᠴᠢᠷᠮᠠᠢᠬᠤ ᠪᠤᠯᠤᠨ᠎ᠠ᠃