ᠥᠪᠥᠷ ᠮᠣᠩᠭᠣᠯ ᠶᠠᠭᠤᠨ᠎ᠳᠤ ᠲᠦᠰᠢᠭᠯᠡᠨ ᠪᠥᠬᠥ ᠤᠯᠤᠰ᠎ᠤᠨ ᠳᠤᠮᠳᠠᠴᠢ ᠨᠡᠮᠡᠭᠳᠡᠯ᠎ᠤᠨ ᠬᠤᠷᠳᠤᠴᠠ ᠡᠴᠡ ᠵᠠᠭᠤᠨ᠎ᠤ ᠬᠠᠷᠢᠴᠠᠯ᠎ᠵᠢᠡᠷ 12.4 ᠬᠤᠪᠢ ᠲᠦᠷᠭᠡᠳᠦᠭᠰᠡᠨ ᠪᠤᠯ?
2026-07-21 09:26:45
ᠵᠣᠬᠢᠶᠠᠭ᠍ᠴᠢ᠄
ᠠᠨᠠᠷ
ᠣᠩᠱᠢᠭ᠍ᠰᠠᠨ ᠣᠳᠠᠭ᠎ᠠ᠄
★★★☆☆

ᠳᠡᠭᠡᠷ᠎ᠡ ᠬᠠᠭᠠᠰ ᠵᠢᠯ᠎ᠳᠦ ᠭᠠᠳᠠᠭᠠᠳᠤ ᠠᠷᠠᠯᠵᠢᠶᠠᠨ᠎ᠤ ᠬᠡᠪᠴᠢᠶ᠎ᠡ ᠲᠡᠦᠬᠡ᠎ᠶᠢᠨ ᠠᠳᠠᠯᠢ ᠬᠤᠭᠤᠴᠠᠭᠠᠨ᠎ᠤ ᠰᠢᠨ᠎ᠡ ᠲᠡᠮᠲᠡᠭᠯᠡᠯ᠎ᠢ ᠡᠭᠦᠳᠴᠦ ᠭᠠᠳᠠᠭᠠᠳᠤ ᠣᠷᠣᠭᠤᠯᠤᠯᠲᠠ ᠭᠠᠷᠭᠠᠯᠲᠠ ᠴᠥᠮ ᠬᠣᠶᠠᠷ ᠣᠷᠣᠨᠲᠤ ᠲᠣᠭ᠎ᠠ ᠪᠡᠷ ᠨᠡᠮᠡᠭ᠌ᠳᠡᠪᠡ


7 ᠰᠠᠷ᠎ᠠ᠎ᠶᠢᠨ 17 ᠎ᠤ᠋ ᠡᠳᠦᠷ᠂ ᠬᠥᠬᠡᠬᠣᠲᠠ ᠳ᠋ᠤ ᠥᠪᠥᠷ ᠮᠣᠩᠭᠣᠯ᠎ᠤᠨ ᠳᠡᠭᠡᠷ᠎ᠡ ᠬᠠᠭᠠᠰ ᠵᠢᠯ᠎ᠦᠨ ᠭᠠᠳᠠᠭᠠᠳᠤ ᠠᠷᠠᠯᠵᠢᠶᠠᠨ᠎ᠤ ᠲᠣᠭ᠎ᠠ ᠪᠠᠷᠢᠮᠲᠠ᠎ᠶᠢ ᠨᠡᠢᠲᠡᠯᠡᠪᠡ᠄ ᠭᠠᠳᠠᠭᠠᠳᠤ ᠣᠷᠣᠭᠤᠯᠤᠯᠲᠠ ᠭᠠᠷᠭᠠᠯᠲᠠ᠎ᠶᠢᠨ ᠶᠡᠷᠦᠩᠬᠡᠢ ᠥᠷᠲᠡᠭ 1314.6 ᠳ᠋ᠦᠩᠰᠢᠭᠤᠷ ᠲᠥᠭᠥᠷᠢᠭ᠎ᠲᠦ ᠬᠦᠷᠴᠦ᠂ ᠠᠳᠠᠯᠢ ᠬᠤᠭᠤᠴᠠᠭᠠᠨ᠎ᠤ ᠬᠢ᠎ᠡᠴᠡ 29.3% ᠎ᠪᠠᠷ ᠨᠡᠮᠡᠭᠳᠡᠵᠦ᠂ ᠪᠥᠬᠥ ᠤᠯᠤᠰ᠎ᠤᠨ ᠳᠤᠮᠳᠠᠴᠢ ᠨᠡᠮᠡᠭᠳᠡᠯ᠎ᠦᠨ ᠬᠤᠷᠳᠤᠴᠠ᠎ᠡᠴᠡ ᠵᠠᠭᠤᠨ᠎ᠤ ᠬᠠᠷᠢᠴᠠᠯ᠎ᠵᠢᠡᠷ 12.4 ᠬᠤᠪᠢ ᠲᠦᠷᠭᠡᠳᠴᠤ᠂ ᠨᠡᠮᠡᠭᠳᠡᠯ᠎ᠦᠨ ᠬᠤᠷᠳᠤᠴᠠ ᠪᠠ ᠬᠡᠪᠴᠢᠶ᠎ᠡ ᠨᠢ ᠲᠣᠰ ᠲᠣᠰ ᠪᠥᠬᠥ ᠤᠯᠤᠰ᠎ᠲᠤ 6 ᠳ᠋ᠤᠭᠠᠷ ᠪᠠ 24 ᠳ᠋ᠤᠭᠡᠷ᠎ᠲᠦ ᠵᠢᠭ᠍ᠰᠠᠭᠠᠭᠳᠠᠪᠠ᠃ ᠡᠭᠦᠨ᠎ᠳᠦ᠂ ᠭᠠᠳᠠᠭᠠᠳᠤ ᠭᠠᠷᠭᠠᠯᠲᠠ᠎ᠶᠢᠨ ᠥᠷᠲᠡᠭ 484.7 ᠳ᠋ᠦᠩᠰᠢᠭᠤᠷ ᠲᠥᠭᠥᠷᠢᠭ᠎ᠲᠦ ᠬᠦᠷᠴᠦ᠂ ᠠᠳᠠᠯᠢ ᠬᠤᠭᠤᠴᠠᠭᠠᠨ᠎ᠤ ᠬᠢ᠎ᠡᠴᠡ ᠪᠠᠨ 22.7% ᠎ᠪᠠᠷ ᠨᠡᠮᠡᠭᠳᠡᠪᠡ; ᠭᠠᠳᠠᠭᠠᠳᠤ ᠣᠷᠣᠭᠤᠯᠤᠯᠲᠠ᠎ᠶᠢᠨ ᠥᠷᠲᠡᠭ 829.9 ᠳ᠋ᠦᠩᠰᠢᠭᠤᠷ ᠲᠥᠭᠥᠷᠢᠭ᠎ᠲᠦ ᠬᠦᠷᠴᠦ᠂ ᠠᠳᠠᠯᠢ ᠬᠤᠭᠤᠴᠠᠭᠠᠨ᠎ᠤ ᠬᠢ᠎ᠡᠴᠡ ᠪᠠᠨ 33.5%᠎ᠪᠠᠷ ᠨᠡᠮᠡᠭᠳᠡᠪᠡ᠃

ᠲᠤᠬᠠᠢ᠎ᠵᠢᠨ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠦ ᠠᠯᠪᠠᠨ ᠭᠡᠷ ᠰᠣᠨᠢᠨ ᠮᠡᠳᠡᠭᠡ ᠨᠡᠢᠲᠡᠯᠡᠬᠦ ᠬᠤᠷᠠᠯ ᠬᠢᠵᠦ᠂ ᠡᠨᠡ ᠵᠢᠯ᠎ᠦᠨ ᠳᠡᠭᠡᠷ᠎ᠡ ᠬᠠᠭᠠᠰ ᠵᠢᠯ᠎ᠦᠨ ᠥᠪᠥᠷ ᠮᠣᠩᠭᠣᠯ᠎ᠤᠨ ᠭᠠᠳᠠᠭᠠᠳᠤ ᠠᠷᠠᠯᠵᠢᠶᠠᠨ᠎ᠤ ᠣᠷᠣᠭᠤᠯᠤᠯᠲᠠ ᠭᠠᠷᠭᠠᠯᠲᠠ᠎ᠶᠢᠨ ᠪᠠᠢᠳᠠᠯ᠎ᠢ ᠨᠡᠢᠲᠡᠯᠡᠪᠡ᠃ ᠶᠡᠷᠦᠩᠬᠡᠢ ᠳ᠋ᠦ᠍ᠨᠢ ᠠᠪᠴᠤ ᠬᠡᠯᠡᠪᠡᠯ᠂ ᠳᠡᠭᠡᠷ᠎ᠡ ᠬᠠᠭᠠᠰ ᠵᠢᠯ᠎ᠳᠦ᠂ ᠥᠪᠥᠷ ᠮᠣᠩᠭᠣᠯ᠎ᠤᠨ ᠭᠠᠳᠠᠭᠠᠳᠤ ᠠᠷᠠᠯᠵᠢᠶᠠᠨ᠎ᠤ ᠣᠷᠣᠭᠤᠯᠤᠯᠲᠠ ᠭᠠᠷᠭᠠᠯᠲᠠ᠎ᠶᠢᠨ ᠬᠡᠪᠴᠢᠶ᠎ᠡ ᠲᠡᠦᠬᠡ᠎ᠶᠢᠨ ᠠᠳᠠᠯᠢ ᠬᠤᠭᠤᠴᠠᠭᠠᠨ᠎ᠤ ᠰᠢᠨ᠎ᠡ ᠲᠡᠮᠳᠡᠭᠯᠡᠯ᠎ᠢ ᠡᠭᠦᠳᠴᠦ᠂ ᠭᠠᠳᠠᠭᠠᠳᠤ ᠣᠷᠣᠭᠤᠯᠤᠯᠲᠠ ᠪᠠ ᠭᠠᠳᠠᠭᠠᠳᠤ ᠭᠠᠷᠭᠠᠯᠲᠠ ᠴᠥᠮ ᠬᠣᠶᠠᠷ ᠣᠷᠣᠨᠲᠤ ᠲᠣᠭ᠎ᠠ᠎ᠪᠠᠷ ᠨᠡᠮᠡᠭᠳᠡᠪᠡ᠃

ᠮᠢᠩᠭᠠᠨ ᠳ᠋ᠦᠩᠰᠢᠭᠤᠷ ᠲᠥᠭᠥᠷᠢᠭ᠎ᠦᠨ ᠭᠠᠳᠠᠭᠠᠳᠤ ᠠᠷᠠᠯᠵᠢᠶᠠᠨ᠎ᠤ ᠬᠢᠷᠢ ᠪᠦᠲᠦᠮᠵᠢ᠎ᠶᠢᠨ ᠬᠠᠭᠤᠳᠠᠰᠤ ᠨᠢ ᠵᠥᠪᠬᠡᠨ 《ᠲᠣᠭᠠᠨ᠎ᠤ ᠦᠰᠦᠷᠦᠯᠲᠡ》 ᠲᠡᠳᠦᠢ ᠪᠢᠰᠢ᠂ ᠨᠠᠩ ᠴᠤ᠌ ᠣᠷᠣᠨ ᠪᠦᠰᠡ᠎ᠶᠢᠨ ᠠᠵᠤ ᠠᠬᠤᠢ᠎ᠶᠢᠨ ᠤᠶᠠᠨ ᠬᠠᠲᠠᠨ ᠴᠢᠨᠠᠷ ᠪᠠ ᠥᠭᠡᠷᠡᠴᠢᠯᠡᠯᠲᠡ᠎ᠶᠢᠨ ᠨᠡᠪᠲᠡᠯᠬᠦ ᠬᠦᠴᠦᠨ᠎ᠢ ᠲᠤᠰᠬᠠᠭᠰᠠᠨ 《ᠳᠠᠷᠤᠯᠲᠠ᠎ᠶᠢ ᠰᠢᠯᠭᠠᠬᠤ ᠬᠦᠰᠦᠨᠦᠭᠲᠦ》ᠪᠣᠯᠬᠤ ᠶᠤᠮ᠃ ᠬᠣᠣᠰ ᠬᠣᠶᠠᠷ ᠣᠷᠣᠨᠲᠤ ᠲᠣᠭ᠎ᠠ᠎ᠶᠢᠨ ᠨᠡᠮᠡᠭᠳᠡᠯ᠎ᠦᠨ ᠠᠷᠤ᠎ᠳᠤ᠂ ᠳᠣᠲᠣᠭᠠᠳᠤ ᠬᠠᠭᠤᠷᠠᠢ᠎ᠶᠢᠨ ᠮᠤᠵᠢ ᠣᠷᠣᠨ᠎ᠤ ᠪᠠᠢᠳᠠᠯ᠎ᠢ ᠰᠥᠷᠴᠤ ᠪᠦᠰᠡᠯᠡᠯᠲᠡ ᠰᠢᠪᠲᠤᠯᠤᠬᠰᠠᠨ ᠭᠦᠨ ᠳᠠᠪᠬᠤᠷᠭ᠎ᠠ᠎ᠶᠢᠨ ᠯᠣᠭᠢᠭ᠋ ᠨᠢᠭᠤᠭᠳᠠᠵᠤ ᠪᠤᠢ᠃

ᠬᠥᠬᠡᠬᠣᠲᠠ ᠪᠣᠭᠣᠮᠲᠠ᠎ᠶᠢᠨ ᠳᠡᠳ᠋ ᠳᠠᠷᠤᠭ᠎ᠠ ᠵᠠᠩ ᠵᠢᠩ ᠵᠧᠦ᠂ ᠡᠨᠡ ᠵᠢᠯ᠎ᠡᠴᠡ ᠨᠠᠭᠠᠰᠢ᠂ ᠥᠪᠥᠷ ᠮᠣᠩᠭᠣᠯ᠎ᠤᠨ ᠠᠵᠤ ᠠᠬᠤᠢ᠎ᠶᠢᠨ ᠡᠷᠬᠢᠯᠳᠡ ᠶᠡᠷᠦᠩᠬᠡᠢ᠎ᠳᠡᠭᠡᠨ ᠲᠣᠭᠲᠠᠭᠤᠨ ᠪᠠᠢᠵᠤ᠂ ᠠᠵᠤ ᠦᠢᠯᠡᠳᠪᠦᠷᠢ᠎ᠶᠢᠨ ᠦᠢᠯᠡᠳᠪᠦᠷᠢᠯᠡᠯ ᠲᠣᠭᠲᠠᠭᠤᠨ᠎ᠤ ᠳᠤᠮᠳᠠ ᠳᠡᠭᠡᠭᠰᠢᠯᠡᠵᠦ᠂ ᠲᠦᠭᠦᠬᠡᠢ ᠮᠠᠲᠧᠷᠢᠶᠠᠯ᠂ ᠰᠡᠯᠪᠢᠭ ᠲᠣᠨᠣᠭ ᠵᠡᠷᠭᠡ ᠲᠠᠸᠠᠷ᠎ᠤᠨ ᠭᠠᠳᠠᠭᠠᠳᠤ᠎ᠡᠴᠡ ᠣᠷᠣᠭᠤᠯᠬᠤ ᠬᠡᠪᠴᠢᠶ᠎ᠡ᠎ᠶᠢ ᠥᠷᠭᠡᠳᠬᠡᠬᠦ᠎ᠳᠦ ᠬᠦᠴᠦᠲᠡᠢ ᠲᠤᠯᠭᠠᠭᠤᠷᠢᠯᠠᠯ ᠬᠠᠩᠭᠠᠪᠠ᠃ ᠡᠭᠦᠨ᠎ᠦ ᠬᠠᠮᠲᠤ᠂ ᠥᠪᠥᠷ ᠮᠣᠩᠭᠣᠯ ᠳᠣᠲᠣᠭᠠᠳᠤ ᠭᠠᠳᠠᠭᠠᠳᠤ ᠠᠷᠠᠯᠵᠢᠶ᠎ᠠ᠎ᠶᠢ ᠨᠢᠭᠡ ᠴᠣᠭᠴᠠᠵᠢᠭᠤᠯᠤᠨ ᠬᠥᠭᠵᠢᠭᠦᠯᠬᠦ᠎ᠶᠢ ᠦᠷᠭᠦᠯᠵᠢᠯᠡᠨ ᠠᠬᠢᠭᠤᠯᠵᠤ᠂ ᠠᠵᠤ ᠠᠬᠤᠢᠯᠠᠯ᠎ᠤᠨ 《ᠭᠠᠳᠠᠭᠠᠳᠤ᠎ᠳᠤ ᠭᠠᠷᠴᠤ ᠶᠠᠪᠤᠬᠤ》 ᠵᠢ ᠬᠦᠴᠦᠯᠡᠨ ᠳᠡᠮᠵᠢᠵᠦ᠂ ᠲᠠᠷᠢᠶᠠᠯᠠᠩ᠎ᠤᠨ ᠪᠦᠲᠦᠭᠡᠭᠳᠡᠬᠦᠨ᠂ ᠳᠡᠭᠡᠳᠦ ᠰᠢᠨ᠎ᠡ ᠮᠡᠷᠭᠡᠵᠢᠯ᠎ᠦᠨ ᠦᠢᠯᠡᠳᠬᠦᠨ᠂ ᠬᠥᠩᠭᠡᠨᠴᠠᠭᠠᠨ ᠮᠠᠲᠧᠷᠢᠶᠠᠯ ᠵᠡᠷᠭᠡ ᠭᠣᠣᠯᠳᠠᠯᠭ᠎ᠠ᠎ᠲᠠᠢ ᠲᠠᠸᠠᠷ᠎ᠤᠨ ᠭᠠᠳᠠᠭᠠᠳᠤ ᠭᠠᠷᠭᠠᠯᠲᠠ᠎ᠶᠢᠨ ᠥᠷᠢᠰᠦᠯᠳᠦᠬᠦ ᠬᠦᠴᠦᠨ᠎ᠢ ᠤᠯᠠᠮ ᠨᠢᠭᠡ ᠠᠯᠬᠤᠮ ᠴᠢᠩᠭᠠᠷᠠᠭᠤᠯᠪᠠ ᠭᠡᠵᠦ ᠲᠠᠨᠢᠯᠴᠠᠭᠤᠯᠵᠡᠢ᠃

2026 ᠣᠨ᠎ᠤ 4 ᠰᠠᠷ᠎ᠠ᠎ᠳᠤ ᠥᠪᠥᠷ ᠮᠣᠩᠭᠣᠯ᠎ᠤᠨ ᠴᠢᠯᠦᠭᠡᠲᠦ ᠠᠷᠠᠯᠵᠢᠶᠠᠨ᠎ᠤ ᠲᠤᠷᠰᠢᠯᠲᠠ᠎ᠶᠢᠨ ᠣᠷᠣᠨ᠎ᠢ ᠪᠦᠲᠦᠬᠡᠨ ᠪᠠᠶ᠋ᠢᠭᠤᠯᠬᠤ᠎ᠶᠢ ᠵᠥᠪᠰᠢᠶᠡᠷᠡᠭᠰᠡᠨ᠎ᠡᠴᠡ ᠨᠠᠭᠠᠰᠢ᠂ ᠬᠢᠯᠢ᠎ᠶᠢᠨ ᠪᠣᠭᠣᠮᠲᠠ ᠠᠩᠬᠠᠨ᠎ᠤ ᠡᠭᠦᠳᠦᠯᠲᠡ᠎ᠶᠢᠨ ᠴᠢᠨᠠᠷᠲᠠᠢ᠂ ᠬᠤᠷᠠᠮᠠᠯ ᠮᠠᠶᠢᠭ᠋᠎ᠤᠨ᠂ ᠵᠦᠷᠢᠶᠡᠴᠢᠯᠡᠭᠰᠡᠨ ᠰᠦᠪᠡᠭᠴᠢᠯᠡᠯᠲᠡ ᠬᠢᠵᠦ᠂ ᠬᠢᠨᠠᠯᠲᠠ ᠬᠠᠮᠢᠶᠠᠷᠤᠯᠲᠠ᠎ᠶᠢᠨ ᠳᠦᠷᠢᠮ᠎ᠦᠨ ᠰᠢᠨ᠎ᠡ ᠡᠭᠦᠳᠦᠯᠲᠡ᠎ᠪᠡᠷ᠂ ᠥᠪᠥᠷ ᠮᠣᠩᠭᠣᠯ᠎ᠤᠨ ᠬᠢᠯᠢ᠎ᠪᠡᠷ ᠥᠩᠭᠡᠷᠡᠬᠦ ᠤᠷᠤᠰᠴᠠ᠎ᠵᠢ ᠦᠯᠡᠳᠡᠭᠡᠬᠦ ᠲᠡᠢᠰᠢ ᠬᠤᠪᠢᠷᠠᠭᠤᠯᠬᠤ᠂ ᠡᠬᠢ ᠪᠠᠶᠠᠯᠢᠭ᠋᠎ᠤᠨ ᠳᠠᠪᠠᠭᠤᠯᠢᠭ᠎ᠢ ᠠᠵᠤ ᠦᠢᠯᠡᠰ᠎ᠦᠨ ᠳᠠᠪᠠᠭᠤᠯᠢᠭ᠋ ᠲᠡᠢᠰᠢ ᠬᠤᠪᠢᠷᠠᠭᠤᠯᠬᠤ᠂ ᠬᠢᠯᠢ ᠬᠢᠵᠠᠭᠠᠷ ᠤᠷᠤᠨ᠎ᠢ ᠨᠡᠭᠡᠭᠡᠯᠲᠡ᠎ᠶᠢᠨ ᠬᠣᠰᠢᠭᠤᠷᠠᠯ ᠲᠡᠢᠰᠢ ᠬᠤᠪᠢᠷᠠᠭᠤᠯᠬᠤ᠎ᠶᠢ ᠠᠬᠢᠭᠤᠯᠪᠠ᠃

ᠳᠡᠭᠡᠷ᠎ᠡ ᠬᠠᠭᠠᠰ ᠵᠢᠯ᠎ᠦᠨ ᠪᠠᠰᠠ ᠨᠢᠭᠡᠨ ᠪᠦᠲᠦᠴᠡ᠎ᠶᠢᠨ ᠴᠢᠨᠠᠷᠲᠠᠢ ᠬᠢᠯᠠᠰ ᠴᠡᠭ ᠪᠣᠯ ᠠᠷᠠᠳ᠎ᠤᠨ ᠡᠵᠡᠩᠨᠡᠯᠲᠡ᠎ᠶᠢᠨ ᠠᠵᠤ ᠠᠬᠤᠢᠯᠠᠯ ᠤ᠋ᠨ ᠬᠤᠪᠢ ᠨᠡᠮᠡᠷᠢ ᠪᠣᠯᠣᠨ᠎ᠠ᠃ ᠠᠷᠠᠳ᠎ᠤᠨ ᠡᠵᠡᠩᠨᠡᠯᠲᠡ᠎ᠵᠢᠨ ᠠᠵᠤ ᠠᠬᠤᠢᠯᠠᠯ ᠭᠣᠣᠯ ᠳᠦᠷᠢ᠎ᠶᠢ ᠲᠣᠭᠯᠠᠵᠤ᠂ ᠭᠠᠳᠠᠭᠠᠳᠤ᠎ᠣᠷᠣᠭᠤᠯᠤᠯᠲᠠ ᠭᠠᠷᠭᠠᠯᠲᠠ᠎ᠵᠢᠨ ᠥᠷᠲᠡᠭ᠎ᠦᠨ ᠡᠵᠡᠯᠡᠬᠦ ᠬᠠᠷᠢᠴᠠᠯ 90% ᠰᠢᠬᠠᠮ ᠪᠣᠯᠪᠠ᠃

ᠣᠯᠠᠨ ᠵᠢᠯ᠎ᠦᠨ ᠲᠤᠷᠰᠢ᠂ ᠥᠪᠥᠷ ᠮᠣᠩᠭᠣᠯ᠎ᠤᠨ ᠠᠷᠠᠳ᠎ᠤᠨ ᠡᠵᠡᠩᠨᠡᠯᠲᠡ᠎ᠵᠢᠨ ᠠᠵᠤ ᠠᠬᠤᠢᠯᠠᠯ ᠭᠠᠳᠠᠭᠠᠳᠤ ᠠᠷᠠᠯᠵᠢᠶᠠᠨ᠎ᠤ 《ᠭᠣᠣᠯ ᠬᠦᠴᠦᠨ》 ᠎ᠤ᠋ ᠦᠢᠯᠡᠳᠦᠯ᠎ᠢ ᠪᠠᠳᠠᠷᠠᠭᠤᠯᠵᠤ᠂ ᠲᠡᠭᠡᠷ᠎ᠠ ᠬᠠᠭᠠᠰ ᠵᠢᠯ᠎ᠦᠨ ᠲᠣᠭ᠎ᠠ ᠪᠠᠷᠢᠮᠲᠠ᠎ᠡᠴᠡ ᠦᠵᠡᠪᠡᠯ᠂ ᠠᠷᠠᠳ᠎ᠤᠨ ᠡᠵᠡᠩᠨᠡᠯᠲᠡ᠎ᠵᠢᠨ ᠠᠵᠤ ᠠᠬᠤᠢᠯᠠᠯ᠎ᠤᠨ ᠭᠠᠳᠠᠭᠠᠳᠤ᠎ᠣᠷᠣᠭᠤᠯᠤᠯᠲᠠ ᠭᠠᠷᠭᠠᠯᠲᠠ᠎ᠵᠢᠨ ᠥᠷᠲᠡᠭ᠎ᠦᠨ ᠪᠥᠬᠥ ᠣᠷᠣᠨ᠎ᠤ ᠭᠠᠳᠠᠭᠠᠳᠤ ᠣᠷᠣᠭᠤᠯᠤᠯᠲᠠ ᠭᠠᠷᠭᠠᠯᠲᠠ᠎ᠵᠢᠨ ᠥᠷᠲᠡᠭ᠎ᠲᠦ ᠡᠵᠡᠯᠡᠬᠦ ᠬᠤᠪᠢ᠎ᠶᠢᠨ ᠵᠢᠩ ᠨᠢ ᠨᠢᠳᠤᠨᠤᠨ᠎ᠤ ᠠᠳᠠᠯᠢ ᠬᠤᠭᠤᠴᠠᠭᠠᠨ᠎ᠳᠤ 78.5% ᠪᠠᠢᠭᠰᠠᠨ᠎ᠡᠴᠡ᠎ᠪᠠᠨ ᠡᠨᠡ ᠵᠢᠯ᠎ᠦᠨ ᠲᠡᠭᠡᠷ᠎ᠠ ᠬᠠᠭᠠᠰ ᠵᠢᠯ᠎ᠳᠤ 87.2% ᠪᠣᠯᠵᠤ ᠳᠡᠭᠡᠭᠰᠢᠯᠡᠪᠡ᠃

ᠳᠡᠭᠡᠷ᠎ᠡ ᠬᠠᠭᠠᠰ ᠵᠢᠯ᠎ᠳᠦ᠂ ᠥᠪᠥᠷ ᠮᠣᠩᠭᠣᠯ᠎ᠤᠨ ᠭᠠᠳᠠᠭᠠᠳᠤ ᠠᠷᠠᠯᠵᠢᠶᠠᠨ᠎ᠤ ᠡᠵᠡᠩᠨᠡᠯᠲᠡ᠎ᠶᠢᠨ ᠪᠣᠳᠠᠲᠤ ᠠᠮᠵᠢᠯᠲᠠ ᠣᠯᠣᠭᠰᠠᠨ ᠠᠷᠠᠳ᠎ᠤᠨ ᠡᠵᠡᠩᠨᠡᠯᠲᠡ᠎ᠶᠢᠨ ᠠᠵᠤ ᠠᠬᠤᠢᠯᠠᠯ 3452 ᠎ᠳᠤ᠌ ᠬᠦᠷᠴᠦ᠂ ᠠᠳᠠᠯᠢ ᠬᠤᠭᠤᠴᠠᠭᠠᠨ᠎ᠤ ᠬᠢ᠎ᠡᠴᠡ ᠪᠠᠨ 28.4% ᠎ᠪᠠᠷ ᠨᠡᠮᠡᠭᠳᠡᠵᠦ᠂ ᠭᠠᠳᠠᠭᠠᠳᠤ ᠣᠷᠣᠭᠤᠯᠤᠯᠲᠠ ᠭᠠᠷᠭᠠᠯᠲᠠ᠎ᠶᠢᠨ ᠥᠷᠲᠡᠭ 1146.7 ᠳ᠋ᠦᠩᠰᠢᠭᠤᠷ ᠲᠥᠭᠥᠷᠢᠭ᠎ᠲᠦ ᠬᠦᠷᠴᠦ᠂ ᠠᠳᠠᠯᠢ ᠬᠤᠭᠤᠴᠠᠭᠠᠨ᠎ᠤ ᠬᠢ᠎ᠡᠴᠡ ᠪᠠᠨ 43.7% ᠎ᠪᠠᠷ ᠨᠡᠮᠡᠭᠳᠡᠪᠡ; ᠠᠷᠠᠯᠵᠢᠶᠠᠨ᠎ᠤ ᠬᠠᠨᠢᠲᠠᠨ 172 ᠤᠯᠤᠰ ᠪᠠ ᠭᠠᠵᠠᠷ ᠣᠷᠣᠨ᠎ᠳᠤ ᠲᠠᠷᠬᠠᠵᠤ᠂ 《ᠨᠠᠢᠵᠠ᠎ᠶᠢᠨ ᠲᠣᠭᠣᠷᠢᠭ᠋》 ᠦᠷᠭᠦᠯᠵᠢᠯᠡᠨ ᠥᠷᠭᠡᠵᠢᠪᠡ᠃

《ᠡᠲᠡᠭᠡᠷ ᠭᠢᠯᠠᠯᠵᠠᠮ᠎ᠠ ᠠᠮᠵᠢᠯᠲᠠ ᠪᠦᠲᠦᠮᠵᠢ ᠨᠢ ᠥᠪᠥᠷ ᠮᠣᠩᠭᠣᠯ᠎ᠤᠨ 〈ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠦᠨ ᠶᠠᠰᠤ ᠴᠢᠨᠠᠷ᠎ᠢ ᠳᠡᠭᠡᠭᠰᠢᠯᠡᠭᠦᠯᠬᠦ ᠣᠨ〉᠎ᠤ᠋ ᠡᠯ᠎ᠡ ᠵᠦᠢᠯ᠎ᠦᠨ ᠠᠵᠢᠯ᠎ᠤᠨ ᠣᠯᠣᠭᠰᠠᠨ ᠢᠳᠡᠪᠬᠢᠲᠡᠢ ᠦᠷ᠎ᠡ ᠪᠦᠲᠦᠮᠵᠢ᠎ᠶᠢ ᠬᠠᠵᠠᠭᠤ ᠲᠠᠯ᠎ᠠ᠎ᠡᠴᠡ ᠲᠤᠰᠬᠠᠭᠰᠠᠨ ᠪᠠᠢᠨ᠎ᠠ》 ᠭᠡᠵᠦ ᠮᠠᠨᠵᠤᠤᠷ ᠪᠣᠭᠣᠮᠲᠠ᠎ᠶᠢᠨ ᠳᠡᠳ᠋ ᠳᠠᠷᠤᠭ᠎ᠠ ᠸᠠᠩ ᠸᠧᠢ ᠲᠠᠨᠢᠯᠴᠠᠭᠤᠯᠪᠠ᠃

ᠥᠪᠥᠷ ᠮᠣᠩᠭᠣᠯ᠎ᠤᠨ ᠭᠠᠳᠠᠭᠠᠳᠤ ᠠᠷᠠᠯᠵᠢᠶᠠᠨ᠎ᠤ ᠳᠡᠭᠡᠷ᠎ᠡ ᠬᠠᠭᠠᠰ ᠵᠢᠯ᠎ᠦᠨ ᠬᠦᠴᠦᠷᠬᠡᠭ ᠨᠡᠮᠡᠭᠳᠡᠯ᠎ᠦᠨ ᠪᠠᠰᠠ ᠨᠢᠭᠡ ᠴᠢᠬᠤᠯᠠ ᠰᠢᠯᠲᠠᠭᠠᠨ ᠭᠡᠪᠡᠯ᠂ ᠤᠯᠠᠮᠵᠢᠯᠠᠯᠲᠤ ᠵᠠᠬ᠎ᠠ ᠳᠡᠯᠭᠡᠭᠦᠷ᠎ᠢ ᠴᠢᠨᠠᠬᠰᠢᠳᠠ ᠰᠠᠢᠵᠢᠷᠠᠭᠤᠯᠵᠦ᠂ ᠰᠢᠨ᠎ᠡ᠎ᠪᠡᠷ ᠮᠠᠨᠳᠤᠭᠰᠠᠨ ᠵᠠᠬ᠎ᠠ ᠳᠡᠯᠭᠡᠭᠦᠷ᠎ᠢ ᠥᠷᠭᠡᠳᠬᠡᠵᠦ᠂ ᠣᠷᠣᠰ ᠮᠣᠩᠭᠣᠯ᠎ᠤᠨ 《ᠦᠨᠳᠦᠰᠦᠨ ᠪᠠᠢᠳᠠᠯ》 ᠪᠣᠯᠣᠨ ᠰᠢᠨ᠎ᠡ᠎ᠪᠡᠷ ᠮᠠᠨᠳᠤᠭᠰᠠᠨ ᠵᠠᠬ᠎ᠠ ᠳᠡᠯᠭᠡᠭᠦᠷ᠎ᠦᠨ 《ᠨᠡᠮᠡᠭᠳᠡᠯ᠎ᠦᠨ ᠪᠠᠢᠳᠠᠯ》᠎ᠤ᠋ᠨ ᠬᠣᠣᠰ ᠬᠦᠷᠳᠦᠲᠦ ᠬᠥᠳᠡᠯᠭᠡᠭᠦᠷ ᠪᠤᠯᠤᠨ᠎ᠠ᠃

2026 ᠣᠨ ᠪᠣᠯ ᠳᠤᠮᠳᠠᠳᠤ ᠮᠣᠩᠭᠣᠯ ᠣᠷᠣᠰ ᠭᠤᠷᠪᠠᠨ ᠤᠯᠤᠰ᠎ᠤᠨ 《ᠳᠤᠮᠳᠠᠳᠤ ᠮᠣᠩᠭᠣᠯ ᠣᠷᠣᠰ᠎ᠤᠨ ᠠᠵᠤ ᠠᠬᠤᠢ᠎ᠶᠢᠨ ᠬᠣᠩᠭᠢᠯ᠎ᠢ ᠪᠦᠲᠦᠭᠡᠨ ᠪᠠᠶ᠋ᠢᠭᠤᠯᠬᠤ ᠲᠥᠯᠦᠪᠵᠢᠭᠦᠯᠭᠡ᠎ᠶᠢᠨ ᠬᠥᠲᠥᠯᠪᠦᠷᠢ》᠎ᠳ᠋ᠤ᠌ ᠭᠠᠷ᠎ᠤᠨ ᠥᠰᠥᠭ ᠵᠢᠷᠤᠭᠰᠠᠨ 10 ᠵᠢᠯ᠎ᠦᠨ ᠣᠶ ᠪᠣᠯᠣᠨ᠎ᠠ᠃ 10 ᠵᠢᠯ᠎ᠦᠨ ᠬᠤᠭᠤᠴᠠᠭᠠᠨ᠎ᠳᠤ᠂ ᠳᠤᠮᠳᠠᠳᠤ ᠮᠣᠩᠭᠣᠯ ᠣᠷᠣᠰ᠎ᠤᠨ ᠠᠵᠤ ᠠᠬᠤᠢ᠎ᠶᠢᠨ ᠬᠣᠩᠭᠢᠯ᠎ᠤᠨ ᠪᠦᠲᠦᠭᠡᠨ ᠪᠠᠢᠭᠤᠯᠤᠯᠲᠠ᠎ᠶᠢᠨ ᠠᠭᠢᠴᠠ᠎ᠶᠢ ᠳᠠᠭᠠᠯᠳᠤᠨ᠂ ᠥᠪᠥᠷ ᠮᠣᠩᠭᠣᠯ ᠬᠢᠭᠡᠳ ᠮᠣᠩᠭᠣᠯ ᠤᠯᠤᠰ᠂ ᠣᠷᠣᠰ᠎ᠤᠨ ᠬᠣᠭᠣᠷᠣᠨᠳᠣᠬᠢ ᠠᠵᠤ ᠠᠬᠤᠢ ᠠᠷᠠᠯᠵᠢᠶᠠᠨ᠎ᠤ ᠶᠠᠪᠤᠯᠴᠠᠭ᠎ᠠ ᠲᠠᠰᠤᠷᠠᠯᠲᠠ ᠦᠭᠡᠢ ᠭᠦᠨᠵᠡᠭᠡᠢᠷᠡᠪᠡ᠃

ᠡᠭᠦᠨ᠎ᠳᠦ᠂ ᠥᠪᠥᠷ ᠮᠣᠩᠭᠣᠯ ᠬᠢᠭᠡᠳ ᠮᠣᠩᠭᠣᠯ ᠤᠯᠤᠰ᠎ᠤᠨ ᠬᠣᠶᠠᠷ ᠲᠠᠯ᠎ᠠ᠎ᠶᠢᠨ ᠠᠷᠠᠯᠵᠢᠶᠠᠨ᠎ᠤ ᠵᠢᠯ ᠳᠤᠮᠳᠠᠴᠢ ᠨᠡᠮᠡᠭᠳᠡᠯ᠎ᠦᠨ ᠬᠤᠷᠳᠤᠴᠠ ᠨᠢ 17.8% ᠎ᠳ᠋ᠤ᠌ ᠬᠦᠷᠴᠦ᠂ ᠪᠦᠬᠦᠯᠢ ᠴᠣᠭᠴᠠ ᠳ᠋ᠤᠨᠢ ᠬᠡᠪᠴᠢᠶ᠎ᠡ ᠨᠢ ᠦᠷᠭᠦᠯᠵᠢᠯᠡᠨ ᠥᠷᠭᠡᠳᠴᠦ᠂ ᠪᠦᠲᠦᠴᠡ ᠨᠢ ᠲᠠᠰᠤᠷᠠᠯᠲᠠ ᠦᠭᠡᠢ ᠰᠢᠯᠢᠳᠡᠭᠵᠢᠵᠦ ᠪᠠᠢᠭ᠎ᠠ ᠬᠦᠴᠦᠷᠬᠡᠭ ᠶᠡᠬᠡ ᠬᠥᠭᠵᠢᠯᠲᠡ᠎ᠶᠢᠨ ᠪᠠᠢᠳᠠᠯ ᠢᠯᠡᠷᠡᠵᠦ᠂ ᠮᠣᠩᠭᠣᠯ ᠤᠯᠤᠰ ᠥᠪᠥᠷ ᠮᠣᠩᠭᠣᠯ᠎ᠤᠨ ᠨᠢᠭᠡᠳᠦᠭᠡᠷ ᠲᠣᠮᠣ᠌ ᠠᠷᠠᠯᠵᠢᠶᠠᠨ᠎ᠤ ᠵᠠᠬ᠎ᠠ ᠳᠡᠯᠭᠡᠭᠦᠷ᠎ᠦᠨ ᠪᠠᠢᠷᠢ ᠰᠠᠭᠤᠷᠢ᠎ᠳᠤ ᠲᠣᠭᠲᠠᠭᠤᠨ ᠪᠠᠢᠷᠢᠯᠠᠵᠤ ᠪᠣᠶ; ᠥᠪᠥᠷ ᠮᠣᠩᠭᠣᠯ᠎ᠤᠨ ᠣᠷᠣᠰ ᠯᠤᠭ᠎ᠠ᠎ᠶᠢᠨ ᠠᠷᠠᠯᠵᠢᠶᠠᠨ᠎ᠤ ᠭᠠᠳᠠᠭᠠᠳᠤ᠎ᠡᠴᠡ ᠣᠷᠣᠭᠤᠯᠵᠤ ᠭᠠᠳᠠᠭᠠᠳᠤ᠎ᠳᠤ ᠭᠠᠷᠭᠠᠬᠤ ᠬᠡᠪᠴᠢᠶ᠎ᠡ 2016 ᠣᠨ᠎ᠳᠤ 183.7 ᠳ᠋ᠦᠩᠰᠢᠭᠤᠷ ᠲᠥᠭᠥᠷᠢᠭ ᠪᠠᠢᠭᠰᠠᠨ᠎ᠡᠴᠡ᠎ᠪᠠᠨ ᠨᠡᠮᠡᠭᠳᠡᠭᠡᠳ 2025 ᠣᠨ᠎ᠳᠤ 305.3 ᠳ᠋ᠦᠩᠰᠢᠭᠤᠷ ᠲᠥᠭᠥᠷᠢᠭ ᠪᠣᠯᠵᠤ ᠂ ᠵᠢᠯ ᠳᠤᠮᠳᠠᠴᠢ᠎ᠪᠠᠷ 6.3% ᠎ᠪᠠᠷ ᠨᠡᠮᠡᠭᠳᠡᠵᠦ᠂ ᠣᠷᠣᠰ 3 ᠵᠢᠯ ᠳᠠᠷᠠᠭᠠᠯᠠᠨ ᠥᠪᠥᠷ ᠮᠣᠩᠭᠣᠯ᠎ᠤᠨ ᠨᠢᠭᠡᠳᠦᠭᠡᠷ ᠶᠡᠬᠡ ᠭᠠᠳᠠᠭᠠᠳᠤ᠎ᠳᠤ ᠭᠠᠷᠭᠠᠬᠤ ᠵᠠᠬ᠎ᠠ ᠳᠡᠯᠭᠡᠭᠦᠷ ᠪᠣᠯᠪᠠ᠃

ᠡᠨᠡ ᠵᠢᠯ᠎ᠦᠨ ᠳᠡᠭᠡᠷ᠎ᠡ ᠬᠠᠭᠠᠰ ᠵᠢᠯ᠎ᠳᠦ᠂ ᠥᠪᠥᠷ ᠮᠣᠩᠭᠣᠯ᠎ᠤᠨ ᠮᠣᠩᠭᠣᠯ ᠤᠯᠤᠰ᠂ ᠣᠷᠣᠰ ᠯᠤᠭ᠎ᠠ᠎ᠶᠢᠨ ᠭᠠᠳᠠᠭᠠᠳᠤ ᠣᠷᠣᠭᠤᠯᠤᠯᠲᠠ ᠭᠠᠷᠭᠠᠯᠲᠠ ᠲᠣᠰ ᠲᠣᠰ 552.1 ᠳ᠋ᠦᠩᠰᠢᠭᠤᠷ ᠲᠥᠭᠥᠷᠢᠭ ᠪᠠ 212 ᠳ᠋ᠦᠩᠰᠢᠭᠤᠷ ᠲᠥᠭᠥᠷᠢᠭ᠎ᠲᠦ ᠬᠦᠷᠴᠦ᠂ ᠠᠳᠠᠯᠢ ᠬᠤᠭᠤᠴᠠᠭᠠᠨ᠎ᠤ ᠬᠢ᠎ᠡᠴᠡ ᠪᠠᠨ ᠲᠣᠰ ᠲᠣᠰ 59% ᠪᠠ 64.7%᠎ᠪᠠᠷ ᠨᠡᠮᠡᠭᠳᠡᠪᠡ᠃ ᠥᠪᠥᠷ ᠮᠣᠩᠭᠣᠯ ᠣᠷᠣᠰ ᠮᠣᠩᠭᠣᠯ᠎ᠤᠨ ᠵᠠᠬ᠎ᠠ ᠳᠡᠯᠭᠡᠭᠦᠷ᠎ᠢ ᠪᠡᠬᠢᠵᠢᠭᠦᠯᠦᠭᠰᠡᠨ ᠰᠠᠭᠤᠷᠢᠨ ᠳᠡᠭᠡᠷ᠎ᠡ᠂ ᠰᠢᠨ᠎ᠡ᠎ᠪᠡᠷ ᠮᠠᠨᠳᠤᠭᠰᠠᠨ ᠵᠠᠬ᠎ᠠ ᠳᠡᠯᠭᠡᠭᠦᠷ᠎ᠢ ᠢᠳᠡᠪᠬᠢᠲᠡᠢ᠎ᠪᠡᠷ ᠨᠡᠭᠡᠭᠡᠵᠦ᠂ ᠡᠮᠦᠨᠡᠲᠦ ᠠᠽᠢᠶ᠎ᠠ᠂ ᠠᠹᠷᠢᠺᠠ ᠲᠢᠪ᠂ ᠰᠢᠶᠠᠩᠭᠠᠩ ᠣᠣᠮᠧᠨ ᠵᠡᠷᠭᠡ ᠭᠠᠵᠠᠷ ᠣᠷᠣᠨ ᠯᠤᠭ᠎ᠠ᠎ᠵᠢᠨ ᠭᠠᠳᠠᠭᠠᠳᠤ ᠣᠷᠣᠭᠤᠯᠤᠯᠲᠠ ᠭᠠᠷᠭᠠᠯᠲᠠ ᠲᠣᠰ ᠲᠣᠰ 32.8 ᠳ᠋ᠦᠩᠰᠢᠭᠤᠷ ᠲᠥᠭᠥᠷᠢᠭ᠂ 45.8 ᠳ᠋ᠦᠩᠰᠢᠭᠤᠷ ᠲᠥᠭᠥᠷᠢᠭ᠂ 54.4 ᠳ᠋ᠦᠩᠰᠢᠭᠤᠷ ᠲᠥᠭᠥᠷᠢᠭ᠎ᠲᠦ ᠬᠦᠷᠴᠦ᠂ ᠠᠳᠠᠯᠢ ᠬᠤᠭᠤᠴᠠᠭᠠᠨ᠎ᠤ ᠬᠢ᠎ᠡᠴᠡ ᠪᠠᠨ ᠲᠣᠰ ᠲᠣᠰ 13.8%᠂ 33.3%᠂ 21.9% ᠎ᠪᠠᠷ ᠨᠡᠮᠡᠭᠳᠡᠪᠡ᠃

ᠤᠯᠠᠮᠵᠢᠯᠠᠯᠲᠤ ᠵᠠᠬ᠎ᠠ ᠳᠡᠯᠭᠡᠭᠦᠷ᠎ᠢ ᠰᠠᠢᠵᠢᠷᠠᠭᠤᠯᠬᠤ ᠪᠠ ᠰᠢᠨ᠎ᠡ᠎ᠪᠡᠷ ᠮᠠᠨᠳᠤᠭᠰᠠᠨ ᠵᠠᠬ᠎ᠠ ᠳᠡᠯᠭᠡᠭᠦᠷ᠎ᠢ ᠨᠡᠭᠡᠭᠡᠨ ᠬᠥᠭᠵᠢᠭᠦᠯᠬᠦ᠎ᠵᠢ ᠵᠡᠷᠭᠡ ᠪᠡᠷ ᠶᠠᠪᠤᠭᠳᠠᠭᠤᠯᠵᠤ ᠂ ᠠᠶᠤᠯ ᠲᠦᠭᠰᠢᠭᠦᠷᠢ᠎ᠶᠢ ᠠᠷᠢᠯᠭᠠᠵᠦ᠂ ᠭᠠᠳᠠᠭᠠᠳᠤ ᠠᠷᠠᠯᠵᠢᠶᠠᠨ᠎ᠤ ᠭᠦᠨᠵᠡᠭᠡᠢᠷᠡᠨ ᠥᠷᠭᠡᠵᠢᠬᠦ᠎ᠶᠢ ᠴᠦ᠍ ᠠᠬᠢᠭᠤᠯᠪᠡ᠃

ᠡᠨᠡ ᠬᠦ᠌ ᠬᠠᠭᠠᠰ ᠵᠢᠯ᠎ᠦᠨ ᠮᠡᠳᠡᠭᠦᠯᠦᠯᠲᠡ ᠨᠢ ᠵᠥᠪᠬᠡᠨ ᠲᠣᠭᠠᠨ᠎ᠤ ᠦᠰᠦᠷᠦᠯᠲᠡ ᠲᠡᠳᠦᠢ ᠪᠢᠰᠢ᠂ ᠨᠠᠩ ᠴᠤ᠌ ᠥᠪᠥᠷ ᠮᠣᠩᠭᠣᠯ᠎ᠤᠨ ᠠᠵᠤ ᠠᠬᠤᠢ᠎ᠶᠢᠨ ᠬᠡᠯᠪᠡᠷᠢ᠎ᠪᠡᠨ ᠬᠤᠪᠢᠷᠠᠭᠤᠯᠬᠤ ᠯᠣᠭᠢᠭ᠋᠎ᠤᠨ ᠨᠢᠭᠡ ᠤᠳᠠᠭᠠᠨ᠎ᠤ ᠲᠥᠪᠯᠡᠷᠡᠩᠭᠦᠢ ᠪᠡᠶᠡᠯᠡᠭᠳᠡᠯ ᠪᠣᠯᠵᠠᠢ᠄ ᠳᠣᠲᠣᠭᠠᠳᠤ ᠬᠡᠷᠡᠭᠴᠡᠭᠡ ᠪᠡᠷ ᠭᠠᠳᠠᠭᠠᠳᠤ᠎ᠣᠷᠣᠭᠤᠯᠤᠯᠲᠠ᠎ᠶᠢ ᠲᠣᠭᠲᠠᠪᠤᠷᠢᠵᠢᠭᠤᠯᠵᠤ᠂ ᠳᠦᠷᠢᠮ᠎ᠢᠶᠡᠷ ᠨᠡᠮᠡᠭᠳᠡᠯ᠎ᠢ ᠥᠷᠭᠡᠳᠬᠡᠵᠦ᠂ ᠠᠷᠠᠳ᠎ᠤᠨ ᠡᠵᠡᠩᠨᠡᠯᠲᠡ᠎ᠶᠢᠨ ᠠᠵᠤ ᠠᠬᠤᠢᠯᠠᠯ᠎ᠢᠶᠠᠷ ᠠᠮᠢᠵᠢᠷᠠᠯ᠎ᠤᠨ ᠬᠦᠴᠦᠨ᠎ᠢ ᠬᠥᠭᠵᠢᠭᠡᠵᠦ᠂ ᠣᠯᠠᠨ ᠵᠠᠬ᠎ᠠ ᠳᠡᠯᠭᠡᠭᠦᠷ᠎ᠢᠶᠡᠷ ᠲᠦᠭᠰᠢᠭᠦᠷᠢ᠎ᠶᠢ ᠠᠷᠭᠠᠴᠡᠭᠠᠪᠠ᠃ ᠥᠪᠥᠷ ᠮᠣᠩᠭᠣᠯ ᠪᠥᠬᠥ ᠤᠯᠤᠰ᠎ᠤᠨ ᠳᠤᠮᠳᠠᠴᠢ ᠨᠡᠮᠡᠭᠳᠡᠯ᠎ᠤᠨ ᠬᠤᠷᠳᠤᠴᠠ᠎ᠡᠴᠡ ᠵᠠᠭᠤᠨ᠎ᠤ ᠬᠠᠷᠢᠴᠠᠯ᠎ᠵᠢᠡᠷ 12.4 ᠬᠤᠪᠢ ᠲᠦᠷᠬᠡᠳᠥᠭᠰᠡᠨ ᠬᠢᠷᠢ ᠪᠦᠲᠦᠮᠵᠢ᠎ᠶᠢᠨ ᠬᠠᠭᠤᠳᠠᠰᠤ᠎ᠪᠠᠷ᠎ᠢᠶᠠᠨ ᠮᠠᠨ᠎ᠤ ᠤᠯᠤᠰ᠎ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠡᠬᠢᠯᠡᠯᠲᠡ᠎ᠶᠢᠨ ᠳᠡᠭᠡᠷ᠎ᠡ ᠬᠠᠭᠠᠰ ᠵᠢᠯ᠎ᠦᠨ ᠭᠠᠳᠠᠭᠠᠳᠤ ᠠᠷᠠᠯᠵᠢᠶᠠᠨ᠎ᠤ ᠬᠠᠷᠢᠭᠤᠴᠠᠯᠭ᠎ᠠ ᠡᠭᠦᠷᠭᠡᠯᠡᠬᠦ ᠬᠠᠷᠢᠭᠤᠯᠲᠠ᠎ᠶᠢᠨ ᠬᠠᠭᠤᠳᠠᠰᠤ᠎ᠶᠢ ᠲᠤᠰᠢᠶᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号