7 ᠰᠠᠷ᠎ᠠ᠎ᠶᠢᠨ 18᠎ᠤ᠋ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠵᠢᠷᠭᠤᠳᠤᠭᠠᠷ ᠬᠤᠭᠤᠴᠠᠭᠠᠨ᠎ᠤ ᠪᠡᠶ᠎ᠡ᠎ᠶᠢᠨ ᠲᠠᠮᠢᠷ᠎ᠤᠨ ᠴᠤᠭᠯᠠᠭᠠᠨ᠎ᠤ ᠪᠤᠺᠰ᠎ᠤᠨ ᠲᠡᠮᠡᠴᠡᠭᠡᠨ᠎ᠦ ᠲᠥᠷᠥᠯ ᠵᠦᠢᠯ᠎ᠦᠨ ᠤᠷᠤᠯᠳᠤᠭᠠᠨ ᠪᠤᠭᠤᠲᠤ ᠬᠣᠲᠠ᠎ᠶᠢᠨ ᠣᠯᠢᠮᠫᠢᠺ᠎ᠤᠨ ᠪᠡᠶ᠎ᠡ᠎ᠶᠢᠨ ᠲᠠᠮᠢᠷ᠎ᠤᠨ ᠲᠥᠪ᠎ᠲᠤ ᠡᠬᠢᠯᠡᠪᠡ᠃
ᠲᠤᠰ ᠤᠷᠤᠯᠳᠤᠭᠠᠨ᠎ᠢ ᠦᠪᠦᠷ ᠮᠤᠨᠭᠭᠤᠯ ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠂ ᠦᠪᠦᠷ ᠮᠤᠨᠭᠭᠤᠯ ᠤᠨ ᠥᠪᠡᠷᠲᠡᠭᠡᠨ ᠵᠠᠰᠠᠬᠤ ᠣᠷᠣᠨ᠎ᠤ ᠪᠡᠶ᠎ᠡ᠎ᠶᠢᠨ ᠲᠠᠮᠢᠷ᠎ᠤᠨ ᠲᠣᠪᠴᠢᠶ᠎ᠠ ᠠ᠋ᠴᠠ ᠭᠣᠣᠯᠯᠠᠨ ᠡᠷᠭᠢᠯᠡᠪᠡ᠃ ᠤᠷᠤᠯᠳᠤᠭᠠᠨ ᠨᠢ 7 ᠡᠳᠦᠷ ᠶᠠᠪᠤᠭᠳᠠᠨ᠎ᠠ᠂ ᠡᠷᠡᠭᠲᠡᠢ᠂ ᠡᠮᠡᠭᠲᠡᠢ᠎ᠶᠢᠨ ᠬᠥᠬᠡ ᠬᠥᠬᠡᠭᠴᠢᠨ ᠤᠯᠠᠭᠠᠨ ᠬᠡᠬᠦᠴᠢᠯᠡᠨ 6 ᠳᠤᠭᠤᠢᠯᠠᠩ᠎ᠤᠨ 47 ᠤᠷᠤᠯᠳᠤᠭᠠᠨ᠎ᠤ ᠵᠦᠢᠯ ᠲᠣᠬᠢᠷᠠᠭᠤᠯᠵᠤ᠂ ᠪᠦᠬᠦ ᠣᠷᠣᠨ᠎ᠤ 12 ᠠᠢᠮᠠᠭ ᠬᠣᠲᠠ᠎ᠶᠢᠨ 570 ᠭᠠᠷᠤᠢ ᠲᠠᠰᠬᠠᠯᠵᠢᠭᠤᠯᠤᠭᠴᠢ᠂ ᠲᠠᠮᠢᠷᠴᠢᠨ ᠤᠷᠤᠯᠳᠤᠭᠠᠨ᠎ᠳᠤ ᠣᠷᠣᠯᠴᠠᠵᠠᠢ᠃
ᠤᠷᠤᠯᠳᠤᠭᠠᠨ᠎ᠤ ᠡᠬᠢᠨ᠎ᠦ ᠡᠳᠦᠷ᠎ᠲᠦ ᠡᠷᠡᠭᠲᠡᠢ ᠡᠮᠡᠭᠲᠡᠢ᠎ᠶᠢᠨ ᠬᠥᠬᠡ ᠬᠥᠬᠡᠭᠴᠢᠨ ᠤᠯᠠᠭᠠᠨ ᠳᠤᠭᠤᠢᠯᠠᠩ᠎ᠤᠨ 27 ᠳᠡᠰ᠎ᠤᠨ ᠨᠢᠭᠡᠳᠦᠭᠡᠷ ᠡᠭᠡᠯᠵᠢ᠎ᠶᠢᠨ ᠤᠷᠤᠯᠳᠤᠭᠠᠨ ᠶᠠᠪᠤᠭᠳᠠᠵᠠᠢ᠃ ᠪᠤᠭᠤᠲᠤ ᠬᠣᠲᠠ᠎ᠶᠢᠨ ᠪᠡᠶ᠎ᠡ᠎ᠶᠢᠨ ᠲᠠᠮᠢᠷ᠎ᠤᠨ ᠲᠣᠪᠴᠢᠶ᠎ᠠ ᠵᠢᠨ ᠬᠢᠨ ᠥᠨᠳᠥᠷ ᠪᠠᠷᠢᠮᠵᠢᠶ᠎ᠠ᠎ᠪᠠᠷ ᠤᠷᠤᠯᠳᠤᠭᠠᠨ ᠡᠷᠭᠢᠯᠡᠬᠦ ᠱᠠᠭᠠᠷᠳᠠᠯᠭ᠎ᠠ᠎ᠵᠢ ᠪᠠᠷᠢᠮᠳᠠᠯᠠᠵᠤ᠂ ᠤᠷᠤᠯᠳᠤᠭᠠᠨ᠎ᠢ ᠵᠣᠬᠢᠶᠠᠨ ᠪᠠᠶ᠋ᠢᠭᠤᠯᠬᠤ ᠠᠵᠢᠯ᠎ᠢ ᠬᠢᠨᠠᠮᠠᠭᠠᠢ ᠨᠠᠢᠳᠠᠪᠤᠷᠢᠵᠢᠭᠤᠯᠪᠠ᠃ ᠡᠭᠦᠨ ᠦ ᠬᠠᠮᠲᠤ ᠤᠯᠠᠨ ᠰᠠᠯᠠᠭ᠎ᠠ ᠮᠥᠴᠢᠷ ᠢ ᠨᠢᠭᠡᠳᠦᠯᠲᠡᠢ ᠲᠥᠯᠥᠪᠵᠢᠭᠦᠯᠦᠨ ᠡᠮ ᠡᠮᠨᠡᠯᠭᠡ᠂ ᠠᠮᠤᠷ ᠢ ᠬᠠᠮᠠᠭᠠᠯᠠᠬᠤ᠂ ᠵᠠᠮ ᠬᠠᠷᠢᠯᠴᠠᠭ᠎ᠠ᠂ ᠰᠠᠢᠨ ᠳᠤᠷ᠎ᠠ᠎ᠶᠢᠨ ᠦᠢᠯᠡᠴᠢᠯᠡᠭᠡ ᠵᠡᠷᠭᠡ ᠠᠵᠢᠯ᠎ᠢ ᠰᠠᠢᠲᠤᠷ ᠬᠢᠵᠦ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠵᠢᠷᠭᠤᠳᠤᠭᠠᠷ ᠬᠤᠭᠤᠴᠠᠭᠠᠨ᠎ᠤ ᠪᠡᠶ᠎ᠡ᠎ᠶᠢᠨ ᠲᠠᠮᠢᠷ᠎ᠤᠨ ᠴᠤᠭᠯᠠᠭᠠᠨ᠎ᠤ ᠪᠤᠺᠰ᠎ᠤᠨ ᠤᠷᠤᠯᠳᠤᠭᠠᠨ᠎ᠤ ᠤᠷᠤᠭᠰᠢᠲᠠᠢ ᠶᠠᠪᠤᠭᠳᠠᠬᠤ᠎ᠶᠢ ᠪᠦᠬᠦ ᠬᠦᠴᠦᠨ᠎ᠢᠶᠡᠷ᠎ᠢᠶᠡᠨ ᠪᠠᠲᠤᠯᠠᠵᠤ ᠪᠠᠢᠨ᠎ᠠ᠃