《ᠬᠦᠴᠦᠷᠬᠡᠭ ᠶᠡᠬᠡ ᠳᠤᠮᠳᠠᠳᠤ ᠤᠯᠤᠰ᠎ᠤᠨ ᠡᠪ ᠬᠠᠮᠲᠤ᠌ ᠨᠠᠮ᠎ᠢ ᠳᠠᠪᠲᠠᠨ ᠪᠣᠯᠪᠠᠰᠤᠷᠠᠭᠤᠯᠪᠠ》
2026-07-21 10:31:18
ᠵᠣᠬᠢᠶᠠᠭ᠍ᠴᠢ᠄
ᠰᠢᠨᠬᠤᠸᠠ ᠬᠣᠷᠢᠶ᠎ᠠ ᠵᠢᠨ ᠰᠤᠷᠪᠤᠯᠵᠢᠯᠠᠭᠴᠢ ᠬᠤᠸᠠᠩ ᠶᠤᠸᠠᠢ ᠶᠠᠨ ᠹᠦ᠋ ᠵᠢᠩ
ᠣᠩᠱᠢᠭ᠍ᠰᠠᠨ ᠣᠳᠠᠭ᠎ᠠ᠄
★★★☆☆

— ᠶᠡᠷᠦᠩᠬᠡᠢ ᠱᠦᠵᠢ ᠰᠢ ᠵᠢᠨ ᠫᠢᠩ᠎ᠦᠨ ᠳᠤᠮᠳᠠᠳᠤ ᠤᠯᠤᠰ᠎ᠤᠨ ᠡᠪ ᠬᠠᠮᠲᠤ᠌ ᠨᠠᠮ ᠪᠠᠶ᠋ᠢᠭᠤᠯᠤᠭᠳᠠᠭᠰᠠᠨ 105 ᠵᠢᠯ᠎ᠦᠨ ᠤᠢ᠎ᠶᠢ ᠪᠡᠯᠭᠡᠯᠡᠬᠦ᠌ ᠶᠡᠬᠡ ᠬᠤᠷᠠᠯ ᠳᠡᠭᠡᠷᠡᠬᠢ ᠴᠢᠬᠤᠯᠠ ᠶᠠᠷᠢᠶ᠎ᠠ ᠵᠢ ᠬᠦᠨᠵᠡᠭᠡᠢ ᠰᠤᠷᠤᠯᠴᠠᠨ ᠲᠤᠭᠤᠰᠢᠯᠠᠭᠤᠯᠬᠤ ᠲᠤᠬᠠᠢ ᠰᠢᠷᠢᠰ ᠬᠦᠦᠷᠨᠢᠯ ᠰᠢᠭᠦᠮᠵᠢ (ᠲᠠᠪᠤ)


《105 ᠵᠢᠯ ᠴᠥᠬᠥᠷᠡᠰᠢ ᠦᠭᠡᠢ ᠲᠡᠮᠡᠴᠡᠵᠦ᠍᠂ ᠬᠦᠴᠦᠷᠬᠡᠭ ᠶᠡᠬᠡ ᠳᠤᠮᠳᠠᠳᠤ ᠤᠯᠤᠰ᠎ᠤᠨ ᠡᠪ ᠬᠠᠮᠲᠤ᠌ ᠨᠠᠮ᠎ᠢ ᠳᠠᠪᠲᠠᠨ ᠪᠣᠯᠪᠠᠰᠤᠷᠠᠭᠤᠯᠪᠠ》᠃ 7 ᠰᠠᠷ᠎ᠠ᠎ᠶᠢᠨ 1 ᠤ᠋ ᠡᠳᠦᠷ᠂ ᠳᠤᠮᠳᠠᠳᠤ ᠤᠯᠤᠰ᠎ᠤᠨ ᠡᠪ ᠬᠠᠮᠲᠤ᠌ ᠨᠠᠮ ᠪᠠᠶ᠋ᠢᠭᠤᠯᠤᠭᠳᠠᠭᠰᠠᠨ 105 ᠵᠢᠯ᠎ᠦᠨ ᠤᠢ᠎ᠶᠢ ᠪᠡᠯᠭᠡᠯᠡᠬᠦ᠌ ᠶᠡᠬᠡ ᠬᠤᠷᠠᠯ ᠳᠡᠭᠡᠷ᠎ᠡ᠂ ᠶᠡᠷᠦᠩᠬᠡᠢ ᠱᠦᠵᠢ ᠰᠢ ᠵᠢᠨ ᠫᠢᠩ ᠮᠠᠨ᠎ᠤ ᠨᠠᠮ᠎ᠤᠨ ᠵᠠᠭᠤ ᠭᠠᠷᠤᠢ ᠵᠢᠯ᠎ᠦᠨ ᠲᠡᠮᠡᠴᠡᠯ᠎ᠦᠨ ᠠᠭᠤᠤ ᠶᠡᠬᠡ ᠠᠮᠵᠢᠯᠲᠠ ᠪᠦᠲᠦᠮᠵᠢ ᠪᠣᠯᠤᠨ ᠲᠡᠦᠬᠡᠲᠦ᠍ ᠠᠴᠢ ᠬᠣᠯᠪᠣᠭᠳᠠᠯ᠎ᠢ ᠭᠦᠨᠵᠡᠭᠡᠢ ᠢᠯᠡᠷᠡᠭᠦᠯᠪᠡ᠃

ᠵᠠᠭᠤᠨ ᠵᠢᠯ᠎ᠦᠨ ᠰᠢᠷᠭᠠᠭᠤ ᠲᠠᠮᠡᠴᠡᠯ ᠵᠢᠡᠷ ᠬᠠᠳᠠᠭᠤ ᠪᠡᠷᠭᠡᠰᠢᠶᠠᠯ ᠢ᠋ ᠢᠯᠡᠨ ᠲᠠᠪᠠᠵᠤ ᠭᠡᠷᠡᠯ ᠰᠠᠴᠤᠷᠠᠩᠭᠤᠶ  ᠦᠢᠯᠡᠰ ᠢ᠋ ᠪᠦᠳᠦᠭᠡᠪᠡ᠃ ᠪᠠᠶ᠋ᠢᠭᠤᠯᠤᠭᠳᠠᠬᠤ ᠦᠶ᠎ᠡ᠎ᠳᠦ 50 ᠭᠠᠷᠤᠢ ᠨᠠᠮ᠎ᠤᠨ ᠭᠡᠰᠢᠭᠦᠨ᠎ᠲᠡᠶ ᠪᠠᠶ᠋ᠢᠭᠰᠠᠨ᠎ᠡᠴᠡ᠎ᠪᠠᠨ ᠡᠳᠤᠭᠡ 14 ᠳ᠋ᠦᠩᠰᠢᠭᠤᠷ ᠭᠠᠷᠤᠢ ᠬᠥᠮᠦᠨ ᠠᠮᠠ᠎ᠲᠠᠶ ᠲᠤᠮᠤ ᠤᠯᠤᠰ᠎ᠢ ᠤᠳᠤᠷᠢᠳᠴᠤ᠌ ᠪᠠᠶ᠋ᠢᠭ᠎ᠠ ᠳᠡᠯᠡᠬᠡᠢ᠎ᠶᠢᠨ ᠨᠢᠭᠡᠳᠦᠭᠡᠷ ᠲᠤᠮᠤ ᠲᠦᠷᠦ᠍ ᠪᠠᠷᠢᠭᠴᠢ ᠨᠠᠮ ᠪᠣᠯᠤᠭᠰᠠᠨ ᠬᠦᠷᠲᠡᠯ᠎ᠡ᠂ ᠳᠤᠮᠳᠠᠳᠤ ᠤᠯᠤᠰ᠎ᠤᠨ ᠡᠪ ᠬᠠᠮᠲᠤ᠌ ᠨᠠᠮ ᠢᠮᠠᠭᠲᠠ ᠴᠠᠭ ᠦᠶ᠎ᠡ᠎ᠶᠢᠨ ᠤᠷᠤᠰᠬᠠᠯ᠎ᠤᠨ ᠬᠠᠮᠤᠭ᠎ᠤᠨ ᠡᠮᠦᠨ᠎ᠡ ᠡᠩᠨᠡᠭᠡᠨ᠎ᠳᠦ ᠵᠣᠭᠰᠣᠵᠤ᠂ ᠬᠦᠴᠢᠷ᠎ᠢ ᠲᠤᠭᠤᠯᠤᠨ ᠪᠡᠷᠬᠡ᠎ᠶᠢ ᠳᠠᠪᠠᠬᠤ ᠬᠠᠮᠤᠭ᠎ᠤᠨ ᠡᠮᠦᠨ᠎ᠡ ᠡᠩᠨᠡᠭᠡᠨ᠎ᠳᠦ ᠵᠣᠭᠰᠣᠵᠤ᠂ ᠳᠤᠮᠳᠠᠳᠤ ᠤᠯᠤᠰ᠎ᠤᠨ ᠠᠷᠠᠳ ᠲᠦᠮᠡᠨ᠎ᠢ ᠳᠠᠭᠠᠭᠤᠯᠤᠨ ᠲᠡᠦᠬᠡ᠎ᠶᠢᠨ ᠬᠠᠭᠤᠳᠠᠰᠤᠨ᠎ᠠ ᠲᠡᠮᠳᠡᠭᠯᠡᠭᠳᠡᠬᠦ᠌ ᠲᠡᠦᠬᠡ᠎ᠶᠢᠨ ᠠᠭᠤᠤ ᠦᠢᠯᠡᠰ᠎ᠢ ᠡᠭᠦᠳᠦᠨ ᠪᠦᠲᠦᠭᠡᠵᠦ᠍᠂ ᠰᠦᠷ ᠳᠠᠯᠠᠶ᠋ᠢᠴᠠᠲᠠᠢ ᠢᠷᠠᠭᠤ ᠲᠤᠤᠯᠢᠰ᠎ᠢ ᠪᠢᠴᠢᠭᠯᠡᠭᠰᠡᠨ ᠪᠦᠭᠡᠳ ᠪᠠᠰᠠ ᠦᠪᠡᠷ ᠪᠡᠶ᠎ᠠ ᠪᠡᠨ ᠬᠦᠴᠤᠷᠭᠡᠭ ᠶᠡᠭᠡ ᠪᠤᠯᠭᠠᠨ ᠲᠠᠪᠳᠠᠨ ᠪᠤᠯᠪᠠᠰᠤᠷᠠᠭᠤᠯᠤᠬᠰᠡᠨ ᠪᠠᠶ᠋ᠢᠨ᠎ᠠ᠃

ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠪᠠᠳᠤ ᠡᠵᠡᠮᠳᠡᠵᠤ᠂ ᠯᠠᠪᠳᠠᠭᠤᠨ᠎ᠢᠶᠠᠷ ᠬᠤᠯᠠ ᠠᠶᠠᠯᠠᠨ᠎ᠠ —

2026 ᠣᠨ᠎ᠤ 6 ᠰᠠᠷ᠎ᠠ᠎ᠶᠢᠨ 24 ᠎ᠤ᠋ ᠡᠳᠦᠷ᠂ ᠱᠠᠨᠳᠦ᠋ᠩ᠎ᠦᠨ ᠳ᠋ᠸᠵᠸᠦ᠍᠎ᠳ᠋ᠤ᠂ ᠠᠭᠠᠬᠢᠮ᠎ᠠ ᠬᠠᠯᠠᠭᠤᠨ ᠠᠭᠤᠷ ᠠᠮᠢᠰᠬᠤᠯ ᠪᠢᠯᠬᠠᠨ᠎ᠠ᠃ ᠶᠡᠷᠦᠩᠬᠡᠶ ᠱᠦᠵᠢ ᠰᠢ ᠵᠢᠨ ᠫᠢᠩ ᠡᠨᠳᠡ ᠢᠷᠡᠵᠦ᠍᠂ ᠲᠠᠷᠢᠶᠠᠨ ᠭᠠᠵᠠᠷ᠎ᠲᠤ᠌ ᠬᠦᠷᠴᠦ᠍ ᠠᠮᠤ ᠪᠤᠳᠠᠭ᠎ᠠ ᠳᠠᠷᠢᠬᠤ ᠲᠣᠮᠣ ᠡᠷᠦᠬᠡ ᠵᠡᠷᠭᠡ᠎ᠲᠡᠶ ᠲᠠᠷᠢᠶᠠᠯᠠᠩ᠎ᠤᠨ ᠲᠤᠬᠠᠶ ᠶᠠᠷᠢᠯᠴᠠᠵᠤ᠂ ᠲᠠᠷᠢᠶᠠᠴᠢᠳ᠎ᠤᠨ ᠬᠡᠷ᠎ᠲᠦ᠍ ᠣᠷᠣᠵᠤ ᠵᠣᠭᠣᠭ ᠳᠡᠯᠭᠡᠬᠦ ᠳ᠋ᠡᠭᠡᠨ᠄ 《ᠪᠢᠳᠡ ᠣᠭ ᠰᠠᠨᠠᠭ᠎ᠠ᠎ᠪᠠᠨ ᠥᠯᠥ᠍ ᠮᠠᠷᠲᠠᠵᠤ᠂ ᠡᠭᠦᠷᠭᠡ ᠬᠠᠷᠢᠭᠤᠴᠠᠯᠭ᠎ᠠ᠎ᠪᠠᠨ ᠪᠠᠲᠤ᠌ ᠴᠡᠭᠡᠵᠢᠯᠡᠵᠦ᠍᠂ ᠰᠡᠳᠬᠢᠯ ᠨᠢᠭᠡᠳᠦᠨ ᠬᠦᠴᠦ᠎ᠪᠡᠨ ᠬᠠᠮᠲᠤᠳᠬᠠᠵᠤ ᠰᠢᠨ᠎ᠡ ᠣᠷᠳᠣ ᠵᠠᠮ᠎ᠤᠨ ᠠᠶᠠᠨ ᠲᠡᠶ᠋ᠢᠨ᠎ᠦ ᠵᠠᠮ᠎ᠢᠶᠠᠷ ᠰᠠᠶ᠋ᠢᠲᠤᠷ ᠵᠠᠮᠨᠠᠵᠤ᠂ ᠨᠠᠩ ᠬᠡᠭᠡᠨ ᠰᠠᠷᠠᠭᠤᠯ ᠢᠷᠡᠭᠡᠳᠦᠶ᠎ᠶᠢ ᠨᠡᠭᠡᠭᠡᠵᠦ᠍᠂ ᠠᠷᠠᠳ ᠲᠦᠮᠡᠨ᠎ᠦ ᠰᠠᠶ᠋ᠢᠨ ᠰᠠᠶ᠋ᠢᠬᠠᠨ ᠠᠮᠢᠳᠤᠷᠠᠯ᠎ᠤᠨ ᠲᠤᠬᠠᠶ ᠬᠦᠰᠡᠯ ᠡᠷᠡᠮᠡᠯᠵᠡᠯ᠎ᠢ ᠲᠠᠰᠤᠷᠠᠯᠲᠠ ᠥᠬᠡᠶ ᠬᠠᠩᠭᠠᠨ᠎ᠠ》 ᠭᠡᠵᠤ ᠭᠦᠨ ᠰᠡᠳᠬᠢᠯᠭᠡ᠎ᠲᠡᠶ᠎ᠪᠡᠷ ᠬᠡᠯᠡᠪᠡ᠃

ᠤᠭ ᠰᠠᠨᠠᠭ᠎ᠠ ᠬᠠᠳᠠ ᠴᠢᠯᠠᠭᠤ ᠮᠡᠲᠦ᠍᠂ ᠡᠭᠦᠷᠭᠡ ᠬᠠᠷᠢᠭᠤᠴᠠᠯᠭ᠎ᠠ ᠭᠠᠯ ᠪᠠᠮᠪᠠᠷ ᠮᠡᠲᠦ᠍᠃ ᠳᠤᠮᠳᠠᠳᠤ ᠤᠯᠤᠰ᠎ᠤᠨ ᠡᠪ ᠬᠠᠮᠲᠤ᠌ ᠨᠠᠮ ᠮᠡᠨᠳᠦᠯᠡᠭᠰᠡᠨ ᠡᠳᠦᠷ᠎ᠡᠴᠡ᠎ᠪᠡᠨ ᠡᠬᠢᠯᠡᠨ ᠡᠪ ᠬᠠᠮᠲᠤ᠌ ᠶᠣᠰᠣ᠎ᠶᠢ ᠠᠯᠤᠰ ᠬᠡᠲᠦ᠎ᠶᠢᠨ ᠬᠦᠰᠡᠯᠡᠩ᠎ᠢᠶᠡᠨ ᠪᠣᠯᠭᠠᠵᠤ᠂ ᠠᠷᠠᠳ ᠲᠦᠮᠡᠨ᠎ᠳᠦ ᠵᠣᠯ ᠵᠢᠷᠭᠠᠯ ᠣᠯᠭᠣᠬᠤ᠂ ᠦᠨᠳᠦᠰᠦᠲᠡᠨ᠎ᠦ ᠰᠡᠷᠭᠦᠨ ᠮᠠᠨᠳᠤᠯᠲᠠ᠎ᠶᠢ ᠪᠡᠶᠡᠯᠡᠭᠦᠯᠬᠦ᠌᠎ᠪᠡᠷ ᠣᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠪᠣᠯᠭᠠᠪᠠ᠃

ᠮᠠᠷᠺᠰ᠎ᠤᠨ ᠦᠵᠡᠯ᠎ᠦᠨ ᠲᠤᠬᠠᠢ ᠢᠲᠡᠭᠡᠯ ᠪᠢᠰᠢᠷᠡᠯ᠎ᠢᠶᠡᠨ ᠴᠦᠬᠦᠷᠡᠰᠢ ᠦᠭᠡᠢ ᠪᠠᠷᠢᠮᠲᠠᠯᠠᠵᠤ᠂ ᠨᠡᠶ᠋ᠢᠭᠡᠮ ᠵᠢᠷᠤᠮ ᠪᠣᠯᠤᠨ ᠡᠪ ᠬᠠᠮᠲᠤ᠌ ᠶᠣᠰᠣᠨ᠎ᠤ ᠲᠤᠬᠠᠢ ᠢᠲᠡᠭᠡᠯ ᠪᠢᠰᠢᠷᠡᠯ᠎ᠢᠶᠡᠨ ᠭᠤᠶ᠋ᠢᠪᠢᠰᠢ ᠦᠭᠡᠢ ᠪᠠᠷᠢᠮᠲᠠᠯᠠᠵᠤ᠂ ᠦᠶ᠎ᠡ ᠦᠶ᠎ᠡ᠎ᠶᠢᠨ ᠳᠤᠮᠳᠠᠳᠤ ᠤᠯᠤᠰ᠎ᠤᠨ ᠡᠪ ᠬᠠᠮᠲᠤᠴᠤᠳ ᠦᠬᠦᠵᠦ᠍ ᠰᠡᠬᠡᠬᠦ᠌᠎ᠶᠢᠨ ᠰᠢᠯᠭᠠᠯᠲᠠ᠎ᠶᠢᠨ ᠡᠮᠦᠨ᠎ᠡ ᠢᠳᠡᠭᠡᠯ ᠵᠣᠷᠢᠭ᠎ᠢᠶᠠᠨ ᠬᠤᠪᠢᠷᠠᠭᠤᠯᠬᠤ ᠦᠭᠡᠢ᠂ ᠮᠢᠩᠭᠠᠨ ᠪᠡᠷᠬᠡ ᠲᠦᠮᠡᠨ ᠲᠦᠭᠰᠢᠭᠦᠷᠢ᠎ᠶᠢᠨ ᠡᠮᠦᠨ᠎ᠡ ᠵᠣᠭᠰᠣᠯᠲᠠ ᠦᠭᠡᠢ ᠵᠢᠳᠬᠦᠨ ᠲᠡᠮᠡᠴᠡᠪᠡ᠃

ᠶᠡᠷᠦᠩᠬᠡᠢ ᠱᠦᠵᠢ ᠰᠢ ᠵᠢᠨ ᠫᠢᠩ᠄ 《ᠨᠠᠮ᠎ᠤᠨ ᠤᠭ ᠰᠠᠨᠠᠭ᠎ᠠ ᠪᠣᠯᠤᠨ ᠡᠭᠦᠷᠭᠡ ᠬᠠᠷᠢᠭᠤᠴᠠᠯᠭ᠎ᠠ ᠪᠣᠯ ᠨᠠᠮ᠎ᠤᠨ ᠰᠢᠨᠵᠢ ᠴᠢᠨᠠᠷ ᠵᠣᠷᠢᠯᠲᠠ᠂ ᠬᠦᠰᠡᠯᠡᠩ ᠢᠲᠡᠭᠡᠯ ᠪᠢᠰᠢᠷᠡᠯ᠂ ᠲᠡᠮᠡᠴᠡᠬᠦ᠌ ᠬᠠᠷᠠᠯᠲᠠ᠎ᠶᠢᠨ ᠲᠥᠪᠯᠡᠷᠡᠩᠭᠦᠢ ᠢᠯᠡᠷᠡᠯ ᠮᠥᠨ᠂ ᠮᠠᠨ᠎ᠤ ᠨᠠᠮ᠎ᠤᠨ ᠡᠭᠦᠷᠢᠳᠡ ᠪᠠᠲᠤ᠌ ᠰᠠᠬᠢᠬᠤ᠎ᠶᠢ ᠵᠣᠷᠢᠭᠵᠢᠭᠤᠯᠵᠤ᠂ ᠮᠠᠨ᠎ᠤ ᠨᠠᠮ᠎ᠤᠨ ᠡᠷᠡᠮᠡᠬᠡᠶ᠋ᠢᠯᠡᠨ ᠤᠷᠤᠭᠰᠢᠯᠠᠬᠤ᠎ᠶᠢ ᠵᠣᠷᠢᠭᠵᠢᠭᠤᠯᠵᠤ ᠪᠠᠶ᠋ᠢᠨ᠎ᠠ》 ᠭᠡᠵᠤ ᠬᠦᠨᠵᠡᠭᠡᠢ ᠵᠢᠭᠠᠵᠤ ᠭᠠᠷᠭᠠᠪᠠ᠃

ᠠᠷᠠᠳ ᠲᠦᠮᠡᠨ᠎ᠢ ᠳᠠᠭᠠᠭᠤᠯᠤᠨ 《ᠭᠤᠷᠪᠠᠨ ᠶᠡᠬᠡ ᠠᠭᠤᠯᠠ》 ᠵᠢ ᠲᠦᠯᠬᠢᠨ ᠤᠨᠠᠭᠠᠬᠰᠡᠨ᠎ᠡᠴᠡ ᠪᠦᠬᠦ᠌ ᠶᠠᠪᠤᠴᠠ᠎ᠶᠢᠨ ᠠᠷᠠᠳ᠎ᠤᠨ ᠠᠷᠠᠳᠴᠢᠯᠠᠯ᠎ᠢ ᠬᠥᠭᠵᠢᠭᠦᠯᠵᠦ᠍᠂ ᠠᠷᠠᠳ ᠲᠦᠮᠡᠨ᠎ᠦ ᠡᠵᠡᠨ ᠰᠠᠭᠤᠵᠤ ᠡᠷᠬᠡ ᠮᠡᠳᠡᠬᠦ᠌᠎ᠶᠢ ᠪᠠᠲᠤᠯᠠᠬᠰᠡᠨ ᠬᠦᠷᠲᠡᠯ᠎ᠡ; ᠶᠠᠳᠠᠭᠤ ᠬᠣᠭᠣᠰᠣᠨ ᠪᠠᠶ᠋ᠢᠬᠰᠡᠨ ᠰᠠᠭᠤᠷᠢᠨ ᠳᠡᠭᠡᠷ᠎ᠡ ᠢᠳᠡᠵᠦ᠍ ᠡᠮᠦᠰᠬᠦ᠌᠎ᠳᠡᠭᠡᠨ ᠵᠥᠪ ᠪᠣᠯᠬᠤ ᠠᠰᠠᠭᠤᠳᠠᠯ᠎ᠢ ᠦᠨᠳᠦᠰᠦᠨ᠎ᠳᠡᠭᠡᠨ ᠰᠢ᠌ᠳᠪᠦᠷᠢᠯᠡᠬᠦ᠌᠎ᠶᠢ ᠠᠬᠢᠭᠤᠯᠤᠭᠰᠠᠨ᠎ᠡᠴᠡ ᠲᠣᠭᠲᠠᠭᠰᠠᠨ ᠬᠤᠭᠤᠴᠠᠭᠠᠨ᠎ᠳᠤ ᠶᠠᠳᠠᠭᠤ᠎ᠡᠴᠡ ᠠᠩᠭᠢᠵᠢᠷᠠᠭᠤᠯᠬᠤ ᠪᠣᠭᠣᠮᠲᠠ ᠰᠢᠪᠲᠤᠯᠬᠤ ᠳᠠᠶ᠋ᠢᠯᠠᠯᠳᠤᠭᠠᠨ᠎ᠤ ᠢᠯᠠᠯᠲᠠ᠎ᠶᠢ ᠤᠯᠤᠬᠰᠡᠨ᠂ ᠲᠣᠭᠲᠠᠭᠰᠠᠨ ᠬᠤᠭᠤᠴᠠᠭᠠᠨ᠎ᠳᠤ ᠴᠢᠨᠡᠭᠡᠯᠢᠭ ᠨᠡᠶ᠋ᠢᠭᠡᠮ᠎ᠢ ᠪᠦᠬᠦ᠌ ᠲᠠᠯ᠎ᠠ᠎ᠪᠠᠷ ᠪᠠᠢᠭᠤᠯᠤᠨ ᠪᠦᠳᠦᠭᠡᠭᠰᠡᠨ ᠬᠦᠷᠲᠡᠯ᠎ᠡ᠂ ᠬᠠᠮᠲᠤ᠎ᠪᠠᠷ ᠪᠠᠶᠠᠵᠢᠬᠤ ᠵᠢ ᠯᠠᠪᠳᠠᠭᠤᠨ ᠪᠠᠲᠤᠲᠠᠢ ᠠᠬᠢᠭᠤᠯᠪᠠ ᠁

ᠠᠷᠠᠳ᠎ᠤᠨ ᠰᠡᠳᠬᠢᠯ᠎ᠦᠨ ᠬᠠᠨᠳᠤᠰᠢ ᠪᠤᠯ ᠢᠯᠠᠯᠳᠠ ᠤᠯᠬᠤ ᠵᠢᠨ ᠦᠨᠳᠤᠰᠤ ᠮᠦᠨ᠃ ᠳᠤᠮᠳᠠᠳᠤ ᠤᠯᠤᠰ᠎ᠤᠨ ᠡᠪ ᠬᠠᠮᠲᠤ᠌ ᠨᠠᠮ ᠬᠠᠮᠤᠭ᠎ᠤᠨ ᠥᠷᠭᠡᠨ ᠣᠯᠠᠨ ᠠᠷᠠᠳ ᠲᠦᠮᠡᠨ᠎ᠦ ᠳᠤᠮᠳᠠ ᠵᠣᠭᠰᠣᠵᠤ᠂ ᠢᠮᠠᠭᠲᠠ ᠬᠤᠪᠢᠷᠠᠰᠢ ᠥᠬᠡᠶ ᠣᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠷ᠎ᠢᠶᠠᠨ ᠤᠯᠤᠰ ᠣᠷᠣᠨ᠎ᠤ ᠬᠥᠭᠵᠢᠯᠲᠡ᠂ ᠦᠨᠳᠦᠰᠦᠲᠡᠨ᠎ᠦ ᠳᠠᠪᠰᠢᠯᠲᠠ᠂ ᠠᠷᠠᠳ ᠲᠦᠮᠡᠨ᠎ᠦ ᠵᠣᠯ ᠵᠢᠷᠭᠠᠯ᠎ᠢ ᠲᠠᠰᠤᠷᠠᠯᠲᠠ ᠥᠬᠡᠶ ᠴᠣ ᠰᠢᠨ᠎ᠡ ᠦᠨᠳᠤᠷᠴᠡ᠎ᠳ᠋ᠤ ᠠᠬᠢᠭᠤᠯᠵᠤ᠂ ᠲᠦᠭ ᠲᠦᠮᠡᠨ ᠳᠤᠮᠳᠠᠳᠤ ᠤᠯᠤᠰ᠎ᠤᠨ ᠠᠷᠠᠳ ᠲᠦᠮᠡᠨ᠎ᠦ ᠴᠢᠩ ᠰᠡᠳᠬᠢᠯ᠎ᠦᠨ ᠬᠦᠷᠢᠶᠡᠯᠡᠯ᠎ᠢ ᠣᠯᠤᠭᠰᠠᠨ ᠪᠠᠶ᠋ᠢᠨ᠎ᠠ᠃

ᠣᠶᠤᠨ ᠰᠠᠨᠠᠭᠠᠨ᠎ᠤ ᠲᠤᠯᠭᠠᠭᠤᠷᠢᠯᠠᠯ ᠪᠤᠯᠵᠤ᠂ ᠰᠠᠯᠬᠢ ᠳᠠᠪᠠᠯᠭᠠᠨ᠎ᠡᠴᠡ ᠰᠦᠷᠳᠠᠯ ᠦᠭᠡᠢ ᠤᠷᠤᠬᠰᠢᠯᠠᠨ᠎ᠠ —

ᠱᠠᠩᠬᠠᠢ ᠵᠢᠨ ᠲᠠᠶ ᠫᠢᠩ ᠬᠣ᠌ ᠨᠠᠭᠤᠷ᠎ᠤᠨ ᠬᠥᠪᠡᠭᠡᠨ᠎ᠳᠦ᠂ ᠳᠤᠮᠳᠠᠳᠤ ᠤᠯᠤᠰ᠎ᠤᠨ ᠡᠪ ᠬᠠᠮᠲᠤ᠌ ᠨᠠᠮ᠎ᠤᠨ ᠠᠩᠬᠠᠳᠤᠭᠠᠷ ᠶᠡᠬᠡ ᠬᠤᠷᠠᠯ᠎ᠤᠨ ᠳᠤᠷᠠᠰᠬᠠᠯ᠎ᠤᠨ ᠣᠷᠳᠣᠨ᠎ᠳᠤ ᠬᠥᠮᠦᠨ ᠬᠠᠷ᠎ᠠ ᠲᠠᠰᠤᠷᠠᠯᠳᠠ ᠦᠭᠡᠢ ᠴᠤᠪᠤᠷᠠᠯᠳᠤᠨ᠎ᠠ᠃ 2025 ᠣᠨ᠎ᠳᠤ᠂ 323 ᠲᠦᠮᠡ ᠰᠢᠬᠠᠮ ᠬᠥᠮᠦᠨ ᠤᠳᠠᠭ᠎ᠠ ᠡᠨᠳᠡ ᠢᠷᠡᠵᠦ᠍᠂ ᠳᠤᠮᠳᠠᠳᠤ ᠤᠯᠤᠰ᠎ᠤᠨ ᠡᠪ ᠬᠠᠮᠲᠤ᠌ ᠨᠠᠮ᠎ᠤᠨ 《ᠠᠭᠤᠤ ᠶᠡᠬᠡ ᠡᠬᠢᠯᠡᠯᠲᠡ》 ᠵᠢ ᠪᠠᠶᠠᠴᠢᠯᠡᠨ ᠤᠢᠯᠠᠭᠠᠪᠠ᠃

ᠲᠡᠦᠬᠡ ᠬᠠᠮᠢᠭ᠎ᠠ᠎ᠡᠴᠡ ᠡᠬᠢᠯᠡᠪᠡᠯ ᠵᠣᠷᠢᠭ ᠰᠠᠨᠠᠭ᠎ᠠ ᠲᠠᠨᠳᠠ ᠡᠴᠡ ᠡᠭᠦᠰᠳᠡᠭ᠃ ᠨᠠᠮ ᠪᠠᠶ᠋ᠢᠭᠤᠯᠤᠭᠳᠠᠭᠰᠠᠨ ᠵᠠᠭᠤᠨ ᠵᠢᠯ᠎ᠦᠨ ᠤᠢ᠎ᠶᠢᠨ ᠲᠠᠰᠢᠷᠠᠮ᠎ᠢᠶᠠᠷ᠂ ᠶᠡᠷᠦᠩᠬᠡᠢ ᠱᠦᠵᠢ ᠰᠢ ᠵᠢᠨ ᠫᠢᠩ ᠠᠩᠬ᠎ᠠ ᠤᠳᠠᠭ᠎ᠠ 《ᠨᠠᠮ ᠪᠠᠶ᠋ᠢᠭᠤᠯᠬᠤ ᠠᠭᠤᠤ ᠶᠡᠭᠡ ᠵᠣᠷᠢᠭ ᠰᠠᠨᠠᠭ᠎ᠠ》 ᠵᠢ ᠳᠤᠷᠠᠳᠴᠤ᠌᠂ ᠳᠤᠮᠳᠠᠳᠤ ᠤᠯᠤᠰ᠎ᠤᠨ ᠡᠪ ᠬᠠᠮᠲᠤᠴᠤᠳ᠎ᠤᠨ ᠬᠦᠴᠢᠷ ᠪᠡᠷᠭᠡ ᠬᠠᠷᠰᠢ ᠰᠠᠭᠠᠳ ᠢ᠋ ᠳᠠᠪᠠᠭᠰᠠᠨ᠂ ᠮᠢᠩᠭᠠᠨ ᠠᠭᠤᠯᠠ ᠲᠦᠮᠡᠨ ᠤᠰᠤ᠎ᠶᠢ ᠲᠤᠭᠤᠯᠤᠭᠰᠠᠨ ᠵᠣᠷᠢᠭ ᠰᠠᠨᠠᠭᠠᠨ᠎ᠤ ᠨᠢᠭᠤᠴᠠ ᠨᠣᠮᠧᠷ᠎ᠢ ᠲᠣᠳᠣᠷᠬᠠᠢ ᠢᠯᠡᠷᠡᠭᠦᠯᠪᠡ᠃

ᠵᠠᠭᠤ ᠭᠠᠷᠤᠢ ᠵᠢᠯ᠎ᠦᠨ ᠲᠤᠷᠰᠢ᠂ ᠮᠠᠨ᠎ᠤ ᠨᠠᠮ ᠬᠠᠯᠠ ᠵᠣᠪᠠᠯᠠᠩ᠎ᠢ ᠬᠠᠰᠢᠷᠠᠲᠠᠯ᠎ᠠ ᠠᠮᠰᠠᠭᠰᠠᠨ ᠴᠤ᠌ ᠨᠤᠭᠤᠷᠠᠭᠰᠠᠨ ᠦᠭᠡᠢ᠂ ᠭᠡᠷᠡᠯ ᠰᠠᠴᠤᠷᠠᠩᠭᠤᠢ ᠠᠮᠵᠢᠯᠲᠠ᠎ᠶᠢ ᠣᠯᠠᠨᠲᠠ ᠡᠭᠦᠳᠦᠭᠰᠡᠨ ᠴᠦ᠍ ᠪᠠᠷᠳᠠᠮᠨᠠᠭᠰᠠᠨ ᠦᠭᠡᠢ᠂ 《ᠬᠤᠪᠢᠰᠬᠠᠯ᠎ᠬᠢᠬᠦ ᠪᠦᠭᠡᠳ ᠠᠮᠢ ᠴᠦᠯᠡᠬᠦ ᠬᠦᠴᠦᠷᠬᠡᠭ ᠶᠡᠬᠡ ᠵᠣᠷᠢᠭ ᠰᠠᠨᠠᠭ᠎ᠠ ᠳ᠋ᠤ ᠲᠦᠰᠢᠭᠯᠡᠪᠡ》᠃ ᠣᠶᠤᠨ ᠰᠠᠨᠠᠭ᠎ᠠ ᠪᠠᠢᠪᠡᠯ᠂ ᠰᠦᠭ ᠰᠦᠨᠡᠰᠦ ᠪᠠᠢᠵᠤ᠂ ᠬᠦᠴᠦᠨ ᠴᠢᠳᠠᠯ ᠪᠠᠢᠵᠤ ᠴᠢᠳᠠᠨ᠎ᠠ᠃

ᠵᠢᠩᠭᠠᠩᠱᠠᠨ᠎ᠤ ᠵᠣᠷᠢᠭ ᠰᠠᠨᠠᠭ᠎ᠠ᠂ ᠤᠷᠳᠤ ᠵᠠᠮ᠎ᠤᠨ ᠠᠶᠠᠨ ᠲᠠᠢ᠌ᠨ᠎ᠦ ᠵᠣᠷᠢᠭ ᠰᠠᠨᠠᠭ᠎ᠠ᠎ᠡᠴᠡ ᠯᠸᠢ ᠹᠸᠩ᠎ᠤᠨ ᠵᠣᠷᠢᠭ ᠰᠠᠨᠠᠭ᠎ᠠ᠂ ᠳ᠋ᠠᠴᠢᠩ᠎ᠤᠨ ᠵᠣᠷᠢᠭ ᠰᠠᠨᠠᠭ᠎ᠠ ᠬᠦᠷᠲᠡᠯ᠎ᠡ᠂ ᠲᠠᠬᠢᠭᠠᠳ 《ᠭᠤᠷᠪᠠᠨ ᠱᠠᠷ》 ᠤ᠋ᠨ ᠵᠣᠷᠢᠭ ᠰᠠᠨᠠᠭ᠎ᠠ᠂ ᠰᠠᠷᠠᠨ ᠪᠥᠮᠪᠥᠷᠴᠡᠭ᠎ᠢ ᠬᠠᠶ᠋ᠢᠨ ᠰᠢᠨᠵᠢᠬᠦ ᠵᠣᠷᠢᠭ ᠰᠠᠨᠠᠭ᠎ᠠ ᠬᠦᠷᠳᠡᠯ᠎ᠠ ᠁ ᠳᠤᠮᠳᠠᠳᠤ ᠤᠯᠤᠰ᠎ᠤᠨ ᠡᠪ ᠬᠠᠮᠲᠤ᠌ ᠨᠠᠮ ᠤᠷᠳᠤ ᠬᠤᠭᠤᠴᠠᠭᠠᠨ᠎ᠤ ᠲᠡᠮᠡᠴᠡᠯ ᠳᠤᠮᠳᠠ᠂ ᠨᠠᠮ ᠪᠠᠶ᠋ᠢᠭᠤᠯᠤᠬᠰᠡᠨ ᠠᠭᠤᠤ ᠶᠡᠭᠡ ᠵᠣᠷᠢᠭ ᠰᠠᠨᠠᠭ᠎ᠠ᠎ᠪᠠᠷ ᠡᠬᠢ ᠰᠤᠷᠪᠤᠯᠵᠢ ᠪᠣᠯᠭᠠᠭᠰᠠᠨ ᠳᠤᠮᠳᠠᠳᠤ ᠤᠯᠤᠰ᠎ᠤᠨ ᠡᠪ ᠬᠠᠮᠲᠤᠴᠤᠳ᠎ᠤᠨ ᠤᠶᠤᠨ ᠰᠠᠨᠠᠭᠠᠨ᠎ᠤ ᠴᠠᠳᠢᠭ᠎ᠢ ᠪᠠᠶ᠋ᠢᠭᠤᠯᠵᠤ᠂ ᠦᠨᠳᠦᠰᠦᠲᠡᠨ᠎ᠦ ᠰᠡᠷᠭᠦᠨ ᠮᠠᠨᠳᠤᠯᠲᠠ᠎ᠶᠢᠨ ᠬᠠᠮᠤᠭ᠎ᠤᠨ ᠭᠦᠨ ᠵᠤᠵᠠᠭᠠᠨ ᠬᠦᠴᠦᠨ ᠴᠢᠳᠠᠯ᠎ᠢ ᠪᠦᠷᠢᠯᠳᠦᠭᠦᠯᠵᠦ᠍᠂ ᠮᠠᠨ᠎ᠤ ᠨᠠᠮ᠎ᠤᠨ ᠲᠡᠦᠬᠡ᠎ᠶᠢᠨ ᠤᠷᠤᠰᠬᠠᠯ ᠳᠤᠮᠳᠠ ᠰᠡᠬᠦᠶ᠋ᠢᠨ ᠰᠦᠨᠳᠡᠷᠯᠡᠵᠦ᠍᠂ ᠤᠷᠤᠰᠬᠠᠯ᠎ᠤᠨ ᠡᠮᠦᠨ᠎ᠡ ᠬᠤᠰᠢᠭᠤᠷᠠᠬᠤ᠎ᠶᠢ ᠲᠤᠯᠭᠠᠭᠤᠷᠢᠯᠠᠪᠠ᠃

ᠥᠪᠡᠷ ᠪᠡᠶ᠎ᠡ᠎ᠶᠢᠨ ᠬᠤᠪᠢᠰᠬᠠᠯ᠎ᠢ ᠠᠬᠢᠭᠤᠯᠵᠤ᠂ ᠠᠮᠢᠵᠢᠷᠠᠯ᠎ᠤᠨ ᠬᠦᠴᠦᠨ᠎ᠢᠶᠡᠨ ᠡᠭᠦᠷᠢᠳᠡ ᠬᠠᠳᠠᠭᠠᠯᠠᠨ᠎ᠠ —

2026 ᠣᠨ᠎ᠤ 6 ᠰᠠᠷ᠎ᠠ᠎ᠶᠢᠨ 30 ᠎ᠤ᠋ ᠡᠳᠦᠷ᠂ ᠲᠥᠪ᠎ᠦᠨ ᠵᠣᠬᠢᠶᠠᠨ ᠪᠠᠶ᠋ᠢᠭᠤᠯᠬᠤ ᠬᠡᠯᠲᠡᠰ ᠡᠴᠡ ᠨᠠᠮ᠎ᠤᠨ ᠳᠣᠲᠣᠭᠠᠳᠤ᠎ᠶᠢᠨ ᠬᠠᠮᠤᠭ᠎ᠤᠨ ᠰᠢᠨ᠎ᠡ ᠪᠦᠷᠢᠳᠬᠡᠯ᠎ᠦᠨ ᠲᠣᠭ᠎ᠠ ᠪᠠᠷᠢᠮᠲᠠ᠎ᠶᠢ ᠨᠡᠢᠲᠡᠯᠡᠪᠡ᠄ 2025 ᠣᠨ᠎ᠤ ᠡᠴᠦᠰ ᠪᠣᠯᠲᠠᠯ᠎ᠠ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠭᠡᠰᠢᠭᠦᠨ᠎ᠦ ᠶᠡᠷᠦᠩᠬᠡᠢ ᠲᠣᠭ᠎ᠠ 10128.6 ᠲᠦᠮᠡ ᠪᠣᠯᠵᠤ᠂ ᠲᠦᠷᠦᠭᠦᠦ ᠵᠢᠯ᠎ᠦᠨ ᠬᠢ᠎ᠡᠴᠡ 101.5 ᠲᠦᠮᠡ ᠴᠡᠪᠡᠷ ᠨᠡᠮᠡᠭᠳᠡᠪᠡ᠃

ᠬᠤᠪᠢᠰᠬᠠᠯᠴᠢ ᠬᠥᠮᠥᠨ ᠬᠡᠵᠢᠶᠡᠳᠡ ᠵᠠᠯᠠᠭᠤ ᠪᠠᠢᠳᠠᠭ᠃ ᠶᠡᠷᠦᠩᠬᠡᠢ ᠱᠦᠵᠢ ᠰᠢ ᠵᠢᠨ ᠫᠢᠩ ᠮᠠᠨ᠎ᠤ ᠨᠠᠮ᠎ᠤᠨ 《ᠥᠪᠡᠷ᠎ᠢ᠎ᠪᠡᠨ ᠴᠢᠭᠢᠷᠠᠭᠵᠢᠭᠤᠯᠬᠤ᠎ᠶᠢ ᠴᠢᠬᠤᠯᠠᠴᠢᠯᠠᠵᠤ᠂ ᠢᠮᠠᠭᠲᠠ ᠠᠮᠢᠵᠢᠷᠠᠯ᠎ᠤᠨ ᠬᠦᠴᠦᠨ᠎ᠢᠶᠡᠷ ᠪᠢᠯᠬᠠᠮ᠎ᠠ ᠪᠠᠢᠬᠤ》 ᠰᠢᠯᠢᠳᠡᠭ ᠣᠨᠴᠠᠯᠢᠭ᠋᠎ᠢ ᠭᠦᠨᠵᠡᠭᠡᠢ ᠢᠯᠡᠷᠡᠭᠦᠯᠪᠡ᠃

ᠵᠠᠭᠤ ᠭᠠᠷᠤᠢ ᠵᠢᠯ᠎ᠦᠨ ᠨᠠᠮ᠎ᠤᠨ ᠲᠡᠦᠬᠡ ᠪᠣᠯ ᠳᠠᠷᠤᠢ ᠮᠠᠭᠤ᠎ᠶᠢ ᠦᠯᠳᠡᠨ ᠰᠠᠢᠨ᠎ᠢ ᠪᠠᠳᠠᠷᠠᠭᠤᠯᠤᠭᠰᠠᠨ ᠥᠪᠡᠷ᠎ᠪᠡᠶ᠎ᠡ᠎ᠶᠢᠨ ᠬᠤᠪᠢᠰᠬᠠᠯ᠎ᠤᠨ ᠲᠡᠦᠬᠡ ᠪᠣᠯᠣᠨ᠎ᠠ᠃ ᠬᠤᠪᠢᠰᠬᠠᠯ᠎ᠤᠨ ᠴᠠᠭ ᠦᠶ᠎ᠡ᠎ᠡᠴᠡ ᠡᠩᠬᠡ ᠲᠠᠢᠪᠤᠩ ᠴᠠᠭ ᠦᠶ᠎ᠡ ᠬᠦᠷᠲᠡᠯ᠎ᠡ᠂ ᠥᠭᠡᠷᠡᠴᠢᠯᠡᠯᠲᠡ ᠨᠡᠭᠡᠭᠡᠯᠲᠡ᠎ᠡᠴᠡ ᠰᠡᠷᠭᠦᠨ ᠮᠠᠨᠳᠤᠯᠲᠠ ᠬᠦᠷᠲᠡᠯ᠎ᠡ᠂ ᠮᠠᠨ᠎ᠤ ᠨᠠᠮ ᠡᠯ᠎ᠡ ᠴᠠᠭ ᠦᠶ᠎ᠡ᠎ᠳᠦ ᠪᠦᠷ ᠲᠤᠰ ᠪᠡᠶ᠎ᠡ᠎ᠶᠢᠨ ᠪᠠᠢᠭᠤᠯᠤᠯᠲᠠ᠎ᠪᠠᠨ ᠴᠢᠬᠤᠯᠠᠴᠢᠯᠠᠵᠤ᠂ ᠨᠠᠮ᠎ᠢ ᠴᠢᠩᠭ᠎ᠠ ᠬᠠᠮᠢᠶᠠᠷᠴᠤ ᠴᠢᠩᠭ᠎ᠠ ᠵᠠᠰᠠᠪᠠ᠃

ᠰᠢᠨ᠎ᠡ ᠴᠠᠭ ᠦᠶ᠎ᠡ᠎ᠳᠦ ᠣᠷᠣᠭᠰᠠᠨ᠎ᠤ ᠲᠠᠷᠠᠭ᠎ᠠ᠂ ᠨᠠᠮ᠎ᠤᠨ ᠲᠥᠪ ᠬᠣᠷᠢᠶ᠎ᠠ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢ 《ᠲᠦᠷᠪᠡᠨ ᠪᠦᠬᠦ ᠲᠠᠯ᠎ᠠ》ᠢ᠋ᠢᠨ ᠪᠠᠢᠯᠳᠤᠬᠤ ᠪᠣᠳᠣᠯᠭ᠎ᠠ᠎ᠶᠢᠨ ᠪᠠᠢᠷᠢᠰᠢᠭᠤᠯᠤᠯᠲᠠ᠎ᠳᠤ ᠣᠷᠣᠭᠤᠯᠵᠤ᠂ ᠬᠢᠲᠤᠭᠠᠨ ᠢᠷ᠎ᠢ ᠳᠣᠲᠣᠭ᠍ᠰᠢ ᠬᠠᠨᠳᠤᠭᠤᠯᠵᠤ᠂ ᠶᠠᠰᠤ᠎ᠶᠢ ᠨᠢ ᠬᠤᠰᠤᠨ ᠬᠣᠣᠷ᠎ᠢ ᠠᠷᠢᠯᠭᠠᠵᠤ᠂ ᠬᠦᠴᠦᠲᠡᠢ ᠡᠮ᠎ᠢᠶᠡᠷ ᠠᠷᠬᠠᠭ᠎ᠢ ᠠᠷᠢᠯᠭᠠᠵᠤ᠂ ᠴᠢᠩᠭ᠎ᠠ ᠬᠠᠤᠯᠢ᠎ᠪᠡᠷ ᠰᠠᠮᠠᠭᠤᠷᠠᠯ᠎ᠢ ᠵᠠᠰᠠᠵᠤ᠂ ᠥᠪᠡᠷ ᠪᠡᠶ᠎ᠡ᠎ᠶᠢᠨ ᠬᠤᠪᠢᠰᠬᠠᠯ᠎ᠤᠨ 《ᠬᠠᠮ ᠠᠷᠭ᠎ᠠ ᠬᠡᠮᠵᠢᠶ᠎ᠡ》 ᠠᠪᠴᠤ᠂ ᠰᠠᠮᠠᠭᠤᠷᠠᠬᠤ ᠵᠠᠰᠠᠬᠤ ᠮᠠᠨᠳᠤᠬᠤ ᠪᠠᠭᠤᠷᠠᠬᠤ ᠲᠡᠦᠬᠡ᠎ᠶᠢᠨ ᠦᠶᠡᠯᠡᠯ᠎ᠦᠨ ᠪᠤᠯᠤᠮᠵᠢ ᠡᠴᠡ ᠳᠠᠪᠠᠭᠰᠠᠨ ᠬᠣᠶᠠᠳᠤᠭᠠᠷ ᠬᠠᠷᠢᠭᠤᠯᠲᠠ᠎ᠶᠢ ᠣᠯᠪᠠ᠃ ᠰᠢ ᠵᠢᠨ ᠫᠢᠩ ᠨᠥᠬᠥᠷ᠎ᠢᠶᠡᠷ ᠭᠣᠣᠯ ᠪᠤᠯᠭᠠᠭᠰᠠᠨ ᠨᠠᠮ᠎ᠤᠨ ᠲᠥᠪ ᠬᠣᠷᠢᠶ᠎ᠠ ᠶᠠᠮᠠᠷ ᠶᠠᠩᠵᠤ᠎ᠶᠢᠨ ᠤᠷᠳᠤ ᠬᠤᠭᠤᠴᠠᠭ᠎ᠠ᠎ᠪᠠᠷ ᠲᠦᠷᠦ ᠪᠠᠷᠢᠬᠤ ᠮᠠᠷᠺᠰ᠎ᠤᠨ ᠦᠵᠡᠯ᠎ᠦᠨ ᠲᠦᠷᠦ᠎ᠶᠢᠨ ᠨᠠᠮ᠎ᠢ ᠪᠠᠶ᠋ᠢᠭᠤᠯᠬᠤ᠂ ᠬᠡᠷᠬᠢᠨ ᠤᠷᠳᠤ ᠬᠤᠭᠤᠴᠠᠭ᠎ᠠ᠎ᠪᠠᠷ ᠲᠦᠷᠦ ᠪᠠᠷᠢᠬᠤ ᠮᠠᠷᠺᠰ᠎ᠤᠨ ᠦᠵᠡᠯ᠎ᠦᠨ ᠲᠦᠷᠦ᠎ᠶᠢᠨ ᠨᠠᠮ᠎ᠢ ᠪᠠᠶ᠋ᠢᠭᠤᠯᠬᠤ ᠴᠢᠬᠤᠯᠠ ᠶᠡᠬᠡ ᠴᠠᠭ ᠦᠶ᠎ᠡ᠎ᠶᠢᠨ ᠰᠡᠳᠦᠪ᠎ᠲᠠᠢ ᠤᠶᠠᠯᠳᠤᠭᠤᠯᠤᠨ᠂ ᠠᠯᠢ ᠤᠯᠠᠨ ᠰᠢᠨ᠎ᠡ ᠣᠢᠯᠠᠭᠠᠭᠳᠠᠬᠤᠨ ᠰᠢᠨ᠎ᠡ ᠦᠵᠡᠯ ᠰᠠᠨᠠᠭ᠎ᠠ ᠰᠢᠨ᠎ᠡ ᠪᠠᠢᠯᠳᠤᠬᠤ ᠪᠣᠳᠣᠯᠭ᠎ᠠ᠎ᠶᠢ ᠳᠤᠷᠠᠳᠤᠨ ᠭᠠᠷᠭᠠᠵᠤ᠂ ᠰᠢ ᠵᠢᠨ ᠫᠢᠩ᠎ᠦᠨ ᠨᠠᠮ᠎ᠤᠨ ᠪᠠᠢᠭᠤᠯᠤᠯᠲᠠ᠎ᠶᠢᠨ ᠦᠵᠡᠯ ᠰᠠᠨᠠᠭ᠎ᠠ᠎ᠶᠢ ᠪᠤᠢ ᠪᠣᠯᠭᠠᠪᠠ᠃

ᠵᠠᠭᠤ ᠭᠠᠷᠤᠢ ᠵᠢᠯ᠎ᠦᠨ ᠰᠠᠯᠬᠢ ᠪᠣᠷᠣᠭᠠᠨ᠎ᠢ ᠥᠩᠭᠡᠷᠡᠭᠦᠯᠵᠦ᠂ ᠢᠯᠠᠩᠭᠤᠶ᠎ᠠ ᠰᠢᠨ᠎ᠡ ᠴᠠᠭ ᠦᠶ᠎ᠡ᠎ᠡᠴᠡ ᠨᠠᠭᠠᠰᠢ᠂ ᠳᠤᠮᠳᠠᠳᠤ ᠤᠯᠤᠰ᠎ᠤᠨ ᠡᠪ ᠬᠠᠮᠲᠤ ᠨᠠᠮ ᠬᠤᠪᠢᠰᠬᠠᠯᠲᠤ ᠴᠢᠨᠠᠷᠲᠠᠢ ᠳᠠᠪᠲᠠᠯᠲᠠ ᠳᠤᠮᠳᠠ ᠨᠡᠩ ᠡᠷᠡᠰ ᠴᠢᠩᠭ᠎ᠠ ᠬᠦᠴᠦᠨ᠎ᠲᠠᠢ᠂ ᠨᠡᠩ ᠠᠮᠢᠵᠢᠷᠠᠯ᠎ᠤᠨ ᠬᠦᠴᠦᠨ᠎ᠲᠠᠢ ᠪᠣᠯᠵᠤ᠂ ᠳᠤᠮᠳᠠᠳᠤ᠎ᠶᠢᠨ ᠦᠨᠳᠦᠰᠦᠲᠡᠨ᠎ᠦ ᠨᠡᠷ᠎ᠡ ᠨᠢᠳᠡᠷ᠎ᠲᠡᠬᠡᠨ ᠨᠡᠢᠴᠡᠭᠰᠡᠨ ᠪᠠᠲᠤ ᠴᠢᠩᠭ᠎ᠠ ᠤᠳᠤᠷᠢᠳᠬᠤ ᠭᠣᠣᠯᠯᠠᠭ᠍ᠴᠢ ᠪᠣᠯᠵᠠᠢ᠃

ᠬᠠᠯᠠ ᠵᠣᠪᠠᠯᠠᠩ᠎ᠢ ᠬᠠᠰᠢᠷᠠᠳᠠᠯ᠎ᠠ ᠠᠮᠰᠠᠭᠰᠠᠨ᠎ᠴᠤ ᠲᠡᠮᠡᠴᠡᠯ᠎ᠦᠨ ᠵᠣᠷᠢᠭ᠋ ᠤᠯᠠᠮ ᠪᠡᠬᠢᠵᠢᠵᠦ᠂ ᠮᠢᠩᠭᠠᠨᠳᠠ ᠳᠠᠪᠳᠠᠵᠤ ᠳᠦᠮᠡᠨᠳᠡ ᠪᠤᠯᠪᠠᠰᠤᠷᠠᠵᠤ ᠤᠯᠠᠮ ᠪᠠᠲᠤᠵᠢᠪᠠ᠃

ᠶᠡᠷᠦᠩᠬᠡᠢ ᠱᠦᠵᠢ ᠰᠢ ᠵᠢᠨ ᠫᠢᠩ᠄ 《ᠥᠨᠥᠳᠥᠷ᠂ ᠮᠠᠨ᠎ᠤ ᠨᠠᠮ ᠨᠢᠭᠡᠨᠲᠡ ᠪᠦᠬᠦ ᠪᠥᠮᠪᠥᠷᠴᠡᠭ᠎ᠦᠨ ᠴᠢᠬᠤᠯᠠ ᠶᠡᠬᠡ ᠨᠥᠯᠥᠭᠡᠯᠡᠬᠦ ᠬᠦᠴᠦᠨ᠎ᠲᠠᠢ ᠳᠡᠯᠡᠬᠡᠢ᠎ᠶᠢᠨ ᠨᠢᠭᠡᠳᠦᠭᠡᠷ ᠳᠤᠮᠤ ᠲᠦᠷᠦ ᠪᠠᠷᠢᠭ᠍ᠴᠢ ᠨᠠᠮ ᠪᠣᠯᠣᠨ ᠬᠥᠭᠵᠢᠵᠦ᠂ ᠠᠷᠠᠳ ᠲᠦᠮᠡᠨ᠎ᠦ ᠴᠢᠩ ᠰᠡᠳᠬᠢᠯ᠎ᠦᠨ ᠬᠦᠷᠢᠶᠡᠯᠡᠯ ᠪᠠ ᠳᠡᠮᠵᠢᠯᠭᠡ᠎ᠶᠢ ᠣᠯᠵᠤ᠂ ᠳᠤᠮᠳᠠᠳᠤ ᠤᠯᠤᠰ᠎ᠤᠨ ᠣᠨᠴᠠᠯᠢᠭ᠋᠎ᠪᠦᠬᠦᠢ ᠨᠡᠢᠭᠡᠮ ᠵᠢᠷᠤᠮ᠎ᠤᠨ ᠦᠢᠯᠡᠰ᠎ᠦᠨ ᠪᠠᠲᠤ ᠴᠢᠩᠭ᠎ᠠ ᠤᠳᠤᠷᠢᠳᠬᠤ ᠭᠣᠣᠯᠯᠠᠭ᠍ᠴᠢ ᠪᠠᠢᠵᠤ᠂ ᠠᠭᠤᠤ ᠶᠡᠬᠡ ᠢᠷᠠᠭᠤ ᠠᠯᠳᠠᠷᠲᠠᠢ ᠵᠥᠪ ᠣᠨᠣᠪᠴᠢᠲᠠᠢ ᠨᠠᠮ ᠪᠣᠯᠤᠭᠰᠠᠨ ᠪᠠᠢᠨ᠎ᠠ》 ᠭᠡᠵᠦ ᠲᠦᠪ ᠴᠢᠩᠭ᠎ᠠ ᠨᠡᠢᠳᠡᠯᠡᠪᠡ᠃

ᠤᠷᠤᠭᠰᠢᠯᠠᠯᠲᠠ᠎ᠶᠢᠨ ᠵᠠᠮ ᠳᠡᠭᠡᠷ᠎ᠡ᠂ ᠤᠷᠤᠰᠬᠠᠯ᠎ᠤᠨ ᠳᠤᠮᠳᠠ ᠲᠤᠯᠭᠠᠭᠤᠷᠢ ᠪᠤᠯᠵᠤ᠂ ᠨᠠᠮ᠎ᠤᠨ ᠤᠳᠤᠷᠢᠳᠤᠯᠭ᠎ᠠ ᠬᠠᠳᠠ ᠴᠢᠯᠠᠭᠤ ᠮᠡᠲᠦ ᠪᠠᠲᠤ ᠪᠡᠬᠢ ᠪᠢᠯᠡ᠃

ᠭᠤᠷᠪᠠᠨ ᠬᠠᠪᠴᠢᠯ᠎ᠤᠨ ᠤᠰᠤᠨ ᠲᠡᠭᠡᠭᠡᠪᠦᠷᠢ᠎ᠶᠢᠨ ᠰᠢᠨ᠎ᠡ ᠵᠠᠮ ᠵᠡᠷᠭᠡ ᠴᠢᠬᠤᠯᠠ ᠶᠡᠬᠡ ᠢᠨᠵᠧᠨᠧᠷᠢᠩ᠎ᠢ ᠡᠬᠢᠯᠡᠨ ᠪᠠᠢᠭᠤᠯᠵᠤ᠂ ᠠᠵᠢᠯ ᠣᠯᠭᠣᠯᠲᠠ᠂ ᠰᠤᠷᠭᠠᠨ ᠬᠥᠮᠦᠵᠢᠯ᠂ ᠡᠨᠧᠷᠭᠢ ᠵᠡᠷᠭᠡ ᠬᠦᠷᠢᠶᠡᠨ᠎ᠦ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠤᠰᠬᠠᠢ ᠲᠥᠯᠦᠪᠵᠢᠭᠦᠯᠭᠡ᠎ᠶᠢ ᠵᠠᠯᠭᠠᠭ᠎ᠠ᠎ᠪᠠᠷ ᠨᠡᠢᠲᠡᠯᠡᠪᠡ ᠁ 2026 ᠣᠨ᠎ᠤ ᠳᠤᠮᠳᠠᠴᠢ ᠪᠣᠯᠲᠠᠯ᠎ᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠦᠨ ᠬᠢᠨ ᠨᠠᠮ᠎ᠤᠨ ᠲᠥᠪ ᠬᠤᠷᠢᠶ᠎ᠠ᠎ᠶᠢᠨ ᠨᠢᠭᠡᠨᠲᠡ ᠲᠣᠭᠲᠠᠭᠠᠭᠰᠠᠨ ᠪᠠᠢᠯᠳᠤᠬᠤ ᠪᠣᠳᠣᠯᠭ᠎ᠠ᠎ᠶᠢᠨ ᠪᠠᠢᠷᠢᠯᠠᠭᠤᠯᠤᠯᠲᠠ᠎ᠶᠢ ᠪᠠᠳᠤ ᠡᠵᠡᠮᠳᠡᠵᠦ᠂ ᠪᠣᠳᠠᠲᠠᠢ᠎ᠶᠢ ᠡᠷᠬᠢᠮᠯᠡᠭᠰᠡᠨ ᠠᠷᠭ᠎ᠠ ᠬᠡᠮᠵᠢᠶ᠎ᠡ᠎ᠪᠡᠷ 《ᠠᠷᠪᠠᠨ ᠲᠠᠪᠤᠳᠤᠭᠠᠷ ᠲᠠᠪᠤᠨ ᠵᠢᠯ》 ᠢ᠋ ᠰᠠᠢᠳᠤᠷ ᠡᠬᠢᠯᠡᠬᠦᠯᠬᠦ ᠵᠢ ᠬᠦᠴᠦᠯᠡᠨ ᠪᠡᠶᠡᠯᠡᠭᠦᠯᠪᠡ᠃

ᠨᠠᠮ᠎ᠤᠨ ᠪᠦᠬᠦ ᠲᠠᠯ᠎ᠠ᠎ᠶᠢᠨ ᠤᠳᠤᠷᠢᠳᠤᠯᠭ᠎ᠠ᠎ᠶᠢ ᠪᠠᠷᠢᠮᠲᠠᠯᠠᠨ ᠴᠢᠩᠭᠠᠳᠬᠠᠬᠤ ᠪᠣᠯ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶᠢ ᠠᠬᠢᠭᠤᠯᠬᠤ ᠦᠨᠳᠦᠰᠦᠨ ᠪᠠᠲᠤᠯᠠᠭ᠎ᠠ ᠮᠥᠨ᠃ ᠶᠡᠷᠦᠩᠬᠡᠢ ᠱᠦᠵᠢ ᠰᠢ ᠵᠢᠨ ᠫᠢᠩ᠄ 《ᠪᠠᠢᠳᠠᠯ ᠬᠡᠳᠦᠢ ᠪᠤᠳᠤᠯᠢᠶᠠᠨᠲᠠᠢ ᠬᠤᠪᠢᠷᠠᠯᠲᠠ ᠶᠡᠬᠡᠳᠡᠢ ᠪᠤᠯᠬᠤ ᠳᠤᠳᠤᠮ᠂ ᠡᠭᠦᠷᠭᠡ ᠬᠡᠳᠦᠢ ᠪᠡᠷᠬᠡ ᠬᠠᠲᠠᠭᠤᠵᠢᠯᠲᠠᠢ ᠪᠤᠯᠬᠤ ᠳᠤᠳᠤᠮ᠂ ᠨᠠᠮ᠎ᠤᠨ ᠤᠳᠤᠷᠢᠳᠤᠯᠭ᠎ᠠ ᠵᠢ ᠲᠡᠳᠦᠢ ᠰᠠᠢᠲᠤᠷ ᠪᠠᠷᠢᠮᠲᠠᠯᠠᠵᠤ᠂ ᠰᠠᠢᠲᠤᠷ ᠬᠡᠷᠡᠭᠯᠡᠵᠦ᠂ ᠰᠠᠢᠲᠤᠷ ᠬᠥᠭᠵᠢᠭᠦᠯᠬᠦ ᠬᠡᠷᠡᠭᠲᠡᠢ》 ᠭᠡᠵᠦ ᠴᠢᠬᠤᠯᠠᠴᠢᠯᠠᠪᠠ᠃

ᠠᠭᠤᠯᠠ ᠨᠢᠷᠤᠭᠤᠳ᠎ᠤᠨ ᠰᠦᠷ ᠳᠠᠯᠠᠢᠴᠠᠲᠠᠢ᠎ᠶᠢ ᠭᠣᠣᠯ ᠣᠷᠭᠢᠯ ᠡᠴᠡ ᠬᠠᠷᠠᠵᠤ᠂ ᠨᠡᠯᠦᠭᠡᠷ  ᠶᠡᠬᠡ ᠳᠠᠯᠠᠢ᠎ᠲᠠᠩᠭᠢᠰ ᠲᠦ᠍ ᠬᠡᠷᠡᠯᠳᠦ ᠴᠠᠮᠬᠠᠭ᠎ᠢ ᠪᠠᠷᠠᠯᠠᠨ᠎ᠠ᠃ ᠢᠷᠡᠭᠰᠡᠨ ᠵᠠᠮ᠎ᠢᠶᠠᠨ ᠡᠷᠭᠢᠴᠡᠭᠦᠯᠬᠦᠶ᠎ᠡ᠂ ᠨᠠᠮ ᠡᠴᠡ ᠠᠷᠠᠳ ᠲᠦᠮᠡᠨ᠎ᠢ ᠤᠳᠤᠷᠢᠳᠤᠨ ᠬᠦᠴᠢᠷ ᠪᠡᠷᠬᠡᠰᠢᠶᠡᠯ᠎ᠦᠨ ᠳᠤᠮᠳᠠ ᠠᠶᠠᠯᠠᠵᠤ᠂ ᠬᠤᠪᠢᠰᠤᠯᠲᠠ᠎ᠶᠢᠨ ᠳᠤᠮᠳᠠ ᠡᠷᠡᠮᠡᠬᠡᠢᠯᠡᠨ ᠤᠷᠤᠭᠰᠢᠯᠠᠵᠤ᠂ ᠠᠯᠢ ᠤᠯᠠᠨ ᠪᠣᠳᠠᠲᠤ ᠬᠡᠷᠡᠭ ᠨᠢ ᠳᠤᠮᠳᠠᠳᠤ ᠤᠯᠤᠰ᠎ᠤᠨ ᠡᠪ ᠬᠠᠮᠲᠤ ᠨᠠᠮ ᠬᠢᠵᠠᠭᠠᠯᠠᠰᠢ ᠦᠭᠡᠢ ᠪᠠᠲᠤ ᠴᠢᠩᠭ᠎ᠠ ᠤᠳᠤᠷᠢᠳᠬᠤ ᠬᠦᠴᠦᠨ᠎ᠲᠠᠢ᠂ ᠰᠠᠯᠬᠢ ᠪᠣᠷᠣᠭᠠᠨ ᠢᠷᠡᠬᠦ ᠦᠶ᠎ᠡ᠎ᠳᠦ ᠳᠤᠮᠳᠠᠳᠤ ᠤᠯᠤᠰ᠎ᠤᠨ ᠠᠷᠠᠳ ᠲᠦᠮᠡᠨ᠎ᠦ ᠬᠠᠮᠤᠭ᠎ᠤᠨ ᠨᠠᠢᠳᠠᠪᠤᠷᠢᠲᠠᠢ ᠲᠦᠰᠢᠭ ᠲᠤᠯᠭᠠᠭᠤᠷᠢ ᠮᠦᠨ ᠭᠡᠳᠡᠭ᠎ᠢ ᠮᠠᠷᠭᠤᠰᠢ ᠦᠭᠡᠢ ᠭᠡᠷᠡᠴᠢᠯᠡᠪᠡ᠃

ᠰᠢᠨ᠎ᠡ ᠠᠶᠠᠨ᠎ᠳᠤ ᠠᠯᠬᠤᠨ ᠤᠷᠤᠵᠤ᠂ ᠡᠭᠦᠷᠭᠡ ᠬᠡᠳᠦᠢ ᠬᠠᠲᠠᠭᠤ ᠪᠡᠷᠬᠡ᠂ ᠬᠡᠳᠦᠢ ᠬᠦᠨᠳᠦ ᠶᠡᠬᠡ ᠪᠣᠯᠬᠤ ᠲᠤᠳᠤᠮ ᠡᠷᠬᠡᠪᠰᠢ 《ᠬᠣᠶᠠᠷ᠎ᠢ ᠲᠤᠭᠳᠠᠭᠠᠭᠰᠠᠨ》 ᠤ᠋ ᠰᠢᠢᠳᠪᠦᠷᠢᠯᠡᠭᠴᠢ ᠠᠴᠢ ᠬᠣᠯᠪᠣᠭᠳᠠᠯ᠎ᠢ ᠨᠡᠩ ᠭᠦᠨᠵᠡᠭᠡᠢ ᠣᠢᠯᠠᠭᠠᠵᠤ᠂ 《ᠬᠣᠶᠠᠷ᠎ᠢ ᠬᠠᠮᠠᠭᠠᠯᠠᠬᠤ》 ᠶ᠋ᠢ ᠨᠡᠩ ᠡᠷᠡᠰ ᠪᠡᠶᠡᠯᠡᠭᠦᠯᠵᠦ᠂ ᠨᠠᠮ᠎ᠤᠨ ᠪᠦᠬᠦ ᠲᠠᠯ᠎ᠠ᠎ᠶᠢᠨ ᠤᠳᠤᠷᠢᠳᠤᠯᠭ᠎ᠠ᠎ᠶᠢ ᠡᠷᠡᠰ ᠭᠤᠢᠪᠢᠰᠢ ᠦᠭᠡᠢ ᠪᠠᠷᠢᠮᠲᠠᠯᠠᠨ ᠴᠢᠩᠭᠠᠳᠬᠠᠵᠤ᠂ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠦᠢᠯᠡᠰ ᠢᠮᠠᠭᠲᠠ ᠵᠥᠪ ᠴᠢᠭᠯᠡᠯ᠎ᠢᠶᠡᠷ ᠯᠠᠪᠳᠠᠭᠤᠨ᠎ᠢᠶᠠᠷ ᠤᠷᠤᠭᠰᠢᠯᠠᠬᠤ᠎ᠶᠢ ᠪᠠᠲᠤᠯᠠᠬᠤ ᠬᠡᠷᠡᠭᠲᠡᠢ᠃

ᠤᠷᠤᠭᠰᠢᠯᠠᠯᠲᠠ᠎ᠶᠢᠨ ᠵᠠᠮ ᠳᠡᠭᠡᠷ᠎ᠡ᠂ ᠲᠦᠮᠡᠨ ᠤᠯᠠᠨ᠎ᠢᠶᠠᠷ᠎ᠢᠶᠠᠨ ᠰᠡᠳᠬᠢᠯ ᠨᠢᠭᠡᠳᠦᠨ ᠬᠦᠴᠦ᠎ᠪᠡᠨ ᠬᠠᠮᠲᠤᠳᠬᠠᠵᠤ᠂ ᠪᠦᠯᠬᠦᠮᠳᠡᠨ ᠲᠡᠮᠡᠴᠡᠬᠦ ᠨᠢ ᠬᠣᠷᠢᠭ᠍ᠯᠠᠭᠳᠠᠰᠢ ᠦᠭᠡᠢ ᠶᠤᠮ᠃

《ᠨᠠᠮ᠎ᠤᠨ ᠵᠣᠬᠢᠶᠠᠨ ᠪᠠᠢᠭᠤᠯᠤᠯᠲᠠ ᠪᠣᠯ ᠬᠠᠮᠤᠭ᠎ᠤᠨ ᠶᠡᠬᠡ ᠲᠦᠰᠢᠭ᠂ ᠨᠠᠮ᠎ᠤᠨ ᠭᠡᠰᠢᠭᠦᠨ ᠪᠣᠯ ᠬᠠᠮᠤᠭ᠎ᠤᠨ ᠶᠡᠬᠡ ᠡᠬᠢ ᠪᠠᠶᠠᠯᠢᠭ᠋ ᠮᠥᠨ᠃ ᠮᠢᠩᠭᠠᠨ ᠬᠦᠴᠢᠷ ᠲᠦᠮᠡᠨ ᠪᠡᠷᠬᠡ ᠪᠠᠢᠭᠰᠠᠨ ᠴᠤ᠌ ᠪᠦᠯᠬᠦᠮᠳᠡᠨ ᠨᠢᠭᠡᠳᠴᠦ ᠠᠵᠢᠯ ᠬᠢᠪᠡᠯ ᠬᠦᠴᠢᠷ ᠶᠠᠪᠤᠳᠠᠯ ᠭᠡᠵᠦ ᠦᠭᠡᠢ ᠶᠤᠮ》᠃ ᠠᠷᠠᠳ᠎ᠤᠨ ᠶᠡᠬᠡ ᠬᠤᠷᠠᠯ᠎ᠤᠨ ᠳᠠᠩᠬᠢᠮ᠎ᠳᠦ᠂ 《7·1 ᠤ᠋ ᠭᠠᠪᠢᠶᠠᠨ ᠲᠡᠮᠳᠡᠭ》 ᠬᠦᠷᠲᠡᠭᠴᠢ᠂ ᠭᠢᠷᠢᠨ ᠮᠤᠵᠢ᠎ᠶᠢᠨ ᠴᠠᠩᠴᠦ᠋ᠨ ᠬᠣᠲᠠ᠎ᠶᠢᠨ ᠺᠤᠸᠠᠨᠴᠧᠩ ᠲᠣᠭᠣᠷᠢᠭ᠋᠎ᠤᠨ ᠴᠠᠩ ᠱᠠᠨ ᠬᠤᠸᠠ ᠶᠤᠸᠠᠨ ᠨᠡᠢᠭᠡᠮ ᠲᠣᠭᠣᠷᠢᠭ᠋᠎ᠤᠨ ᠨᠠᠮ᠎ᠤᠨ ᠬᠤᠷᠢᠶ᠎ᠠ᠎ᠶᠢᠨ ᠨᠢᠭᠡᠳᠦᠭᠡᠷ ᠱᠦᠵᠢ ᠦ᠋ ᠶᠠ ᠴᠢᠨ᠎ᠦ ᠶᠠᠷᠢᠶ᠎ᠠ ᠨᠢ ᠪᠣᠷᠣᠭᠵᠢᠭᠤᠨ ᠪᠤᠯᠪᠠᠴᠤ ᠬᠦᠴᠦᠲᠡᠢ ᠪᠠᠢᠵᠤ᠂ ᠣᠯᠠᠨ᠎ᠤ ᠬᠦᠷᠢᠶᠡᠯᠡᠯ᠎ᠢ ᠣᠯᠣᠭᠰᠠᠨ ᠪᠠᠢᠨ᠎ᠠ᠃

30 ᠭᠠᠷᠤᠢ ᠵᠢᠯ᠎ᠦᠨ ᠦᠨᠳᠦᠰᠦᠨ ᠱᠠᠲᠤᠨ᠎ᠳᠤ ᠦᠩᠭᠡᠷᠡᠭᠡᠭᠰᠡᠨ ᠤᠨ ᠰᠠᠷ᠎ᠠ᠎ᠤᠳ᠎ᠲᠦ᠂ ᠦ᠋ ᠶᠠ ᠴᠢᠨ ᠠᠷᠠᠳ᠎ᠤᠨ ᠠᠮᠢᠳᠤᠷᠠᠯ᠎ᠤᠨ ᠵᠢᠵᠢᠭ ᠶᠠᠪᠤᠳᠠᠯ᠎ᠢ ᠣᠯᠠᠨ ᠲᠦᠮᠡᠨ᠎ᠦ ᠰᠡᠳᠬᠢᠯ᠎ᠳᠦ ᠬᠦᠷᠲᠡᠯ᠎ᠡ ᠬᠢᠬᠦ᠎ᠶᠢ ᠪᠠᠷᠢᠮᠲᠠᠯᠠᠵᠤ᠂ ᠦᠨᠡᠨ ᠰᠡᠳᠬᠢᠯᠭᠡ᠎ᠪᠡᠷ ᠬᠥᠷᠰᠢ ᠵᠡᠷᠭᠡᠯᠡᠳᠡᠭᠡ᠎ᠶᠢᠨ᠎ᠢᠶᠡᠨ ᠰᠡᠳᠬᠢᠯ ᠨᠢᠭᠡᠳᠦᠨ ᠰᠠᠢᠨ ᠰᠠᠢᠬᠠᠨ᠎ᠢ ᠵᠤᠷᠢᠬᠤ ᠬᠦᠴᠦᠷᠬᠡᠭ ᠶᠡᠬᠡ ᠬᠦᠴᠦᠨ᠎ᠢ ᠨᠢᠭ᠍ᠲᠠᠷᠠᠭᠤᠯᠪᠠ᠃ 《ᠨᠡᠢᠭᠡᠮ ᠲᠣᠭᠣᠷᠢᠭ᠋᠎ᠤᠨ ᠺᠠᠳ᠋ᠷ 〈ᠭᠠᠯ ᠪᠠᠮᠪᠠᠷ〉 ᠪᠣᠯᠵᠤ᠂ ᠤᠯᠠᠨ᠎ᠤ ᠰᠡᠳᠬᠢᠯ᠎ᠢ ᠳᠤᠯᠠᠭᠠᠴᠠᠭᠤᠯᠬᠤ ᠬᠡᠷᠡᠭᠳᠡᠢ》᠃ ᠦ᠋ ᠶᠠ ᠴᠢᠨ᠂ ᠪᠢᠳᠡ ᠡᠷᠬᠡᠪᠰᠢ ᠥᠷᠭᠡᠨ ᠤᠯᠠᠨ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠨᠠᠮ᠎ᠤᠨ ᠦᠭᠡ᠎ᠶᠢ ᠰᠣᠨᠣᠰᠴᠤ᠂ ᠨᠠᠮ᠎ᠢᠶᠠᠨ ᠲᠠᠭᠠᠵᠤ᠂ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶᠢᠨ ᠲᠠᠢ᠍ᠢᠴᠢᠨ ᠪᠡᠬᠢᠯᠡᠯᠲᠡ᠎ᠶᠢ ᠪᠠᠢᠭᠤᠯᠤᠨ ᠬᠦᠴᠦᠷᠬᠡᠭᠵᠢᠭᠦᠯᠵᠦ᠂ ᠨᠠᠮ᠎ᠤᠨ ᠰᠡᠳᠬᠢᠯ ᠪᠣᠯᠣᠨ ᠠᠷᠠᠳ᠎ᠤᠨ ᠰᠡᠳᠬᠢᠯ᠎ᠢ ᠨᠡᠩ ᠨᠢᠭ᠍ᠲᠠ ᠪᠣᠯᠭᠠᠬᠤ ᠬᠡᠷᠡᠭᠲᠡᠢ ᠭᠡᠪᠡ᠃

ᠬᠦᠴᠢᠷ᠎ᠢ ᠲᠤᠭᠤᠯᠤᠨ ᠪᠡᠷᠬᠡ᠎ᠶᠢ ᠳᠠᠪᠠᠬᠤ ᠲᠤᠳᠤᠮ ᠪᠦᠯᠬᠦᠮᠳᠡᠨ ᠨᠢᠭᠡᠳᠬᠦ ᠬᠡᠷᠡᠭᠲᠡᠢ; ᠳᠠᠪᠠᠭ᠎ᠠ ᠰᠠᠭᠠᠳ᠎ᠢ ᠳᠠᠪᠠᠬᠤ ᠲᠤᠲᠤᠮ ᠠᠯᠬᠤᠮ᠎ᠢᠶᠠᠨ ᠨᠢᠭᠡᠳᠬᠡᠬᠦ ᠬᠡᠷᠡᠭᠲᠡᠢ᠃

ᠬᠤᠪᠢᠰᠬᠠᠯ᠎ᠤᠨ ᠴᠠᠭ ᠦᠶ᠎ᠡ᠎ᠳᠦ 《ᠲᠦᠭ ᠲᠦᠮᠡᠨ ᠠᠵᠢᠯᠴᠢᠨ ᠲᠠᠷᠢᠶᠠᠴᠢᠨ᠎ᠢ ᠤᠷᠢᠶᠠᠯᠠᠵᠤ᠂ ᠰᠡᠳᠬᠢᠯ ᠨᠢᠭᠡᠳᠦᠨ ᠠᠵᠢᠯᠯᠠᠭᠰᠠᠨ》 ᠡᠴᠡ ᠥᠭᠡᠷᠡᠴᠢᠯᠡᠯᠲᠡ ᠨᠡᠭᠡᠭᠡᠯᠲᠡ᠎ᠶᠢᠨ ᠡᠬᠢᠨ᠎ᠦ ᠦᠶ᠎ᠡ᠎ᠳᠦ 《ᠪᠦᠯᠬᠦᠮᠳᠡᠨ ᠨᠢᠭᠡᠳᠴᠦ ᠬᠤᠯᠠ᠎ᠶᠢ ᠬᠠᠷᠠᠬᠤ》 ᠶ᠋ᠢ ᠤᠷᠢᠶᠠᠯᠠᠭᠰᠠᠨ ᠬᠦᠷᠲᠡᠯ᠎ᠡ᠂ ᠲᠠᠬᠢᠭᠠᠳ ᠰᠢᠨ᠎ᠡ ᠴᠠᠭ ᠦᠶ᠎ᠡ᠎ᠳᠦ ᠨᠠᠮ᠎ᠤᠨ ᠲᠤᠭ᠎ᠤᠨ ᠳᠣᠣᠷ᠎ᠠ 《ᠪᠠᠲᠤ ᠪᠡᠬᠢ ᠪᠣᠯᠣᠳ ᠲᠡᠮᠦᠷ》 ᠪᠣᠯᠵᠤ ᠪᠦᠯᠬᠦᠮᠳᠡᠬᠦ᠎ᠶᠢ ᠴᠢᠬᠤᠯᠠᠴᠢᠯᠠᠬᠤ ᠬᠦᠷᠲᠡᠯ᠎ᠡ ᠁ ᠨᠠᠮ᠎ᠤᠨ ᠲᠡᠦᠬᠡ ᠪᠣᠯ ᠳᠠᠷᠤᠢ ᠨᠠᠮ ᠡᠴᠡ ᠠᠷᠠᠳ ᠲᠦᠮᠡᠨ᠎ᠢ ᠳᠠᠭᠠᠭᠤᠯᠤᠨ ᠪᠦᠯᠬᠦᠮᠳᠡᠨ ᠲᠡᠮᠡᠴᠡᠵᠦ᠂ ᠲᠠᠰᠤᠷᠠᠯᠳᠠ ᠦᠭᠡᠢ ᠢᠯᠠᠯᠲᠠ ᠣᠯᠣᠭᠰᠠᠨ ᠲᠡᠮᠡᠴᠡᠯ᠎ᠦᠨ ᠲᠡᠦᠬᠡ ᠪᠣᠯᠣᠨ᠎ᠠ᠃

ᠬᠠᠷᠰᠢ ᠰᠠᠭᠠᠳ᠎ᠢ ᠢᠯᠠᠨ ᠳᠠᠪᠠᠵᠤ᠂ ᠰᠠᠯᠬᠢ ᠪᠣᠷᠣᠭᠠᠨ ᠲᠠᠢ ᠤᠷᠳᠤ ᠠᠶᠠᠨ᠎ᠢ ᠲᠤᠭᠤᠯᠪᠠ᠃ ᠦᠷᠭᠦᠯᠵᠢᠯᠡᠨ ᠲᠡᠮᠡᠴᠡᠵᠦ᠂ ᠬᠦᠰᠡᠯ ᠵᠡᠭᠦᠳᠦ᠎ᠪᠡᠨ ᠲᠡᠷᠭᠡᠯᠰᠢᠭᠦᠯᠬᠦ ᠰᠡᠷᠭᠦᠨ ᠮᠠᠨᠳᠤᠯᠲᠠ᠎ᠶᠢᠨ ᠠᠶᠠᠨ᠎ᠢ ᠬᠦᠭᠡᠭᠡᠴᠡᠯᠳᠦᠨ᠎ᠡ᠃

ᠰᠢᠨ᠎ᠡ ᠠᠶᠠᠨ᠎ᠳᠤ᠂ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭᠰᠠᠨ ᠨᠠᠮ᠎ᠤᠨ ᠲᠥᠪ ᠬᠤᠷᠢᠶ᠎ᠠ᠎ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠮᠠᠨ᠎ᠤ ᠨᠠᠮ᠎ᠢᠶᠠᠨ ᠨᠡᠩ ᠬᠦᠴᠦᠷᠬᠡᠭ ᠶᠡᠬᠡ ᠪᠣᠯᠭᠠᠨ ᠳᠠᠪᠲᠠᠨ ᠪᠣᠯᠪᠠᠰᠤᠷᠠᠭᠤᠯᠵᠤ᠂ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠰᠡᠷᠭᠦᠨ ᠮᠠᠨᠳᠤᠯᠲᠠ᠎ᠶᠢᠨ ᠡᠷᠴᠢ ᠵᠣᠷᠢᠭ᠋᠎ᠢ ᠬᠥᠪᠴᠢᠯᠡᠵᠦ᠂ ᠪᠦᠯᠬᠦᠮᠳᠡᠯ᠎ᠦᠨ ᠬᠦᠴᠦᠨ᠎ᠢ ᠨᠢᠭ᠍ᠲᠠᠷᠠᠭᠤᠯᠵᠤ᠂ ᠳᠤᠤᠭᠠᠷᠪᠠᠯ ᠲᠠᠭᠤ ᠨᠢᠭᠡᠲᠡᠢ ᠳᠤᠭᠲᠤᠷᠪᠠᠯ ᠬᠦᠴᠦᠨ ᠨᠢᠭᠡᠲᠡᠢ ᠪᠠᠢᠵᠤ᠂ ᠰᠠᠯᠬᠢ ᠪᠣᠷᠣᠭᠠᠨ᠎ᠳᠤ ᠰᠠᠭᠠᠲᠠᠯ ᠦᠭᠡᠢ ᠤᠷᠤᠭᠰᠢᠯᠠᠪᠠᠯ᠂ ᠯᠠᠪᠲᠠᠢ ᠰᠢᠨ᠎ᠡ ᠠᠭᠤᠤ ᠶᠡᠬᠡ ᠲᠡᠮᠡᠴᠡᠯ᠎ᠢᠶᠡᠷ ᠲᠡᠦᠬᠡ᠎ᠶᠢᠨ ᠰᠢᠨ᠎ᠡ ᠭᠡᠷᠡᠯ ᠰᠠᠴᠤᠷᠠᠩᠭᠤᠢ ᠠᠮᠵᠢᠯᠲᠠ᠎ᠶᠢ ᠡᠭᠦᠳᠴᠦ ᠴᠢᠳᠠᠨ᠎ᠠ᠃

(ᠰᠢᠨᠬᠤᠸᠠ ᠬᠣᠷᠢᠶ᠎ᠠ ᠵᠢᠨ ᠪᠡᠭᠡᠵᠢᠩ᠎ᠦᠨ  ᠴᠠᠬᠢᠯᠭᠠᠨ ᠮᠡᠳᠡᠭᠡ ᠡᠴᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号