ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶ᠎ᠠ ᠵᠢᠨ ᠬᠣᠷᠢ ᠶᠢᠰᠦᠳᠦᠭᠡᠷ ᠬᠤᠷᠠᠯ᠎ᠢ 7 ᠰᠠᠷ᠎ᠠ᠎ᠶᠢᠨ 27 ᠡᠴᠡ 29 ᠤ᠋ ᠡᠳᠦᠷ ᠪᠣᠯᠲᠠᠯ᠎ᠠ ᠬᠤᠷᠠᠯᠳᠤᠭᠤᠯᠬᠤ᠎ᠪᠠᠷ ᠲᠣᠭᠲᠠᠵᠠᠢ
7 ᠰᠠᠷ᠎ᠠ᠎ᠶᠢᠨ 20 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶ᠎ᠠ 92 ᠳ᠋ᠤᠭᠠᠷ ᠤᠳᠠᠭ᠎ᠠ᠎ᠶᠢᠨ ᠡᠷᠬᠢᠯᠡᠭᠴᠢᠳ᠎ᠦᠨ ᠬᠤᠷᠠᠯ ᠬᠢᠪᠡ᠃ ᠬᠤᠷᠠᠯ᠎ᠠᠴᠠ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶ᠎ᠠ ᠵᠢᠨ ᠬᠣᠷᠢ ᠶᠢᠰᠦᠳᠦᠭᠡᠷ ᠬᠤᠷᠠᠯ᠎ᠢ 7 ᠰᠠᠷ᠎ᠠ᠎ᠶᠢᠨ 27 ᠡᠴᠠ 29 ᠤ᠋ ᠡᠳᠦᠷ ᠪᠣᠯᠲᠠᠯ᠎ᠠ ᠬᠥᠬᠡᠬᠣᠲᠠ᠎ᠳᠤ ᠬᠤᠷᠠᠯᠳᠤᠭᠤᠯᠬᠤ᠎ᠪᠠᠷ ᠲᠣᠭᠲᠠᠵᠠᠢ᠃
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ᠂ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶ᠎ᠠ ᠵᠢᠨ ᠡᠷᠬᠢᠯᠡᠭᠴᠢ ᠸᠠᠩ ᠸᠧᠢ ᠵᠦᠩ᠎ᠦᠨ ᠨᠠᠶ᠋ᠢᠳᠠᠯᠭ᠎ᠠ᠎ᠪᠠᠷ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶ᠎ᠠ ᠵᠢᠨ ᠪᠠᠢᠩᠭᠤ᠎ᠶᠢᠨ ᠳᠡᠳ᠋ ᠡᠷᠬᠢᠯᠡᠭᠴᠢ ᠵᠠᠩ ᠱᠤᠤ ᠴᠦᠨ ᠬᠤᠷᠠᠯ᠎ᠢ ᠡᠷᠬᠢᠯᠡᠪᠡ᠃
ᠬᠤᠷᠠᠯ᠎ᠠᠴᠠ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶ᠎ᠠ ᠵᠢᠨ ᠬᠣᠷᠢ ᠶᠢᠰᠦᠳᠦᠭᠡᠷ ᠬᠤᠷᠠᠯ᠎ᠤᠨ ᠵᠥᠪᠯᠡᠬᠦ ᠵᠦᠢᠯᠡᠰ᠎ᠦᠨ ᠲᠥᠰᠥᠯ᠎ᠢ ᠬᠢᠨᠠᠨ ᠵᠥᠪᠯᠡᠪᠡ᠃ ᠡᠷᠬᠢᠯᠡᠭᠴᠢᠳ᠎ᠤ᠋ᠨ ᠬᠤᠷᠠᠯ᠎ᠤᠨ ᠰᠠᠨᠠᠭᠤᠯᠭ᠎ᠠ᠎ᠶᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶ᠎ᠠ ᠵᠢᠨ ᠬᠣᠷᠢ ᠶᠢᠰᠦᠳᠦᠭᠡᠷ ᠬᠤᠷᠠᠯ᠎ᠠᠴᠠ ᠥᠪᠡᠷᠲᠡᠭᠡᠨ ᠵᠠᠰᠠᠬᠤ ᠣᠷᠣᠨ᠎ᠤ ᠬᠠᠲᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ᠎ᠶᠢᠨ ᠬᠠᠮᠠᠭᠠᠯᠠᠯᠲᠠ ᠪᠠ ᠴᠢᠨᠠᠷ ᠰᠠᠢᠲᠠᠢ ᠬᠥᠭᠵᠢᠯᠲᠡ᠎ᠶᠢᠨ ᠳᠦᠷᠢᠮ᠎ᠦᠨ ᠲᠥᠰᠥᠯ᠂ ᠨᠤᠲᠤᠭ ᠪᠡᠯᠴᠢᠭᠡᠷ ᠦᠨ ᠬᠠᠮᠠᠭᠠᠯᠠᠯᠲᠠ ᠪᠠ ᠬᠠᠮᠢᠶᠠᠷᠤᠯᠲᠠ᠎ᠶᠢᠨ ᠳᠦᠷᠢᠮ᠎ᠦᠨ ᠲᠥᠰᠥᠯ ᠳ᠋ᠤ ᠵᠠᠰᠠᠪᠤᠷᠢ ᠣᠷᠣᠭᠤᠯᠤᠭᠰᠠᠨ ᠨᠣᠣᠷᠠᠭ᠂ 《 ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠰᠦᠷᠳᠡᠭᠦᠯᠬᠦ ᠦᠵᠡᠯ᠎ᠢ ᠡᠰᠡᠷᠭᠦᠴᠡᠬᠦ ᠬᠠᠤᠯᠢ》 ᠵᠢ ᠬᠡᠷᠡᠭᠵᠢᠭᠦᠯᠬᠦ ᠠᠷᠭ᠎ᠠ᠎ᠶᠢᠨ ᠲᠥᠰᠥᠯ᠎ᠳᠦ ᠵᠠᠰᠠᠪᠤᠷᠢ ᠣᠷᠣᠭᠤᠯᠤᠭᠰᠠᠨ ᠨᠣᠣᠷᠠᠭ᠂ 《ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠵᠡᠮᠳᠡᠭᠴᠦᠳ᠎ᠦᠨ ᠪᠠᠲᠤᠯᠠᠭ᠎ᠠ᠎ᠶᠢᠨ ᠬᠠᠤᠯᠢ》 ᠵᠢ ᠬᠡᠷᠡᠭᠵᠢᠭᠦᠯᠬᠦ ᠠᠷᠭ᠎ᠠ᠎ᠳᠤ ᠵᠠᠰᠠᠪᠤᠷᠢ ᠣᠷᠣᠭᠤᠯᠤᠬᠰᠠᠨ ᠲᠥᠰᠥᠯ᠎ᠦᠨ ᠵᠠᠰᠠᠪᠤᠷᠢ ᠣᠷᠣᠭᠤᠯᠤᠭᠰᠠᠨ ᠨᠣᠣᠷᠠᠭ᠂ ᠠᠭᠤᠷᠬᠠᠢ᠎ᠶᠢᠨ ᠭᠠᠷᠤᠯᠲᠠ᠎ᠶᠢᠨ ᠡᠬᠢ ᠪᠠᠶᠠᠯᠢᠭ᠋᠎ᠤᠨ ᠬᠠᠮᠢᠶᠠᠷᠤᠯᠲᠠ᠎ᠶᠢᠨ ᠳᠦᠷᠢᠮ᠎ᠳᠦ ᠵᠠᠰᠠᠪᠤᠷᠢ ᠣᠷᠣᠭᠤᠯᠤᠬᠰᠠᠨ ᠲᠥᠰᠥᠯ᠎ᠦᠨ ᠵᠠᠰᠠᠪᠤᠷᠢ ᠣᠷᠣᠭᠤᠯᠤᠭᠰᠠᠨ ᠨᠣᠣᠷᠠᠭ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠳᠠᠪᠰᠢᠯᠲᠠ᠎ᠶᠢᠨ ᠳᠦᠷᠢᠮ᠎ᠳᠦ ᠵᠠᠰᠠᠪᠤᠷᠢ ᠣᠷᠣᠭᠤᠯᠤᠬᠰᠠᠨ ᠲᠥᠰᠥᠯ᠂ ᠲᠡᠦᠬᠡ᠎ᠶᠢᠨ ᠳᠤᠷᠠᠰᠬᠠᠯᠲᠤ ᠵᠦᠢᠯᠡᠰ᠎ᠤ᠋ᠨ ᠬᠠᠮᠠᠭᠠᠯᠠᠯᠳᠠ ᠵᠢᠨ ᠳᠦᠷᠢᠮ᠎ᠳᠦ ᠵᠠᠰᠠᠪᠤᠷᠢ ᠣᠷᠣᠭᠤᠯᠤᠬᠰᠠᠨ ᠲᠥᠰᠥᠯ ᠢ᠋ ᠬᠢᠨᠠᠨ ᠵᠦᠪᠯᠡᠵᠦ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠳᠦᠷᠢᠮ》 ᠵᠡᠷᠭᠡ ᠣᠷᠣᠨ ᠨᠤᠲᠤᠭ᠎ᠤᠨ ᠴᠢᠨᠠᠷᠲᠠᠢ 7 ᠬᠠᠤᠯᠢ ᠲᠤᠬᠳᠠᠭᠠᠯ᠎ᠳᠦ ᠵᠠᠰᠠᠪᠤᠷᠢ ᠣᠷᠣᠭᠤᠯᠤᠬᠰᠠᠨ ᠲᠥᠰᠥᠯ᠎ᠢ ᠬᠢᠨᠠᠨ ᠵᠥᠪᠯᠡᠭᠦᠯᠬᠦ᠎ᠪᠡᠷ ᠳᠡᠪᠰᠢᠭᠦᠯᠬᠦ ᠲᠤᠬᠠᠢ ᠰᠠᠨᠠᠯ ᠵᠥᠪᠯᠡᠯᠭᠡ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 〈ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠣᠷᠴᠢᠨ ᠲᠣᠭᠣᠷᠢᠨ᠎ᠤ ᠨᠥᠯᠥᠭᠡ ᠵᠢ ᠦᠨᠡᠯᠡᠬᠦ ᠬᠠᠤᠯᠢ〉 ᠵᠢ ᠬᠡᠷᠡᠭᠵᠢᠭᠦᠯᠬᠦ ᠠᠷᠭ᠎ᠠ》 ᠵᠢ ᠬᠦᠴᠦᠨ ᠦᠭᠡᠢ ᠪᠣᠯᠭᠠᠬᠤ᠎ᠪᠠᠷ ᠳᠡᠪᠰᠢᠭᠦᠯᠬᠦ ᠲᠤᠬᠠᠢ ᠰᠠᠨᠠᠯ ᠵᠥᠪᠯᠡᠯᠭᠡ ᠶᠢ ᠬᠢᠨᠠᠨ ᠵᠥᠪᠯᠡᠵᠦ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶ᠎ᠠ ᠵᠢᠨ ᠡᠷᠬᠢᠯᠡᠭᠴᠢᠳ᠎ᠦᠨ ᠬᠤᠷᠠᠯ᠎ᠤᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠢᠷᠭᠤᠳᠤᠭᠠᠷ ᠬᠤᠭᠤᠴᠠᠭᠠᠨ᠎ᠤ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶ᠎ᠠ ᠵᠢᠨ ᠲᠠᠪᠤᠳᠤᠭᠠᠷ ᠬᠤᠷᠠᠯ᠎ᠤᠨ ᠡᠪᠡᠰᠦ ᠮᠣᠳᠣ᠌ ᠵᠢ ᠶᠡᠬᠡᠪᠡᠷ ᠳᠠᠷᠢᠬᠤ ᠲᠤᠬᠠᠢ ᠰᠢᠢᠳᠪᠦᠷᠢ》 ᠵᠡᠷᠭᠡ 3 ᠰᠢᠢᠳᠪᠦᠷᠢ᠎ᠶᠢ ᠬᠦᠴᠦᠨ ᠦᠭᠡᠢ ᠪᠣᠯᠭᠠᠬᠤ᠎ᠪᠠᠷ ᠳᠡᠪᠰᠢᠭᠦᠯᠬᠦ ᠲᠤᠬᠠᠢ ᠰᠠᠨᠠᠯ ᠵᠥᠪᠯᠡᠯᠭᠡ ᠪᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠢ᠍ᠮᠠᠳᠤᠭᠠᠷ ᠬᠤᠭᠤᠴᠠᠭᠠᠨ᠎ᠤ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶ᠎ᠠ ᠵᠢᠨ ᠠᠷᠪᠠᠨ ᠭᠤᠷᠪᠠᠳᠤᠭᠠᠷ ᠬᠤᠷᠠᠯ᠎ᠤᠨ ᠣᠷᠴᠢᠨ ᠲᠣᠭᠣᠷᠢᠨ ᠬᠢᠭᠡᠳ ᠡᠬᠢ ᠪᠠᠶᠠᠯᠢᠭ᠋᠎ᠢ ᠬᠠᠮᠠᠭᠠᠯᠠᠬᠤ ᠠᠵᠢᠯ᠎ᠢ ᠴᠢᠬᠤᠯᠠᠴᠢᠯᠠᠨ ᠴᠢᠩᠭᠠᠳᠬᠠᠬᠤ ᠲᠤᠬᠠᠢ ᠰᠢᠢᠳᠪᠦᠷᠢ》 ᠵᠡᠷᠭᠡ 4 ᠰᠢᠢᠳᠪᠦᠷᠢ᠂ ᠲᠤᠬᠳᠠᠭᠠᠯ ᠢ᠋ ᠬᠦᠴᠦᠨ ᠦᠭᠡᠢ ᠪᠣᠯᠭᠠᠬᠤ᠎ᠪᠠᠷ ᠳᠡᠪᠰᠢᠭᠦᠯᠬᠦ ᠲᠤᠬᠠᠢ ᠰᠠᠨᠠᠯ ᠵᠥᠪᠯᠡᠯᠭᠡ ᠵᠢ ᠬᠢᠨᠠᠨ ᠵᠦᠪᠯᠡᠨ᠎ᠠ᠃
ᠬᠤᠷᠠᠯ᠎ᠠᠴᠠ ᠬᠥᠬᠡᠬᠣᠲᠠ᠎ᠶᠢᠨ ᠬᠤᠸᠠᠷ ᠫᠤᠤᠵᠢᠩ᠎ᠤᠨ ᠠᠮᠤᠷ ᠲᠦᠪᠰᠢᠨ᠎ᠦ ᠬᠠᠮᠢᠶᠠᠷᠤᠯᠲᠠ᠎ᠶᠢᠨ ᠳᠦᠷᠢᠮ᠂ ᠬᠥᠬᠡᠬᠣᠲᠠ᠎ᠶᠢᠨ ᠰᠦᠯᠵᠢᠶᠡᠨ᠎ᠦ ᠬᠤᠳᠠᠯ ᠬᠠᠭᠤᠷᠮᠠᠭ ᠮᠡᠳᠡᠭᠡ ᠵᠠᠩᠭᠢ᠎ᠶᠢᠨ ᠵᠠᠰᠠᠯᠲᠠ᠎ᠶᠢᠨ ᠠᠷᠭ᠎ᠠ᠂ ᠬᠥᠬᠡᠬᠣᠲᠠ᠎ᠶᠢᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶ᠎ᠠ ᠵᠢᠨ 《ᠬᠥᠬᠡᠬᠣᠲᠠ᠎ᠶᠢᠨ ᠠᠭᠠᠷ ᠮᠠᠨᠳᠠᠯ᠎ᠤᠨ ᠪᠣᠬᠢᠷᠲᠤᠯ᠎ᠢ ᠰᠡᠷᠭᠡᠢᠯᠡᠨ ᠵᠠᠰᠠᠬᠤ ᠳᠦᠷᠢᠮ》 ᠵᠡᠷᠭᠡ ᠣᠷᠣᠨ ᠨᠤᠲᠤᠭ᠎ᠤᠨ ᠴᠢᠨᠠᠷᠲᠠᠢ 4 ᠬᠠᠤᠯᠢ ᠲᠣᠭᠲᠠᠭᠠᠯ᠎ᠳᠤ ᠵᠠᠰᠠᠪᠤᠷᠢ ᠣᠷᠣᠭᠤᠯᠤᠬᠰᠠᠨ ᠲᠤᠬᠠᠢ ᠲᠣᠭᠲᠠᠭᠠᠯ᠂ ᠪᠤᠭᠤᠲᠤ ᠬᠣᠲᠠ᠎ᠶᠢᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶ᠎ᠠ᠎ᠶᠢᠨ 《ᠪᠤᠭᠤᠲᠤ ᠬᠣᠲᠠ᠎ᠶᠢᠨ ᠠᠭᠠᠷ ᠮᠠᠨᠳᠠᠯ᠎ᠤᠨ ᠪᠣᠬᠢᠷᠲᠤᠯ᠎ᠢ ᠰᠡᠷᠭᠡᠢᠯᠡᠨ ᠵᠠᠰᠠᠬᠤ ᠳᠦᠷᠢᠮ》 ᠵᠡᠷᠭᠡ ᠣᠷᠣᠨ ᠨᠤᠲᠤᠭ᠎ᠤᠨ ᠴᠢᠨᠠᠷᠲᠠᠢ 9 ᠬᠠᠤᠯᠢ ᠲᠣᠭᠲᠠᠭᠠᠯ᠎ᠳᠤ ᠵᠠᠰᠠᠪᠤᠷᠢ ᠣᠷᠣᠭᠤᠯᠤᠬᠰᠠᠨ ᠲᠤᠬᠠᠢ ᠲᠣᠭᠲᠠᠭᠠᠯ᠂ ᠪᠤᠭᠤᠲᠤ ᠬᠣᠲᠠ᠎ᠶᠢᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶ᠎ᠠ ᠵᠢᠨ 《ᠪᠤᠭᠤᠲᠤ ᠬᠣᠲᠠ᠎ᠶᠢᠨ ᠬᠣᠲᠠ ᠪᠠᠯᠭᠠᠰᠤᠨ᠎ᠤ ᠨᠡᠭᠡᠭᠡᠨ ᠬᠥᠭᠵᠢᠭᠦᠯᠬᠦ ᠵᠠᠭᠠᠭ᠎ᠤᠨ ᠬᠠᠮᠢᠶᠠᠷᠤᠯᠲᠠ᠎ᠶᠢᠨ ᠳᠦᠷᠢᠮ》᠂ 《ᠪᠤᠭᠤᠲᠤ ᠬᠣᠲᠠ᠎ᠶᠢᠨ ᠰᠠᠢᠨ ᠳᠤᠷ᠎ᠠ᠎ᠶᠢᠨ ᠦᠢᠯᠡᠴᠢᠯᠡᠭᠡᠨ᠎ᠦ ᠳᠦᠷᠢᠮ》 ᠢ᠋ ᠬᠦᠴᠦᠨ ᠦᠭᠡᠢ ᠪᠣᠯᠭᠠᠬᠤ ᠲᠤᠬᠠᠢ ᠲᠣᠭᠲᠠᠭᠠᠯ᠂ ᠬᠥᠯᠥᠨ ᠪᠣᠶ᠋ᠢᠷ ᠬᠣᠲᠠ᠎ᠶᠢᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶ᠎ᠠ᠎ᠶᠢᠨ 《ᠬᠥᠯᠥᠨ ᠪᠣᠶ᠋ᠢᠷ ᠬᠣᠲᠠ᠎ᠶᠢᠨ ᠠᠭᠠᠷ ᠮᠠᠨᠳᠠᠯ᠎ᠤᠨ ᠪᠣᠬᠢᠷᠲᠤᠯ᠎ᠢ ᠰᠡᠷᠭᠡᠢᠯᠡᠨ ᠵᠠᠰᠠᠬᠤ ᠳᠦᠷᠢᠮ》 ᠵᠡᠷᠭᠡ ᠣᠷᠣᠨ ᠨᠤᠲᠤᠭ᠎ᠤᠨ ᠴᠢᠨᠠᠷᠲᠠᠢ 2 ᠬᠠᠤᠯᠢ ᠲᠣᠭᠲᠠᠭᠠᠯ᠎ᠳᠤ ᠵᠠᠰᠠᠪᠤᠷᠢ ᠣᠷᠣᠭᠤᠯᠤᠬᠰᠠᠨ ᠲᠤᠬᠠᠢ ᠲᠣᠭᠲᠠᠭᠠᠯ᠂ ᠲᠦᠩᠯᠢᠶᠣᠣ ᠬᠣᠲᠠ᠎ᠶᠢᠨ ᠣᠷᠣᠨ ᠰᠠᠭᠤᠴᠠ᠎ᠶᠢᠨ ᠲᠣᠭᠣᠷᠢᠭ᠋᠎ᠤᠨ ᠣᠯᠠᠨ ᠨᠡᠶ᠋ᠢᠲᠡ᠎ᠶᠢᠨ ᠰᠡᠯᠡᠭᠦᠴᠡᠯ᠎ᠦᠨ ᠲᠠᠯᠠᠪᠤᠷ᠎ᠲᠤ ᠬᠡᠷᠡᠭᠯᠡᠬᠦ ᠴᠠᠬᠢᠯᠭᠠᠨ᠎ᠤ ᠠᠮᠤᠷ ᠲᠦᠪᠰᠢᠨ᠎ᠦ ᠬᠠᠮᠢᠶᠠᠷᠤᠯᠲᠠ᠎ᠶᠢᠨ ᠳᠦᠷᠢᠮ᠂ ᠲᠦᠩᠯᠢᠶᠣᠣ ᠬᠣᠲᠠ᠎ᠶᠢᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶ᠎ᠠ ᠵᠢᠨ 《ᠲᠦᠩᠯᠢᠶᠣᠣ ᠬᠣᠲᠠ᠎ᠶᠢᠨ ᠠᠭᠠᠷ ᠮᠠᠨᠳᠠᠯ᠎ᠤᠨ ᠪᠣᠬᠢᠷᠲᠤᠯ᠎ᠢ ᠰᠡᠷᠭᠡᠢᠯᠡᠨ ᠵᠠᠰᠠᠬᠤ ᠳᠦᠷᠢᠮ》 ᠵᠡᠷᠭᠡ ᠣᠷᠣᠨ ᠨᠤᠲᠤᠭ᠎ᠤᠨ ᠴᠢᠨᠠᠷᠲᠠᠢ 5 ᠬᠠᠤᠯᠢ ᠲᠣᠭᠲᠠᠭᠠᠯ᠎ᠳᠤ ᠵᠠᠰᠠᠪᠤᠷᠢ ᠣᠷᠣᠭᠤᠯᠤᠬᠰᠠᠨ ᠲᠤᠬᠠᠢ ᠲᠣᠭᠲᠠᠭᠠᠯ᠂ ᠤᠯᠠᠭᠠᠨᠬᠠᠳᠠ ᠬᠣᠲᠠ᠎ᠶᠢᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶ᠎ᠠ ᠵᠢᠨ 《ᠤᠯᠠᠭᠠᠨᠬᠠᠳᠠ ᠬᠣᠲᠠ᠎ᠶᠢᠨ ᠲᠣᠭᠣᠰᠣᠨ᠎ᠤ ᠪᠣᠬᠢᠷᠲᠤᠯ᠎ᠢ ᠰᠡᠷᠭᠡᠢᠯᠡᠨ ᠵᠠᠰᠠᠬᠤ ᠳᠦᠷᠢᠮ》 ᠵᠡᠷᠭᠡ ᠣᠷᠣᠨ ᠨᠤᠲᠤᠭ᠎ᠤᠨ ᠴᠢᠨᠠᠷᠲᠠᠢ 5 ᠬᠠᠤᠯᠢ ᠲᠣᠭᠲᠠᠭᠠᠯ᠎ᠳᠤ ᠵᠠᠰᠠᠪᠤᠷᠢ ᠣᠷᠣᠭᠤᠯᠤᠬᠰᠠᠨ ᠲᠤᠬᠠᠢ ᠲᠣᠭᠲᠠᠭᠠᠯ᠂ ᠤᠯᠠᠭᠠᠨᠴᠠᠪ ᠬᠣᠲᠠ᠎ᠶᠢᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶ᠎ᠠ ᠵᠢᠨ 《ᠤᠯᠠᠭᠠᠨᠴᠠᠪ ᠬᠣᠲᠠ᠎ᠶᠢᠨ ᠲᠣᠭᠣᠰᠣᠨ᠎ᠤ ᠪᠣᠬᠢᠷᠲᠤᠯ᠎ᠢ ᠰᠡᠷᠭᠡᠢᠯᠡᠨ ᠵᠠᠰᠠᠬᠤ ᠳᠦᠷᠢᠮ》 ᠵᠡᠷᠭᠡ ᠣᠷᠣᠨ ᠨᠤᠲᠤᠭ᠎ᠤᠨ ᠴᠢᠨᠠᠷᠲᠠᠢ 3 ᠬᠠᠤᠯᠢ ᠲᠣᠭᠲᠠᠭᠠᠯ᠎ᠳᠤ ᠵᠠᠰᠠᠪᠤᠷᠢ ᠣᠷᠣᠭᠤᠯᠤᠬᠰᠠᠨ ᠲᠤᠬᠠᠢ ᠲᠣᠭᠲᠠᠭᠠᠯ᠂ ᠤᠯᠠᠭᠠᠨᠴᠠᠪ ᠬᠣᠲᠠ᠎ᠶᠢᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶ᠎ᠠ ᠵᠢᠨ 《ᠤᠯᠠᠭᠠᠨᠴᠠᠪ ᠬᠣᠲᠠ᠎ᠶᠢᠨ ᠤᠰᠤᠨ᠎ᠤ ᠡᠬᠢ ᠪᠠᠶᠠᠯᠢᠭ᠋᠎ᠢ ᠬᠠᠮᠠᠭᠠᠯᠠᠬᠤ ᠳᠦᠷᠢᠮ》 ᠢ᠋ ᠬᠦᠴᠦᠨ ᠦᠭᠡᠢ ᠪᠣᠯᠭᠠᠬᠤ ᠲᠤᠬᠠᠢ ᠲᠣᠭᠲᠠᠭᠠᠯ᠂ ᠣᠷᠳᠣᠰ ᠬᠣᠲᠠ᠎ᠶᠢᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶ᠎ᠠ ᠵᠢᠨ 《ᠣᠷᠳᠣᠰ ᠬᠣᠲᠠ᠎ᠶᠢᠨ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠳᠦᠷᠢᠮ》 ᠵᠡᠷᠭᠡ ᠣᠷᠣᠨ ᠨᠤᠲᠤᠭ᠎ᠤᠨ ᠴᠢᠨᠠᠷᠲᠠᠢ 7 ᠬᠠᠤᠯᠢ ᠲᠤᠬᠳᠠᠭᠠᠯ᠎ᠳᠦ ᠵᠠᠰᠠᠪᠤᠷᠢ ᠣᠷᠣᠭᠤᠯᠤᠬᠰᠠᠨ ᠲᠤᠬᠠᠢ ᠲᠣᠭᠲᠠᠭᠠᠯ᠂ ᠪᠠᠶᠠᠨᠨᠠᠭᠤᠷ ᠬᠣᠲᠠ᠎ᠶᠢᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶ᠎ᠠ ᠵᠢᠨ 《ᠪᠠᠶᠠᠨᠨᠠᠭᠤᠷ ᠬᠣᠲᠠ᠎ᠶᠢᠨ ᠲᠥᠪᠯᠡᠷᠡᠭᠰᠡᠨ ᠮᠠᠶᠢᠭ᠎ᠤᠨ ᠤᠤᠭᠤᠬᠤ ᠤᠰᠤᠨ᠎ᠤ ᠡᠬᠢ ᠰᠤᠷᠪᠤᠯᠵᠢ᠎ᠶᠢ ᠬᠠᠮᠠᠭᠠᠯᠠᠬᠤ ᠳᠦᠷᠢᠮ》 ᠵᠡᠷᠭᠡ ᠣᠷᠣᠨ ᠨᠤᠲᠤᠭ᠎ᠤᠨ ᠴᠢᠨᠠᠷᠲᠠᠢ 3 ᠬᠠᠤᠯᠢ ᠲᠣᠭᠲᠠᠭᠠᠯ᠎ᠳᠤ ᠵᠠᠰᠠᠪᠤᠷᠢ ᠣᠷᠣᠭᠤᠯᠤᠬᠰᠠᠨ ᠲᠤᠬᠠᠢ ᠲᠣᠭᠲᠠᠭᠠᠯ᠂ ᠪᠠᠶᠠᠨᠨᠠᠭᠤᠷ ᠬᠣᠲᠠ᠎ᠶᠢᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶ᠎ᠠ᠎ᠶᠢᠨ 《ᠪᠠᠶᠠᠨᠨᠠᠭᠤᠷ ᠬᠣᠲᠠ᠎ᠶᠢᠨ ᠤᠯᠠᠭᠠᠨᠰᠤᠬᠠᠢ᠎ᠶᠢᠨ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠨᠤᠭᠤ ᠭᠠᠵᠠᠷ᠎ᠤᠨ ᠤᠰᠤᠨ᠎ᠤ ᠵᠢᠭᠦᠷᠲᠡᠨ᠎ᠦ ᠪᠠᠢᠭᠠᠯᠢ᠎ᠶᠢᠨ ᠬᠠᠮᠠᠭᠠᠯᠠᠯᠲᠠ᠎ᠶᠢᠨ ᠣᠷᠣᠨ᠎ᠤ ᠳᠦᠷᠢᠮ》 ᠵᠡᠷᠭᠡ ᠣᠷᠣᠨ ᠨᠤᠲᠤᠭ᠎ᠤᠨ ᠴᠢᠨᠠᠷᠲᠠᠢ 2 ᠬᠠᠤᠯᠢ ᠲᠣᠭᠲᠠᠭᠠᠯ᠎ᠢ ᠬᠦᠴᠦᠨ ᠦᠭᠡᠢ ᠪᠣᠯᠭᠠᠬᠤ ᠲᠤᠬᠠᠢ ᠲᠣᠭᠲᠠᠭᠠᠯ᠂ ᠦᠬᠠᠢ ᠬᠣᠲᠠ᠎ᠶᠢᠨ ᠬᠠᠢᠷᠤᠪ᠎ᠤᠨ ᠲᠣᠬᠣᠢ᠎ᠶᠢᠨ ᠠᠮᠢ ᠠᠬᠤᠢ᠎ᠶᠢ ᠪᠠᠳᠤᠯᠠᠬᠤ ᠣᠷᠣᠨ᠎ᠤ ᠬᠠᠮᠠᠭᠠᠯᠠᠯᠲᠠ᠎ᠶᠢᠨ ᠳᠦᠷᠢᠮ᠂ ᠦᠬᠠᠢ ᠬᠣᠲᠠ᠎ᠶᠢᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶ᠎ᠠ ᠵᠢᠨ 《ᠦᠬᠠᠢ ᠬᠣᠲᠠ᠎ᠶᠢᠨ ᠭᠠᠵᠠᠷ ᠳᠣᠣᠷᠠᠬᠢ ᠤᠰᠤᠨ ᠤ᠋ ᠬᠠᠮᠠᠭᠠᠯᠠᠯᠳᠠ ᠵᠢᠨ ᠳᠦᠷᠢᠮ》 ᠵᠡᠷᠭᠡ ᠣᠷᠣᠨ ᠨᠤᠲᠤᠭ᠎ᠤᠨ ᠴᠢᠨᠠᠷᠲᠠᠢ 3 ᠬᠠᠤᠯᠢ ᠲᠣᠭᠲᠠᠭᠠᠯ᠎ᠳᠤ ᠵᠠᠰᠠᠪᠤᠷᠢ ᠣᠷᠣᠭᠤᠯᠤᠬᠰᠠᠨ ᠲᠤᠬᠠᠢ ᠲᠣᠭᠲᠠᠭᠠᠯ ᠢ᠋ ᠬᠢᠨᠠᠨ ᠪᠠᠢᠴᠠᠭᠠᠨ᠎ᠠ᠃
ᠬᠤᠷᠠᠯ᠎ᠠᠴᠠ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶ᠎ᠠ ᠵᠢᠨ ᠬᠠᠤᠯᠢ ᠬᠡᠷᠡᠭᠵᠢᠭᠦᠯᠦᠯᠲᠡ᠎ᠶᠢ ᠪᠠᠢᠴᠠᠭᠠᠬᠤ ᠳᠤᠭᠤᠢᠯᠠᠩ᠎ᠤᠨ ᠥᠪᠡᠷᠲᠡᠭᠡᠨ ᠵᠠᠰᠠᠬᠤ ᠣᠷᠣᠨ ᠡᠴᠡ ᠮᠠᠨ᠎ᠤ ᠤᠯᠤᠰ᠎ᠤᠨ ᠤᠮᠠᠷᠠᠲᠤ᠎ᠶᠢᠨ ᠴᠢᠬᠤᠯᠠ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ᠎ᠶᠢ ᠪᠦᠲᠦᠭᠡᠨ ᠪᠠᠶ᠋ᠢᠭᠤᠯᠬᠤ᠎ᠶᠢ ᠠᠬᠢᠭᠤᠯᠬᠤ ᠳᠦᠷᠢᠮ᠎ᠢ ᠬᠡᠷᠡᠭᠵᠢᠭᠦᠯᠦᠭᠰᠡᠨ ᠪᠠᠢᠳᠠᠯ᠎ᠢ ᠪᠠᠢᠴᠠᠭᠠᠭᠰᠠᠨ ᠲᠤᠬᠠᠢ ᠮᠡᠳᠡᠭᠦᠯᠦᠯᠲᠡ᠂ ᠥᠪᠡᠷᠲᠡᠭᠡᠨ ᠵᠠᠰᠠᠬᠤ ᠣᠷᠣᠨ ᠡᠴᠡ ᠤᠯᠤᠰ᠎ᠤᠨ ᠴᠢᠬᠤᠯᠠ ᠲᠠᠷᠢᠶᠠᠯᠠᠩ᠎ᠤᠨ ᠪᠦᠲᠦᠭᠡᠭᠳᠡᠬᠦᠨ ᠮᠠᠯ᠎ᠤᠨ ᠠᠰᠢᠭ᠋ ᠰᠢᠮ᠎ᠡ ᠵᠢᠨ ᠦᠢᠯᠡᠳᠪᠦᠷᠢᠯᠡᠯ᠎ᠦᠨ ᠰᠠᠭᠤᠷᠢᠨ᠎ᠢ ᠪᠦᠲᠦᠭᠡᠨ ᠪᠠᠶ᠋ᠢᠭᠤᠯᠬᠤ᠎ᠶᠢ ᠠᠬᠢᠭᠤᠯᠬᠤ ᠳᠦᠷᠢᠮ᠎ᠢ ᠬᠡᠷᠡᠭᠵᠢᠭᠦᠯᠦᠭᠰᠡᠨ ᠪᠠᠢᠳᠠᠯ᠎ᠢ ᠪᠠᠢᠴᠠᠭᠠᠭᠰᠠᠨ ᠲᠤᠬᠠᠢ ᠮᠡᠳᠡᠭᠦᠯᠦᠯᠲᠡ᠂ 《ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠠᠶᠤᠯᠬᠦᠢ ᠦᠢᠯᠡᠳᠪᠦᠷᠢᠯᠡᠯ᠎ᠦᠨ ᠬᠠᠤᠯᠢ》 ᠵᠢᠴᠢ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠶᠤᠯᠬᠦᠢ ᠦᠢᠯᠡᠳᠪᠦᠷᠢᠯᠡᠯ᠎ᠦᠨ ᠳᠦᠷᠢᠮ》 ᠢ᠋ ᠬᠡᠷᠡᠭᠵᠢᠭᠦᠯᠦᠭᠰᠡᠨ ᠪᠠᠢᠳᠠᠯ᠎ᠢ ᠪᠠᠢᠴᠠᠭᠠᠭᠰᠠᠨ ᠲᠤᠬᠠᠢ ᠮᠡᠳᠡᠭᠦᠯᠦᠯᠲᠡ᠂ 《ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠠᠵᠢᠯᠴᠢᠨ᠎ᠤ ᠡᠪᠯᠡᠯ᠎ᠦᠨ ᠬᠠᠤᠯᠢ》 ᠵᠢᠴᠢ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 〈ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠠᠵᠢᠯᠴᠢᠨ᠎ᠤ ᠡᠪᠯᠡᠯ᠎ᠦᠨ ᠬᠠᠤᠯᠢ〉 ᠵᠢ ᠬᠡᠷᠡᠭᠵᠢᠭᠦᠯᠬᠦ ᠠᠷᠭ᠎ᠠ》 ᠵᠢ ᠬᠡᠷᠡᠭᠵᠢᠭᠦᠯᠦᠭᠰᠡᠨ ᠪᠠᠢᠳᠠᠯ᠎ᠢ ᠪᠠᠢᠴᠠᠭᠠᠭᠰᠠᠨ ᠲᠤᠬᠠᠢ ᠮᠡᠳᠡᠭᠦᠯᠦᠯᠲᠡ ᠵᠢ ᠰᠣᠨᠣᠰᠴᠤ ᠬᠢᠨᠠᠨ ᠵᠥᠪᠯᠡᠨ᠎ᠡ; ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠢᠯᠢ ᠬᠢᠵᠠᠭᠠᠷ᠎ᠤᠨ ᠵᠠᠰᠠᠯᠲᠠ᠎ᠶᠢᠨ ᠠᠵᠢᠯ᠎ᠢ ᠠᠬᠢᠭᠤᠯᠤᠭᠰᠠᠨ ᠪᠠᠢᠳᠠᠯ᠎ᠤᠨ ᠲᠤᠬᠠᠢ ᠮᠡᠳᠡᠭᠦᠯᠦᠯᠲᠡ᠂ ᠣᠳᠣᠬᠢᠴᠢᠯᠠᠭᠰᠠᠨ ᠠᠵᠤ ᠦᠢᠯᠡᠰ᠎ᠦᠨ ᠰᠢᠰᠲᠧᠮ᠎ᠦᠨ ᠪᠠᠢᠭᠤᠯᠤᠯᠲᠠ᠎ᠶᠢᠨ ᠪᠠᠢᠳᠠᠯ᠎ᠤᠨ ᠲᠤᠬᠠᠢ ᠮᠡᠳᠡᠭᠦᠯᠦᠯᠲᠡ᠂ ᠠᠯᠪᠠᠨ ᠵᠢᠷᠤᠮ᠎ᠤᠨ ᠰᠤᠷᠭᠠᠨ ᠬᠥᠮᠦᠵᠢᠯ᠎ᠦᠨ ᠴᠢᠨᠠᠷ ᠰᠠᠢᠲᠠᠢ ᠲᠡᠩᠴᠡᠭᠦᠷᠢᠲᠡᠢ ᠬᠥᠭᠵᠢᠯᠲᠡ᠎ᠶᠢ ᠠᠬᠢᠭᠤᠯᠤᠭᠰᠠᠨ ᠪᠠᠢᠳᠠᠯ᠎ᠤᠨ ᠲᠤᠬᠠᠢ ᠮᠡᠳᠡᠭᠦᠯᠦᠯᠲᠡ᠂ 2026 ᠣᠨ᠎ᠤ ᠤᠯᠤᠰ ᠠᠷᠠᠳ᠎ᠤᠨ ᠠᠵᠤ ᠠᠬᠤᠢ ᠪᠠ ᠨᠡᠢᠭᠡᠮ᠎ᠦᠨ ᠬᠥᠭᠵᠢᠯᠲᠡ᠎ᠶᠢᠨ ᠲᠥᠯᠥᠪᠯᠡᠭᠡ᠎ᠶᠢᠨ ᠳᠡᠭᠡᠷ᠎ᠡ ᠬᠠᠭᠠᠰ ᠵᠢᠯ᠎ᠦᠨ ᠬᠦᠢᠴᠡᠳᠭᠡᠭᠰᠡᠨ ᠪᠠᠢᠳᠠᠯ᠎ᠤᠨ ᠲᠤᠬᠠᠢ ᠮᠡᠳᠡᠭᠦᠯᠦᠯᠲᠡ᠂ 2025 ᠣᠨ᠎ᠤ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠲᠥᠰᠥᠪ᠎ᠦᠨ ᠬᠡᠷᠡᠭᠵᠢᠭᠦᠯᠦᠯᠲᠡ ᠪᠠ ᠪᠤᠰᠤᠳ ᠡᠳ᠋᠎ᠦᠨ ᠵᠠᠰᠠᠭ᠎ᠤᠨ ᠣᠷᠣᠯᠭ᠎ᠠ ᠵᠠᠷᠤᠯᠭ᠎ᠠ᠎ᠶᠢᠨ ᠬᠢᠨᠠᠨ ᠪᠣᠳᠣᠯᠲᠠ᠎ᠶᠢᠨ ᠠᠵᠢᠯ᠎ᠤᠨ ᠮᠡᠳᠡᠭᠦᠯᠦᠯᠲᠡ᠎ᠶᠢ ᠰᠣᠨᠣᠰᠴᠤ ᠬᠢᠨᠠᠨ ᠵᠥᠪᠯᠡᠨ᠎ᠡ; ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ 2025 ᠣᠨ᠎ᠤ ᠥᠪᠡᠷᠲᠡᠭᠡᠨ ᠵᠠᠰᠠᠬᠤ ᠣᠷᠣᠨ᠎ᠤ ᠲᠤᠰ ᠱᠠᠲᠤᠨ᠎ᠤ ᠡᠳ᠋᠎ᠦᠨ ᠵᠠᠰᠠᠭ᠎ᠤᠨ ᠲᠥᠰᠥᠪ᠎ᠦᠨ ᠭᠦᠢᠴᠡᠳᠬᠡᠯ᠎ᠦᠨ ᠲᠤᠬᠠᠢ ᠮᠡᠳᠡᠭᠦᠯᠦᠯᠲᠡ᠎ᠶᠢ ᠰᠣᠨᠣᠰᠴᠤ ᠬᠢᠨᠠᠨ ᠵᠥᠪᠯᠡᠵᠦ᠂ 2025 ᠣᠨ᠎ᠤ ᠥᠪᠡᠷᠲᠡᠭᠡᠨ ᠵᠠᠰᠠᠬᠤ ᠣᠷᠣᠨ᠎ᠤ ᠲᠤᠰ ᠱᠠᠲᠤᠨ᠎ᠤ ᠡᠳ᠋᠎ᠦᠨ ᠵᠠᠰᠠᠭ᠎ᠤᠨ ᠲᠥᠰᠥᠪ᠎ᠦᠨ ᠭᠦᠢᠴᠡᠳᠬᠡᠯ᠎ᠢ ᠬᠢᠨᠠᠨ ᠪᠠᠢᠴᠠᠭᠠᠵᠤ ᠵᠥᠪᠰᠢᠶᠡᠷᠡᠨ᠎ᠡ; ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ 2026 ᠣᠨ᠎ᠤ ᠳᠡᠭᠡᠷ᠎ᠡ ᠬᠠᠭᠠᠰ ᠵᠢᠯ᠎ᠦᠨ ᠲᠥᠰᠥᠪ᠎ᠢ ᠬᠦᠢᠴᠡᠳᠭᠡᠭᠰᠡᠨ ᠪᠠᠢᠳᠠᠯ᠎ᠤᠨ ᠲᠤᠬᠠᠢ ᠮᠡᠳᠡᠭᠦᠯᠦᠯᠲᠡ᠂ 2026 ᠣᠨ᠎ᠤ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠲᠥᠰᠥᠪ᠎ᠦᠨ ᠲᠣᠬᠢᠷᠠᠭᠤᠯᠤᠯᠲᠠ᠎ᠶᠢᠨ ᠲᠥᠰᠥᠯ᠎ᠦᠨ ᠲᠦᠰᠦᠯ ᠤ᠋ᠨ ᠲᠤᠬᠠᠢ ᠮᠡᠳᠡᠭᠦᠯᠦᠯᠲᠡ᠎ᠶᠢ ᠬᠢᠨᠠᠨ ᠵᠥᠪᠯᠡᠨ᠎ᠡ; ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠪᠠᠢᠴᠠᠭᠠᠬᠤ ᠬᠣᠷᠢᠶ᠎ᠠ ᠵᠢᠨ ᠡᠷᠡᠭᠦᠦ ᠰᠢᠢᠳᠬᠡᠯᠢ ᠭᠦᠢᠴᠡᠳᠬᠡᠬᠦ᠎ᠳᠦ ᠬᠢᠨᠠᠯᠲᠠ ᠲᠠᠯᠪᠢᠭ᠍ᠰᠠᠨ ᠠᠵᠢᠯ᠎ᠤᠨ ᠪᠠᠢᠳᠠᠯ᠎ᠤᠨ ᠲᠤᠬᠠᠢ ᠮᠡᠳᠡᠭᠦᠯᠦᠯᠲᠡ᠎ᠶᠢ ᠰᠣᠨᠣᠰᠴᠤ ᠬᠢᠨᠠᠨ ᠵᠥᠪᠯᠡᠨ᠎ᠡ᠃
ᠬᠤᠷᠠᠯ᠎ᠠᠴᠠ ᠪᠠᠰᠠ ᠪᠤᠰᠤᠳ ᠬᠣᠯᠪᠣᠭᠳᠠᠯ ᠪᠦᠬᠦᠢ ᠵᠦᠢᠯᠡᠰ᠎ᠢ ᠰᠣᠨᠣᠰᠴᠤ ᠬᠢᠨᠠᠨ ᠵᠥᠪᠯᠡᠨ᠎ᠡ᠃
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶ᠎ᠠ ᠵᠢᠨ ᠳᠡᠳ᠋ ᠡᠷᠬᠢᠯᠡᠭᠴᠢ ᠵᠧᠩ ᠬᠣᠩ ᠹᠠᠨ᠂ ᠳ᠋ᠢᠩ ᠰᠢᠤ ᠹᠧᠩ᠂ ᠯᠢ ᠢᠦᠢ ᠭᠠᠩ᠂ ᠠᠢ ᠯᠢ ᠬᠤᠸᠠ᠂ ᠯᠢ ᠪᠢᠩ ᠷᠦᠩ᠂ ᠦ᠋ ᠶᠠᠨ ᠭᠠᠩ᠂ ᠨᠠᠷᠢᠨ ᠪᠢᠴᠢᠭ᠎ᠦᠨ ᠳᠠᠷᠤᠭ᠎ᠠ ᠸᠠᠨ ᠴᠤᠤ ᠴᠢ ᠬᠤᠷᠠᠯ᠎ᠳᠤ ᠣᠷᠣᠯᠴᠠᠵᠠᠢ᠃