ᠪᠥᠬᠥ᠌ ᠳᠡᠯᠡᠬᠡᠶ᠎ᠶᠢᠨ ᠠᠮᠤ ᠪᠤᠳᠠᠭᠠᠨ᠎ᠤ ᠠᠮᠤᠷ ᠲᠦᠪᠰᠢᠨ᠎ᠳᠦ ᠲᠤᠯᠭᠠᠷᠠᠵᠤ ᠪᠠᠢᠭ᠎ᠠ ᠭᠤᠷᠪᠠᠨ ᠶᠡᠬᠡ ᠲᠦᠭᠰᠢᠬᠦᠷᠢ
2026-07-21 10:55:05
ᠵᠣᠬᠢᠶᠠᠭ᠍ᠴᠢ᠄
ᠰᠢᠨᠬᠤᠸᠠ ᠬᠣᠷᠢᠶ᠎ᠠ ᠵᠢᠨ ᠰᠤᠷᠪᠤᠯᠵᠢᠯᠠᠭᠴᠢ ᠰᠣ᠌ ᠯᠢᠶᠠᠩ
ᠣᠩᠱᠢᠭ᠍ᠰᠠᠨ ᠣᠳᠠᠭ᠎ᠠ᠄
★★★☆☆

ᠠᠶᠠᠯᠠᠯ ᠵᠢᠡᠨ ᠡᠬᠢᠯᠡᠬᠦᠯᠬᠦ ᠵᠢᠨ ᠠᠷᠭ᠎ᠠ ᠦᠭᠡᠢ ᠬᠢᠮᠢ᠎ᠶᠢᠨ ᠪᠤᠷᠳᠤᠭᠤᠷ᠎ᠤᠨ ᠲᠡᠭᠡᠭᠡᠪᠦᠷᠢ᠎ᠶᠢᠨ ᠣᠩᠭᠣᠴᠠ᠂ ᠤᠳᠠᠲᠠᠯ᠎ᠠ ᠠᠷᠢᠯᠬᠤ ᠦᠭᠡᠢ ᠬᠠᠯᠠᠭᠤᠨ ᠳᠠᠪᠠᠯᠭᠠᠨ᠂ ᠭᠡᠨᠡᠳᠲᠡ ᠭᠡᠷᠡᠭᠵᠢᠬᠦᠯᠦᠭᠳᠡᠭᠰᠡᠨ ᠭᠠᠳᠠᠭᠠᠳᠤ ᠭᠠᠷᠭᠠᠯᠲᠠ᠎ᠶᠢᠨ ᠴᠠᠭᠠᠵᠠ ᠵᠠᠷᠯᠢᠭ ᠁ ᠤᠢ᠌ᠷ᠎ᠠ᠎ᠶᠢᠨ ᠬᠤᠭᠤᠴᠠᠭᠠᠨ᠎ᠳᠤ᠂ ᠠᠯᠢ ᠤᠯᠠᠨ ᠬᠡᠷᠡᠭ ᠶᠠᠪᠤᠳᠠᠯ ᠳᠠᠪᠬᠤᠴᠠᠵᠤ᠂ ᠪᠦᠬᠦ᠌ ᠪᠥᠮᠪᠥᠷᠴᠡᠭ᠎ᠦᠨ ᠠᠮᠤ ᠪᠤᠳᠠᠭᠠᠨ᠎ᠤ ᠠᠮᠤᠷ ᠲᠦᠪᠰᠢᠨ᠎ᠳᠦ ᠢᠯᠡᠳᠲᠡ ᠲᠣᠭᠲᠠᠭᠠᠯᠳᠤ ᠪᠤᠰᠤ ᠴᠢᠨᠠᠷ᠎ᠢ ᠠᠪᠴᠢᠷᠠᠵᠤ ᠪᠠᠢᠨ᠎ᠠ᠃

ᠬᠠᠮᠤᠭ᠎ᠤᠨ ᠰᠢᠨ᠎ᠡ ᠲᠣᠭ᠎ᠠ ᠪᠠᠷᠢᠮᠲᠠ᠎ᠳᠤ ᠬᠠᠷᠠᠭᠤᠯᠤᠬᠰᠡᠨ᠎ᠢᠶᠡᠷ᠂ ᠪᠥᠬᠥ᠌ ᠪᠥᠮᠪᠥᠷᠴᠡᠭ᠎ᠦᠨ ᠠᠮᠤ ᠪᠤᠳᠠᠭᠠᠨ᠎ᠤ ᠦᠨ᠎ᠡ 2022 ᠣᠨ᠎ᠤ ᠦᠨᠳᠤᠷ ᠴᠡᠭ ᠡᠴᠡ ᠢᠯᠡᠳᠲᠡ ᠪᠠᠭᠤᠷᠠᠵᠤ᠂ ᠬᠤᠷᠮᠤᠽ ᠬᠣᠭᠣᠯᠠᠶ᠎ᠶᠢᠨ ᠬᠢᠮᠢ᠎ᠶᠢᠨ ᠪᠣᠷᠲᠣᠭᠣᠷ᠎ᠤᠨ ᠲᠡᠭᠡᠭᠡᠪᠦᠷᠢ ᠦᠷᠭᠦᠯᠵᠢᠯᠡᠨ ᠬᠠᠷᠰᠢᠯᠠᠭᠳᠠᠵᠤ᠂ ᠰᠢᠨ᠎ᠡ ᠨᠢᠭᠡ ᠡᠭᠡᠯᠵᠢ᠎ᠶᠢᠨ ᠡᠸᠯᠨᠢᠨᠤ᠋ ᠵᠢᠨ ᠦᠵᠡᠭᠳᠡᠯ᠎ᠡᠴᠡ ᠪᠣᠯᠵᠣ ᠬᠠᠴᠢᠨ ᠴᠠᠭ ᠠᠭᠤᠷ ᠪᠠᠶ᠋ᠢᠨ ᠳᠠᠬᠢᠨ ᠡᠭᠦᠰᠴᠦ᠍᠂ ᠬᠡᠰᠡᠭ ᠤᠯᠤᠰ᠎ᠤᠨ ᠲᠠᠷᠢᠶᠠᠯᠠᠩ᠎ᠤᠨ ᠪᠦᠲᠦᠭᠡᠭᠳᠡᠬᠦᠨ᠎ᠢ ᠭᠠᠳᠠᠭᠠᠳᠤ᠎ᠳᠤ ᠭᠠᠷᠭᠠᠬᠤ᠎ᠪᠠᠨ ᠪᠠᠭᠠᠰᠬᠠᠬᠤ ᠵᠡᠷᠭᠡ ᠨᠢ ᠴᠥᠮ ᠠᠮᠤ ᠪᠤᠳᠠᠭᠠᠨ᠎ᠤ ᠠᠮᠤᠷ ᠲᠦᠪᠰᠢᠨ᠎ᠳᠦ ᠦᠷᠭᠦᠯᠵᠢᠯᠡᠨ ᠲᠦᠭᠰᠢᠭᠦᠷᠢ ᠤᠴᠠᠷᠠᠭᠤᠯᠵᠤ ᠪᠠᠶ᠋ᠢᠨ᠎ᠠ᠃ ᠪᠦᠬᠦ᠌ ᠪᠥᠮᠪᠥᠷᠴᠡᠭ᠎ᠦᠨ ᠠᠮᠤ ᠪᠤᠳᠠᠭᠠᠨ᠎ᠤ ᠰᠢᠰᠲ᠋ᠧᠮ᠎ᠦᠨ ᠦᠢᠯᠡᠳᠪᠦᠷᠢᠯᠡᠯ᠂ ᠲᠡᠭᠡᠭᠡᠪᠦᠷᠢ᠂ ᠠᠷᠠᠯᠵᠢᠶ᠎ᠠ ᠵᠡᠷᠭᠡ ᠭᠤᠷᠪᠠᠨ ᠭᠣᠭᠴᠣᠭ᠎ᠠ ᠵᠡᠷᠭᠡ᠎ᠪᠡᠷ ᠳᠠᠭᠠᠷᠢᠯᠲᠠ᠎ᠳᠤ ᠤᠴᠠᠷᠠᠪᠠ᠃ ᠡᠨᠡ ᠭᠤᠷᠪᠠᠨ ᠲᠠᠰᠤᠷᠠᠯᠲᠠ ᠥᠬᠡᠶ ᠣᠶ᠋ᠢᠷᠠᠲᠤᠵᠤ ᠪᠠᠶ᠋ᠢᠭ᠎ᠠ ᠬᠢᠯᠪᠠᠷᠬᠠᠨ ᠤᠮᠳᠤᠭᠠᠢᠯᠠᠬᠳᠠᠬᠤ ᠲᠦᠭᠰᠢᠬᠦᠷᠢ ᠨᠢ ᠪᠥᠬᠥ᠌ ᠳᠡᠯᠡᠬᠡᠶ᠎ᠶᠢᠨ ᠠᠮᠤ ᠪᠤᠳᠠᠭᠠᠨ᠎ᠤ ᠠᠮᠤᠷ ᠲᠦᠪᠰᠢᠨ᠎ᠢ᠋ ᠳᠠᠷᠤᠯᠲᠠ᠎ᠶᠢᠨ ᠰᠢᠯᠭᠠᠯᠲᠠ᠎ᠳᠤ ᠤᠴᠠᠷᠠᠭᠤᠯᠵᠠᠶ᠃

ᠬᠢᠮᠢ᠎ᠶᠢᠨ ᠪᠣᠷᠳᠣᠭᠤᠷ ᠤ᠋ᠨ ᠲᠤᠳᠠᠭᠤᠳᠠᠯ ᠨᠢ ᠦᠢᠯᠡᠳᠪᠦᠷᠢᠯᠡᠯ᠎ᠦᠨ ᠴᠢᠳᠠᠪᠤᠷᠢ᠎ᠶᠢ ᠦᠷᠭᠦᠯᠵᠢᠯᠡᠨ ᠨᠥᠯᠥᠭᠡᠯᠡᠵᠦ᠍ ᠪᠠᠢᠨ᠎ᠠ

ᠳᠠᠯᠠᠢ᠎ᠶᠢᠨ ᠪᠤᠯᠤᠩ᠎ᠤᠨ ᠭᠠᠵᠠᠷ ᠣᠷᠣᠨ ᠪᠣᠯ ᠪᠦᠬᠦ᠌ ᠪᠥᠮᠪᠥᠷᠴᠡᠭ᠎ᠦᠨ ᠬᠢᠮᠢ᠎ᠶᠢᠨ ᠪᠣᠷᠳᠣᠭᠤᠷ᠎ᠤᠨ ᠠᠷᠠᠯᠵᠢᠶᠠᠨ᠎ᠤ ᠬᠦᠢᠰᠦ ᠪᠣᠯᠤᠨ᠎ᠠ᠃ ᠺᠠᠲ᠋ᠠᠷ᠂ ᠰᠠᠦ᠋ᠳᠢ ᠠᠷᠠᠪ᠂ ᠠᠷᠠᠪ᠎ᠤᠨ ᠬᠣᠯᠪᠣᠭᠠᠲᠤ᠌ ᠠᠬᠠᠮᠠᠳᠲᠤ᠌ ᠤᠯᠤᠰ᠂ ᠢᠷᠡᠨ ᠵᠡᠷᠭᠡ ᠤᠯᠤᠰ᠎ᠤᠨ ᠪᠠᠶ᠋ᠢᠭᠠᠯᠢ᠎ᠶᠢᠨ ᠰᠢᠲᠠᠮᠠᠬᠠᠶ ᠬᠡᠢ ᠡᠯᠪᠡᠭ ᠭᠠᠷᠳᠠᠭ ᠪᠥᠭᠡᠳ ᠪᠠᠶ᠋ᠢᠭᠠᠯᠢ᠎ᠶᠢᠨ ᠰᠢᠲᠠᠮᠠᠬᠠᠶ ᠬᠡᠢ᠎ᠪᠡᠷ ᠲᠦᠭᠦᠬᠡᠶ ᠮᠠᠲ᠋ᠧᠷᠢᠶᠠᠯ ᠪᠣᠯᠭᠠᠭᠰᠠᠨ ᠬᠢᠮᠢ᠎ᠶᠢᠨ ᠪᠣᠷᠳᠣᠭᠤᠷ᠎ᠤᠨ ᠦᠢᠯᠡᠳᠭᠦᠨ᠎ᠦ ᠴᠢᠬᠤᠯᠠ ᠬᠠᠩᠭᠠᠯᠭ᠎ᠠ᠎ᠶᠢᠨ ᠲᠠᠯ᠎ᠠ ᠪᠣᠯᠤᠨ᠎ᠠ᠃

2 ᠰᠠᠷ᠎ᠠ᠎ᠶᠢᠨ ᠰᠡᠭᠦᠯᠴᠢ᠎ᠡᠴᠡ ᠨᠠᠭᠠᠰᠢ᠂ ᠳᠤᠮᠳᠠᠳᠤ ᠳᠣᠷᠣᠨᠠᠲᠤ᠎ᠶᠢᠨ ᠲᠠᠢ᠌ᠨ ᠨᠢ ᠬᠤᠷᠮᠤᠽ ᠬᠣᠭᠣᠯᠠᠢ᠎ᠶᠢ 《ᠲᠦᠭᠵᠢᠷᠡᠯ》 ᠲᠡᠶ ᠪᠣᠯᠭᠠᠵᠤ᠂ ᠲᠠᠯᠠᠢ ᠵᠢᠨ ᠬᠤᠭᠤᠯᠠᠢ ᠪᠡᠷ ᠦᠨᠭᠭᠡᠷᠡᠬᠦ ᠬᠢᠮᠢ᠎ᠶᠢᠨ ᠪᠤᠷᠳᠤᠭᠤᠷ᠎ᠤᠨ ᠲᠡᠭᠡᠭᠡᠪᠦᠷᠢᠯᠡᠯᠲᠡ᠎ᠶᠢ ᠶᠡᠷᠦ᠍ ᠨᠢ ᠰᠡᠷᠭᠦᠭᠡᠭᠰᠡᠨ ᠦᠭᠡᠢ᠃ ᠤᠯᠠᠨ ᠤᠯᠤᠰ᠎ᠤᠨ ᠬᠣᠯᠪᠣᠭᠠᠲᠤ᠌ ᠪᠠᠶ᠋ᠢᠭᠤᠯᠭ᠎ᠠ᠎ᠶᠢᠨ ᠠᠮᠤ ᠪᠤᠳᠠᠭ᠎ᠠ ᠪᠠ ᠲᠠᠷᠢᠶᠠᠯᠠᠩ ᠤ᠋ᠨ ᠵᠣᠬᠢᠶᠠᠨ ᠪᠠᠶ᠋ᠢᠭᠤᠯᠤᠯᠲᠠ᠎ᠶᠢᠨ ᠲᠡᠷᠢᠭᠦᠨ ᠠᠵᠤ ᠠᠬᠤᠢ᠎ᠶᠢᠨ ᠤᠬᠠᠭᠠᠨᠲᠠᠨ ᠮᠠᠺᠰᠢᠮᠦ᠋ᠸᠸ·ᠲᠦᠸᠸᠯᠸᠢᠢᠯᠤ᠋᠂ ᠬᠡᠷᠪᠡ ᠲᠠᠯᠠᠢ᠎ᠶᠢᠨ ᠬᠣᠭᠣᠯᠠᠢ᠎ᠶᠢᠨ ᠲᠡᠭᠡᠭᠡᠪᠦᠷᠢ ᠦᠷᠭᠦᠯᠵᠢᠯᠡᠨ ᠬᠠᠷᠰᠢᠯᠠᠭᠳᠠᠬᠤ ᠳ᠋ᠤ ᠬᠦᠷᠪᠡᠯ ᠪᠦᠬᠦ᠌ ᠪᠥᠮᠪᠥᠷᠴᠡᠭ᠎ᠦᠨ ᠠᠮᠤ ᠪᠤᠳᠠᠭᠠᠨ᠎ᠤ ᠠᠮᠤᠷ ᠲᠦᠪᠰᠢᠨ᠎ᠢ ᠨᠥᠯᠥᠭᠡᠯᠡᠬᠦ᠌ ᠬᠤᠷᠳᠤᠴᠠ ᠨᠢ ᠡᠨᠧᠷᠭᠢ᠎ᠶᠢᠨ ᠵᠠᠬ᠎ᠠ ᠳᠡᠯᠭᠡᠭᠦᠷ᠎ᠡᠴᠡ ᠨᠡᠩ ᠲᠦᠷᠭᠡᠨ ᠪᠠᠶ᠋ᠢᠵᠤ ᠮᠡᠳᠡᠨ᠎ᠡ ᠭᠡᠵᠦ᠍ ᠰᠡᠷᠡᠮᠵᠢᠯᠡᠭᠦᠯᠪᠡ᠃

ᠳᠡᠯᠡᠬᠡᠶ᠎ᠶᠢᠨ ᠠᠷᠠᠯᠵᠢᠶᠠᠨ᠎ᠤ ᠵᠣᠬᠢᠶᠠᠨ ᠪᠠᠶ᠋ᠢᠭᠤᠯᠤᠯᠲᠠ᠎ᠶᠢᠨ ᠬᠠᠮᠤᠭ᠎ᠤᠨ ᠰᠢᠨ᠎ᠡ ᠰᠤᠳᠤᠯᠭᠠᠨ᠎ᠳ᠋ᠤ ᠬᠠᠷᠠᠭᠤᠯᠤᠬᠰᠡᠨ ᠵᠢᠡᠷ᠂ ᠳᠤᠮᠳᠠᠳᠤ ᠳᠣᠷᠣᠨᠠᠲᠤ᠎ᠶᠢᠨ ᠲᠡᠶ᠋ᠢᠨ ᠡᠭᠦᠰᠦᠭᠰᠡᠨ᠎ᠡᠴᠡ ᠨᠠᠭᠠᠰᠢ᠂ ᠬᠤᠷᠮᠤᠽ ᠬᠣᠭᠣᠯᠠᠶ᠎ᠪᠠᠷ ᠳᠡᠮᠵᠢᠨ ᠦᠨᠭᠭᠡᠷᠡᠭᠰᠡᠨ ᠬᠢᠮᠢ᠎ᠶᠢᠨ ᠪᠣᠷᠲᠣᠭᠣᠷ᠎ᠤᠨ ᠣᠩᠭᠣᠴᠠ ᠪᠠᠷᠤᠭ 《ᠲᠡᠭ》 ᠪᠣᠯᠵᠠᠶ᠃ ᠬᠡᠳᠦᠶ᠋ᠢᠪᠡᠷ ᠬᠡᠰᠡᠭ ᠦᠢᠯᠡᠳᠭᠦᠨ᠎ᠢ ᠤᠯᠠᠭᠠᠨ ᠲᠠᠩᠭᠢᠰ᠎ᠤᠨ ᠶᠠᠨᠪᠦ᠋ ᠭᠠᠷᠠᠮ᠎ᠢᠶᠠᠷ ᠳᠠᠮᠵᠢᠨ ᠲᠣᠭᠣᠷᠢᠨ ᠭᠠᠷᠭᠠᠵᠤ ᠪᠣᠯᠬᠤ ᠪᠣᠯᠪᠠᠴᠤ᠌ ᠲᠡᠭᠡᠭᠡᠪᠦᠷᠢ᠎ᠶᠢᠨ ᠬᠦᠴᠦᠨ ᠪᠠ ᠦᠷ᠎ᠡ ᠪᠦᠲᠦᠮᠵᠢ ᠨᠢ ᠳᠠᠢ᠌ᠨ᠎ᠦ ᠡᠮᠦᠨᠡᠬᠢ᠎ᠡᠴᠡ ᠬᠤᠯᠠ ᠳᠣᠣᠷ᠎ᠠ ᠶᠤᠮ᠃

ᠣᠳᠣᠬᠠᠨ᠎ᠳᠤ᠂ ᠬᠢᠮᠢ᠎ᠶᠢᠨ ᠪᠣᠷᠲᠣᠭᠣᠷ᠎ᠢ ᠭᠠᠳᠠᠭᠠᠳᠤ᠎ᠡᠴᠡ ᠣᠷᠣᠭᠤᠯᠬᠤ ᠤᠯᠤᠰ᠎ᠤᠨ ᠬᠥᠮᠥᠷᠭᠡ᠎ᠶᠢᠨ ᠬᠠᠳᠠᠭᠠᠯᠠᠯᠲᠠ᠎ᠶᠢ ᠦᠷᠭᠦᠯᠵᠢᠯᠡᠨ ᠵᠠᠬ᠎ᠠ ᠲᠡᠯᠭᠡᠬᠦᠷ ᠲᠤ᠌ ᠭᠠᠷᠭᠠᠬᠤ ᠵᠢ ᠳᠠᠭᠠᠯᠳᠤᠨ᠂ ᠬᠢᠮᠢ᠎ᠶᠢᠨ ᠪᠣᠷᠲᠣᠭᠣᠷ᠎ᠤᠨ ᠬᠠᠩᠭᠠᠯᠭ᠎ᠠ ᠲᠠᠰᠤᠷᠠᠬᠤ ᠨᠥᠯᠥᠭᠡ ᠶᠠᠭ ᠲᠠᠷᠢᠶᠠᠯᠠᠩ᠎ᠤᠨ ᠦᠢᠯᠡᠳᠪᠤᠷᠢᠯᠡᠯ᠎ᠦᠨ ᠲᠠᠯ᠎ᠠ ᠳᠠᠢᠰᠢ ᠥᠷᠭᠡᠵᠢᠵᠦ᠍ ᠪᠠᠶ᠋ᠢᠨ᠎ᠠ᠃ ᠵᠠᠷᠢᠮ ᠤᠯᠤᠰ ᠭᠠᠳᠠᠭᠠᠳᠤ᠎ᠳᠤ ᠭᠠᠷᠭᠠᠬᠤ᠎ᠶᠢ ᠬᠢᠵᠠᠭᠠᠷᠯᠠᠬᠤ᠂ ᠭᠠᠳᠠᠭᠠᠳᠤ᠎ᠡᠴᠡ ᠣᠷᠣᠭᠤᠯᠬᠤ᠎ᠳᠤ ᠨᠥᠬᠥᠪᠥᠷᠢ ᠥᠭᠬᠦ᠌ ᠵᠡᠷᠭᠡ ᠠᠷᠭ᠎ᠠ ᠬᠡᠮᠵᠢᠶ᠎ᠡ ᠠᠪᠴᠤ᠌᠂ ᠤᠯᠠᠨ ᠤᠯᠤᠰ᠎ᠤᠨ ᠦᠨ᠎ᠡ ᠬᠠᠩᠰᠢ᠎ᠶᠢ ᠤᠯᠠᠮ ᠨᠢᠭᠡ ᠠᠯᠬᠤᠮ ᠥᠰᠬᠡᠵᠦ᠍᠂ ᠬᠠᠩᠭᠠᠯᠭ᠎ᠠ᠎ᠶᠢᠨ ᠪᠠᠴᠢᠮ ᠪᠠᠶ᠋ᠢᠳᠠᠯ᠎ᠢ ᠬᠤᠷᠴᠠᠳᠬᠠᠵᠤ ᠮᠡᠳᠡᠨ᠎ᠠ᠃ ᠣᠯᠠᠨ ᠤᠯᠤᠰ᠎ᠤᠨ ᠠᠮᠤ ᠪᠤᠳᠠᠭᠠᠨ᠎ᠤ ᠲᠥᠷᠥ᠎ᠶᠢᠨ ᠪᠣᠳᠣᠯᠭ᠎ᠠ᠎ᠶᠢᠨ ᠰᠤᠳᠤᠯᠭᠠᠨ᠎ᠤ ᠭᠠᠵᠠᠷ᠎ᠡᠴᠡ ᠵᠢᠭᠠᠵᠤ ᠭᠠᠷᠭᠠᠭᠰᠠᠨ ᠵᠢᠡᠷ᠂ ᠬᠢᠮᠢ᠎ᠶᠢᠨ ᠪᠣᠷᠲᠣᠭᠣᠷ᠎ᠤᠨ ᠬᠠᠩᠭᠠᠯᠭ᠎ᠠ᠎ᠶᠢᠨ ᠬᠡᠯᠬᠢᠶ᠎ᠡ ᠨᠢ ᠠᠮᠤ ᠪᠤᠳᠠᠭᠠᠨ᠎ᠤ ᠠᠷᠠᠯᠵᠢᠶᠠᠨ᠎ᠤ ᠲᠣᠰ ᠪᠡᠶ᠎ᠡ᠎ᠡᠴᠡ ᠨᠠᠩ ᠬᠡᠪᠡᠷᠡᠭ ᠪᠠᠶ᠋ᠢᠵᠤ᠂ ᠡᠬᠢᠨ ᠤ᠋ ᠭᠡᠯᠬᠢᠶ᠎ᠠ ᠳ᠋ᠤ ᠣᠷᠳᠣ ᠬᠤᠭᠤᠴᠠᠭ᠎ᠠ᠎ᠪᠠᠷ ᠬᠠᠷᠰᠢᠯᠠᠭᠳᠠᠪᠠᠯ᠂ ᠲᠡᠭᠦᠨ᠎ᠦ ᠨᠥᠯᠥᠭᠡ ᠨᠢ ᠲᠠᠷᠢᠶᠠᠯᠠᠩ᠎ᠤᠨ ᠠᠵᠤ ᠦᠢᠯᠡᠰ᠎ᠦᠨ ᠬᠡᠯᠬᠢᠶ᠎ᠡ᠎ᠶᠢᠨ ᠳᠠᠭᠠᠤ ᠠᠯᠬᠤᠮ ᠠᠯᠬᠤᠮ᠎ᠢᠶᠠᠷ ᠶᠡᠬᠡᠰᠴᠦ᠍᠂ ᠡᠴᠦᠰ᠎ᠲᠡᠬᠡᠨ ᠪᠥᠬᠥ᠌ ᠳᠡᠯᠡᠬᠡᠶ᠎ᠶᠢᠨ ᠢᠳᠡᠭᠡᠨ᠎ᠦ ᠵᠦᠢᠯ᠎ᠦᠨ ᠦᠨ᠎ᠡ᠎ᠳᠦ ᠬᠥᠷᠬᠥ᠌ ᠪᠣᠯᠤᠨ᠎ᠠ ᠭᠡᠵᠤ ᠵᠢᠭᠠᠵᠤ ᠭᠠᠷᠭᠠᠪᠠ᠃

ᠵᠠᠳᠠᠯᠤᠬᠴᠢ ᠵᠢᠨ ᠦᠵᠡᠬᠦ᠌᠎ᠪᠡᠷ᠂ ᠬᠢᠮᠢ᠎ᠶᠢᠨ ᠪᠣᠷᠲᠣᠭᠣᠷ᠎ᠤᠨ ᠬᠠᠩᠭᠠᠯᠭ᠎ᠠ ᠲᠠᠰᠤᠷᠠᠭᠰᠠᠨ ᠨᠥᠯᠥᠭᠡ ᠨᠢ ᠬᠣᠴᠣᠷᠤᠩᠭᠤᠶ ᠴᠢᠨᠠᠷ᠎ᠲᠠᠶ᠂ ᠣᠳᠣᠬᠠᠨ᠎ᠳᠤ ᠠᠵᠢᠯ ᠲᠥᠷᠥᠯ᠎ᠦᠨ᠎ᠬᠢᠨ ᠣᠷᠣᠭᠤᠯᠤᠯᠲᠠ᠎ᠶᠢᠨ ᠡᠳ᠋᠎ᠦᠨ ᠦᠨ᠎ᠡ᠎ᠶᠢ ᠠᠩᠬᠠᠷᠴᠤ᠌ ᠪᠠᠶ᠋ᠢᠨ᠎ᠠ᠂ ᠭᠡᠪᠡᠴᠦ᠍ ᠵᠢᠩᠬᠢᠨᠢ ᠨᠥᠯᠥᠭᠡᠯᠡᠬᠦ᠌ ᠨᠢ ᠡᠨᠡ ᠵᠢᠯ᠎ᠦᠨ ᠨᠠᠮᠤᠷ᠎ᠤᠨ ᠲᠠᠷᠢᠶᠠᠯᠠᠭ᠎ᠠ ᠵᠢᠴᠢ ᠢᠷᠡᠬᠦ᠌ ᠵᠢᠯ᠎ᠦᠨ ᠬᠤᠷᠢᠶᠠᠯᠲᠠ ᠪᠣᠯᠤᠨ᠎ᠠ᠃

ᠬᠠᠴᠢᠨ ᠴᠠᠭ ᠠᠭᠤᠷ ᠨᠢ ᠲᠠᠷᠢᠶᠠᠯᠠᠩ᠎ᠤᠨ ᠦᠢᠯᠡᠳᠪᠤᠷᠢᠯᠡᠯ᠎ᠢ ᠬᠠᠷᠰᠢᠯᠠᠵᠤ ᠪᠠᠢᠨ᠎ᠠ

ᠳᠡᠯᠡᠬᠡᠶ᠎ᠶᠢᠨ ᠴᠠᠭ ᠠᠭᠤᠷ᠎ᠤᠨ ᠵᠣᠬᠢᠶᠠᠨ ᠪᠠᠶ᠋ᠢᠭᠤᠯᠤᠯᠲᠠ ᠣᠶ᠋ᠢᠷ᠎ᠠ᠎ᠳᠤ᠂ ᠡᠸᠯᠨᠢᠨᠤ᠋ ᠵᠢᠨ ᠪᠠᠶ᠋ᠢᠳᠠᠯ ᠨᠢᠭᠡᠨᠲᠡ ᠬᠠᠯᠠᠭᠤᠨ ᠪᠦᠰᠡᠨ᠎ᠦ ᠨᠣᠮᠣᠬᠠᠨ ᠲᠡᠯᠡᠶ᠎ᠶᠢᠨ ᠣᠷᠣᠨ᠎ᠳᠤ ᠬᠥᠭᠵᠢᠵᠦ᠍ ᠪᠠᠶ᠋ᠢᠨ᠎ᠠ᠂ ᠵᠢᠱ᠌ᠢᠯᠲᠡ᠎ᠪᠡᠷ ᠢᠷᠡᠬᠦ᠌ ᠬᠡᠳᠦᠨ ᠰᠠᠷ᠎ᠠ᠎ᠳᠤ ᠦᠳᠲᠡᠷ ᠲᠦᠷᠭᠡᠨ ᠴᠢᠩᠭᠠᠷᠠᠵᠤ᠂ ᠡᠭᠦᠨ᠎ᠦ ᠤᠯᠠᠮ᠎ᠵᠢᠡᠷ ᠳᠡᠯᠡᠬᠡᠶ᠎ᠶᠢᠨ ᠮᠠᠰᠢ ᠣᠯᠠᠨ ᠭᠠᠵᠠᠷ ᠣᠷᠣᠨ᠎ᠳᠤ ᠬᠠᠯᠠᠭᠤᠨ ᠳᠠᠪᠠᠯᠭᠠᠨ᠂ ᠭᠠᠩ ᠬᠠᠭᠰᠠᠷᠠᠭᠠᠨ᠂ ᠰᠢᠷᠦᠭᠦᠨ ᠪᠣᠷᠣᠭᠠᠨ ᠵᠡᠷᠭᠡ ᠣᠨᠴᠠᠭᠠᠶ ᠴᠠᠭ ᠠᠭᠤᠷ᠎ᠤᠨ ᠬᠡᠷᠡᠭ ᠡᠭᠦᠰᠬᠦ᠌ ᠪᠣᠯᠤᠯᠴᠠᠭ᠎ᠠ᠎ᠶᠢ ᠨᠡᠮᠡᠭᠳᠡᠭᠦᠯᠬᠦ᠌ ᠪᠣᠯᠤᠨ᠎ᠠ ᠭᠡᠵᠤ ᠢᠯᠡᠳᠭᠡᠪᠡ᠃

ᠤᠢ᠌ᠷ᠎ᠠ᠎ᠶᠢᠨ ᠵᠢᠯ᠎ᠳ᠋ᠤ ᠲᠠᠷᠢᠶᠠᠯᠠᠩ᠎ᠤᠨ ᠮᠡᠷᠭᠡᠵᠢᠯ ᠴᠢᠬᠤᠯᠠ ᠶᠡᠬᠡ ᠲᠠᠪᠰᠢᠯᠳᠠ᠎ᠲᠠᠶ ᠪᠣᠯᠤᠭᠰᠠᠨ ᠪᠣᠯᠪᠠᠴᠤ᠌ ᠦᠷᠭᠦᠯᠵᠢᠯᠡᠨ ᠬᠡᠪ᠎ᠦᠨ ᠪᠤᠰᠤ ᠠᠭᠤᠷ ᠠᠮᠢᠰᠬᠤᠯ ᠭᠠᠷᠤᠭᠰᠠᠨ ᠨᠢ ᠮᠥᠨ ᠯᠡ ᠲᠠᠷᠢᠶᠠᠯᠠᠩ᠎ᠤᠨ ᠦᠢᠯᠡᠳᠪᠦᠷᠢᠯᠡᠯ᠎ᠦᠨ ᠲᠥᠷᠥᠯᠬᠢ ᠳᠠᠶ᠋ᠢᠰᠤᠨ ᠪᠣᠯᠤᠭᠰᠠᠭᠠᠷ ᠪᠠᠶ᠋ᠢᠨ᠎ᠠ᠃ ᠲᠡᠯᠡᠭᠡᠢ ᠵᠢᠨ ᠠᠮᠤ ᠪᠤᠳᠠᠭ᠎ᠠ ᠪᠠ ᠲᠠᠷᠢᠶᠠᠯᠠᠩ᠎ᠤᠨ ᠵᠣᠬᠢᠶᠠᠨ ᠪᠠᠶ᠋ᠢᠭᠤᠯᠤᠯᠲᠠ᠎ᠶᠢᠨ ᠦᠵᠡᠬᠦ᠌᠎ᠪᠡᠷ᠂ ᠶᠠᠭ ᠡᠬᠦᠰᠴᠤ ᠪᠠᠶ᠋ᠢᠭ᠎ᠠ ᠰᠢᠨ᠎ᠡ ᠨᠢᠭᠡᠨ ᠡᠭᠡᠯᠵᠢ᠎ᠶᠢᠨ ᠡᠸᠯᠨᠢᠨᠤ᠋ ᠵᠢᠨ ᠦᠵᠡᠭᠳᠡᠯ ᠨᠢ ᠣᠶ᠋ᠢᠷ᠎ᠠ᠎ᠶᠢᠨ ᠵᠢᠯ᠎ᠳ᠋ᠤ ᠪᠥᠬᠥ᠌ ᠪᠥᠮᠪᠥᠷᠴᠡᠭ᠎ᠦᠨ ᠲᠠᠷᠢᠶᠠᠯᠠᠩ᠎ᠢ ᠨᠥᠯᠥᠭᠡᠯᠡᠬᠦ᠌ ᠬᠠᠮᠤᠭ᠎ᠤᠨ ᠶᠡᠬᠡ ᠠᠭᠤᠷ ᠠᠮᠢᠰᠬᠤᠯ᠎ᠤᠨ ᠬᠤᠪᠢᠰᠤᠭᠴᠢ ᠬᠡᠮᠵᠢᠭᠳᠡᠬᠦᠨ ᠪᠣᠯᠵᠣ ᠮᠡᠳᠡᠨ᠎ᠡ᠃

ᠪᠦᠬᠦ᠌ ᠪᠥᠮᠪᠥᠷᠴᠡᠭ᠎ᠦᠨ ᠬᠠᠷᠠᠭᠠᠰᠤ ᠡᠴᠡ ᠦᠵᠡᠪᠡᠯ᠂ ᠥᠩᠭᠡᠷᠡᠭᠰᠡᠨ᠎ᠳᠦ ᠲᠠᠷᠢᠶᠠᠯᠠᠩ᠎ᠤᠨ ᠭᠠᠷᠤᠯᠲᠠ᠎ᠶᠢᠨ ᠣᠷᠣᠨ ᠭᠠᠮᠰᠢᠭ᠎ᠲᠤ᠌ ᠤᠴᠠᠷᠠᠪᠠᠯ᠂ ᠪᠤᠰᠤᠳ ᠭᠠᠷᠤᠯᠲᠠ᠎ᠶᠢᠨ ᠣᠷᠣᠨ ᠨᠢ ᠵᠣᠬᠢᠬᠤ ᠬᠡᠮᠵᠢᠶᠡᠨ ᠳ᠋ᠤ ᠤᠨᠠᠯᠲᠠ᠎ᠶᠢᠨ ᠳᠤᠲᠠᠭᠤᠳᠠᠯ᠎ᠢ ᠨᠥᠬᠥᠪᠥᠷᠢᠯᠡᠵᠦ᠍ ᠴᠢᠳᠠᠨ᠎ᠠ᠂ ᠭᠡᠪᠡᠴᠦ᠍ ᠡᠸᠯᠨᠢᠨᠤ᠋᠎ᠵᠢᠨ ᠦᠵᠡᠭᠳᠡᠯ ᠪᠦᠬᠦ᠌ ᠪᠥᠮᠪᠥᠷᠴᠡᠭ᠎ᠦᠨ ᠠᠭᠤᠷ ᠠᠮᠢᠰᠬᠤᠯ᠎ᠢ ᠬᠡᠪ᠎ᠦᠨ ᠪᠤᠰᠤ ᠪᠣᠯᠭᠠᠵᠤ᠂ ᠲᠠᠷᠢᠶᠠᠯᠠᠩ᠎ᠤᠨ ᠭᠠᠷᠤᠯᠲᠠ᠎ᠶᠢᠨ ᠣᠷᠣᠨ ᠪᠦᠬᠦᠨ᠎ᠢ ᠵᠡᠷᠭᠡ᠎ᠪᠡᠷ ᠭᠠᠮᠰᠢᠭᠳᠠᠭᠤᠯᠵᠤ᠂ ᠪᠦᠬᠦ᠌ ᠪᠥᠮᠪᠥᠷᠴᠡᠭ᠎ᠦᠨ ᠠᠮᠤ ᠪᠤᠳᠠᠭᠠᠨ᠎ᠤ ᠬᠠᠩᠭᠠᠯᠭ᠎ᠠ᠎ᠳᠤ ᠬᠦᠨᠳᠦ ᠶᠡᠬᠡ ᠥᠷᠢᠰᠥᠯᠳᠦᠭᠡᠨ ᠠᠪᠴᠢᠷᠠᠵᠤ ᠮᠡᠳᠡᠨ᠎ᠡ᠃

ᠠᠮᠤ ᠪᠤᠳᠠᠭ᠎ᠠ ᠪᠠ ᠲᠠᠷᠢᠶᠠᠯᠠᠩ᠎ᠤᠨ ᠵᠣᠬᠢᠶᠠᠨ ᠪᠠᠶ᠋ᠢᠭᠤᠯᠤᠯᠲᠠ᠎ᠶᠢᠨ ᠦᠵᠡᠬᠦ᠌᠎ᠪᠡᠷ᠂ ᠬᠠᠴᠢᠨ ᠴᠠᠭ ᠠᠭᠤᠷ ᠤᠯᠠᠮ᠎ᠡᠴᠡ ᠤᠯᠠᠮ ᠣᠯᠠᠰᠢᠷᠠᠵᠤ ᠪᠠᠶ᠋ᠢᠬᠤ ᠪᠥᠭᠡᠳ ᠪᠤᠳᠤᠯᠢᠶᠠᠨᠲᠠᠶ ᠪᠣᠯᠵᠣ᠂ ᠲᠠᠷᠢᠶᠠᠯᠠᠩ᠎ᠤᠨ ᠦᠢᠯᠡᠳᠪᠤᠷᠢᠯᠡᠯ᠎ᠢ ᠤᠯᠠᠮ᠎ᠡᠴᠡ ᠤᠯᠠᠮ ᠤᠯᠠᠮᠵᠢᠯᠠᠯᠲᠤ᠌ ᠲᠤᠷᠰᠢᠯᠭ᠎ᠠ᠎ᠳᠤ ᠲᠦᠰᠢᠭᠯᠡᠨ ᠳᠠᠷᠢᠬᠤ ᠪᠠ ᠬᠤᠷᠢᠶᠠᠬᠤ᠎ᠳᠤ ᠬᠦᠴᠢᠷ ᠪᠣᠯᠭᠠᠵᠤ ᠪᠠᠶ᠋ᠢᠨ᠎ᠠ᠃

ᠠᠷᠠᠯᠵᠢᠶᠠᠨ᠎ᠤ ᠬᠠᠮᠠᠭᠠᠯᠠᠬᠤ ᠦᠵᠡᠯ ᠨᠢ ᠪᠦᠬᠦ᠌ ᠪᠥᠮᠪᠥᠷᠴᠡᠭ᠎ᠦᠨ ᠬᠠᠩᠭᠠᠯᠭ᠎ᠠ᠎ᠶᠢᠨ ᠬᠡᠯᠬᠢᠶ᠎ᠡ᠎ᠶᠢ ᠬᠠᠷᠰᠢᠯᠠᠵᠤ ᠪᠠᠢᠨ᠎ᠠ

ᠥᠩᠭᠡᠷᠡᠭᠰᠡᠨ ᠬᠡᠳᠦᠨ ᠠᠷᠪᠠᠨ ᠵᠢᠯ᠎ᠳᠦ᠂ ᠪᠦᠬᠦ᠌ ᠪᠥᠮᠪᠥᠷᠴᠡᠭ᠎ᠦᠨ ᠠᠮᠤ ᠪᠤᠳᠠᠭᠠᠨ᠎ᠤ ᠠᠮᠤᠷ ᠲᠦᠪᠰᠢᠨ ᠮᠠᠰᠢ ᠶᠡᠬᠡ ᠬᠡᠮᠵᠢᠶ᠎ᠡ᠎ᠪᠡᠷ ᠤᠯᠠᠨ ᠤᠯᠤᠰ᠎ᠤᠨ ᠠᠷᠠᠯᠵᠢᠶᠠᠨ᠎ᠤ ᠰᠠᠭᠤᠷᠢᠨ ᠳᠡᠭᠡᠷ᠎ᠡ ᠪᠠᠶ᠋ᠢᠭᠤᠯᠤᠭᠳᠠᠵᠠᠢ᠃ ᠨᠢᠭᠡ ᠤᠯᠤᠰ ᠬᠤᠷᠢᠶᠠᠯᠳᠠ ᠠᠯᠳᠠᠭᠰᠠᠨ ᠴᠤ᠌ ᠪᠦᠬᠦ᠌ ᠪᠥᠮᠪᠥᠷᠴᠡᠭ᠎ᠦᠨ ᠵᠠᠬ᠎ᠠ ᠳᠡᠯᠭᠡᠭᠦᠷ᠎ᠦᠨ ᠲᠤᠬᠢᠷᠠᠭᠤᠯᠭ᠎ᠠ᠎ᠳᠤ ᠲᠦᠰᠢᠭᠯᠡᠵᠦ᠍ ᠪᠣᠯᠤᠨ᠎ᠠ᠃ ᠡᠳᠤᠭᠡ᠂ ᠡᠶ᠋ᠢᠮᠦᠷᠬᠦᠦ ᠲᠣᠭᠲᠠᠴᠠ ᠨᠢ ᠶᠠᠭ ᠡᠳᠦᠷ ᠢᠷᠡᠬᠦᠶ᠎ᠡ ᠬᠦᠨᠳᠦ ᠬᠡᠴᠡᠭᠦᠦ ᠥᠷᠢᠰᠥᠯᠳᠦᠭᠡᠨ᠎ᠳᠦ ᠲᠤᠯᠭᠠᠷᠠᠵᠤ ᠪᠠᠶ᠋ᠢᠨ᠎ᠠ᠃

ᠤᠯᠠᠨ ᠤᠯᠤᠰ᠎ᠤᠨ ᠠᠮᠤ ᠪᠤᠳᠠᠭᠠᠨ᠎ᠤ ᠲᠦᠷᠦ᠎ᠶᠢᠨ ᠪᠤᠳᠤᠯᠭ᠎ᠠ ᠰᠤᠳᠤᠯᠬᠤ ᠭᠠᠵᠠᠷ ᠵᠡᠷᠭᠡ ᠪᠠᠶ᠋ᠢᠭᠤᠯᠤᠮᠵᠢ᠂ ᠤᠳᠤ ᠦᠶ᠎ᠡ᠎ᠶᠢᠨ ᠠᠮᠤ ᠪᠤᠳᠠᠭᠠᠨ᠎ᠤ ᠠᠮᠤᠷ ᠲᠦᠪᠰᠢᠨ᠎ᠦ ᠭᠣᠣᠯ ᠥᠷᠢᠰᠥᠯᠳᠦᠭᠡᠨ ᠨᠢ ᠨᠢᠭᠡᠨᠲᠡ 《ᠬᠠᠷᠢᠴᠠᠯᠠᠰᠢᠭᠦᠢ ᠦᠢᠯᠡᠳᠪᠦᠷᠢᠯᠡᠯ᠎ᠦᠨ ᠬᠡᠮᠵᠢᠶ᠎ᠡ》 ᠡᠴᠡ 《ᠤᠯᠬᠤ ᠴᠢᠳᠠᠪᠤᠷᠢ》 ᠪᠣᠯᠤᠨ ᠬᠤᠪᠢᠷᠠᠵᠠᠢ᠃ ᠪᠦᠬᠦ᠌ ᠪᠥᠮᠪᠥᠷᠴᠡᠭ᠎ᠦᠨ ᠠᠮᠤ ᠪᠤᠳᠠᠭᠠᠨ᠎ᠤ ᠶᠡᠷᠦᠩᠬᠡᠢ ᠤᠨᠠᠯᠲᠠ ᠭᠦᠢᠴᠡᠳ ᠪᠠᠶ᠋ᠢᠯ᠎ᠠ ᠴᠤ᠌ ᠭᠡᠰᠡᠨ᠂ ᠬᠥᠮᠦᠰ ᠬᠡᠷᠪᠡ ᠶᠠᠳᠠᠭᠤ ᠬᠦᠴᠢᠷᠳᠡᠯ᠂ ᠪᠠᠷᠠᠭᠠᠨ᠎ᠤ ᠭᠦᠢᠯᠭᠡᠭᠡ ᠲᠠᠰᠤᠯᠳᠠᠬᠤ ᠪᠤᠶᠤ ᠵᠠᠬ᠎ᠠ ᠳᠡᠯᠭᠡᠭᠦᠷ ᠦᠢᠯᠡᠳᠦᠯ᠎ᠢᠶᠡᠨ ᠠᠯᠳᠠᠭᠰᠠᠨ᠎ᠡᠴᠡ ᠪᠤᠯᠵᠦ᠍ ᠬᠤᠳᠠᠯᠳᠤᠨ ᠠᠪᠴᠤ᠌ ᠳᠡᠶ᠋ᠢᠯᠬᠦ᠌ ᠦᠭᠡᠢ ᠪᠤᠶᠤ ᠲᠡᠭᠡᠭᠡᠪᠤᠷᠢᠯᠡᠵᠤ ᠳᠡᠶ᠋ᠢᠯᠬᠦ᠌ ᠦᠭᠡᠢ ᠪᠣᠯ ᠥᠯᠥᠰᠬᠥᠯᠡᠩ ᠮᠥᠨ ᠬᠦ᠌ ᠡᠭᠦᠰᠬᠦ᠌ ᠪᠣᠯᠤᠨ᠎ᠠ ᠭᠡᠵᠤ ᠲᠠᠬᠢᠨ ᠲᠠᠪᠳᠠᠨ ᠴᠢᠬᠤᠯᠠᠴᠢᠯᠠᠪᠠ᠃

ᠬᠠᠮᠤᠭ᠎ᠤᠨ ᠰᠢᠨ᠎ᠡ ᠰᠤᠳᠤᠯᠭᠠᠨ᠎ᠳ᠋ᠤ ᠬᠠᠷᠠᠭᠤᠯᠤᠬᠰᠡᠨ ᠵᠢᠡᠷ᠂ ᠪᠥᠬᠥ᠌ ᠪᠥᠮᠪᠥᠷᠴᠡᠭ᠎ᠦᠨ ᠠᠮᠤ ᠪᠤᠳᠠᠭᠠᠨ᠎ᠤ ᠠᠷᠠᠯᠵᠢᠶᠠᠨ᠎ᠤ ᠲᠤᠤᠷ ᠬᠡᠳᠦᠶ᠋ᠢᠪᠡᠷ ᠨᠠᠩ ᠣᠯᠠᠨ ᠡᠰᠢᠵᠢᠭᠰᠡᠨ ᠪᠣᠯᠪᠠᠴᠤ᠌ ᠬᠠᠩᠭᠠᠯᠭ᠎ᠠ᠎ᠶᠢᠨ ᠬᠡᠯᠬᠢᠶ᠎ᠡ᠎ᠶᠢᠨ ᠬᠠᠷᠢᠯᠴᠠᠭ᠎ᠠ᠎ᠨᠢ ᠴᠦ᠍ ᠨᠠᠩ ᠪᠤᠳᠤᠯᠢᠶᠠᠨᠲᠠᠶ ᠪᠠᠶ᠋ᠢᠵᠤ᠂ ᠭᠠᠳᠠᠭᠠᠳᠤ᠎ᠳᠤ ᠭᠠᠷᠭᠠᠬᠤ ᠭᠤᠤᠯ ᠤᠯᠤᠰ᠎ᠤᠳ ᠭᠠᠳᠠᠭᠠᠳᠤ᠎ᠳᠤ ᠭᠠᠷᠭᠠᠬᠤ᠎ᠶᠢ ᠬᠢᠵᠠᠭᠠᠷᠯᠠᠪᠠᠯ ᠠᠶᠤᠯ ᠲᠦᠭᠰᠢᠭᠦᠷᠢ᠎ᠶᠢᠨ ᠲᠠᠷᠬᠠᠬᠤ ᠬᠤᠷᠳᠤᠴᠠ᠎ᠨᠢ ᠭᠡᠳᠡᠷᠭᠦ᠎ᠪᠡᠨ ᠨᠠᠩ ᠲᠦᠷᠭᠡᠨ ᠪᠣᠯᠵᠣ᠂ ᠭᠠᠳᠠᠭᠠᠳᠤ᠎ᠡᠴᠡ ᠣᠷᠣᠭᠤᠯᠬᠤ᠎ᠳᠤ ᠨᠡᠯᠢᠶᠡᠳ ᠶᠡᠬᠡ ᠲᠦᠰᠢᠭᠯᠡᠬᠦ᠌ ᠬᠥᠭᠵᠢᠵᠦ᠍ ᠪᠠᠶ᠋ᠢᠭ᠎ᠠ ᠤᠯᠤᠰ᠎ᠤ᠋ᠳ ᠲᠤ᠌ ᠦᠵᠡᠭᠦᠯᠬᠦ᠌ ᠨᠥᠯᠥᠭᠡ᠎ᠨᠢ ᠨᠠᠩ ᠢᠯᠡᠷᠬᠡᠶ ᠪᠣᠯᠬᠤ ᠶᠤᠮ᠃

ᠣᠶ᠋ᠢᠷ᠎ᠠ᠎ᠶᠢᠨ ᠵᠢᠯ᠎ᠳᠦ᠂ ᠡᠶ᠋ᠢᠮᠦᠷᠬᠦᠤ ᠬᠡᠷᠡᠭ᠎ᠦᠨ ᠵᠢᠱ᠌ᠢᠶ᠎ᠡ ᠣᠯᠠᠨᠲᠠ ᠢᠯᠡᠷᠡᠪᠡ᠃ ᠬᠡᠳᠦᠨ ᠵᠢᠯ᠎ᠦᠨ ᠡᠮᠦᠨ᠎ᠡ᠂ ᠡᠨᠡᠳᠬᠡᠭ ᠪᠤᠭᠤᠳᠠᠢ᠂ ᠲᠤᠲᠤᠷᠭ᠎ᠠ ᠵᠢ ᠭᠠᠳᠠᠭᠠᠳᠤ᠎ᠳᠤ ᠭᠠᠷᠭᠠᠬᠤ ᠪᠡᠨ ᠬᠢᠵᠠᠭᠠᠷᠯᠠᠵᠤ ᠪᠠᠶ᠋ᠢᠪᠠ᠃ ᠲᠤᠲᠤᠷᠭ᠎ᠠ᠎ᠶᠢ ᠭᠠᠳᠠᠭᠠᠳᠤ᠎ᠳᠤ ᠭᠠᠷᠭᠠᠬᠤ ᠴᠢᠬᠤᠯᠠ ᠤᠯᠤᠰ ᠪᠣᠯᠤᠭᠰᠠᠨ᠎ᠤ ᠬᠤᠪᠢ᠎ᠳᠤ᠂ ᠡᠨᠡᠳᠬᠡᠭ᠎ᠦᠨ ᠡᠨᠡ ᠬᠦ᠌ ᠠᠵᠢᠯᠯᠠᠭ᠎ᠠ ᠨᠢ ᠣᠯᠠᠨ ᠤᠯᠤᠰ᠎ᠤᠨ ᠲᠤᠲᠤᠷᠭ᠎ᠠ᠎ᠶᠢᠨ ᠦᠨ᠎ᠡ᠎ᠶᠢ ᠤᠢᠷ᠎ᠠ ᠵᠢᠨ 15 ᠵᠢᠯ ᠤ᠋ᠨ ᠥᠨᠳᠥᠷ ᠬᠡᠮᠵᠢᠶᠡᠨ᠎ᠳᠦ ᠬᠦᠷᠭᠡᠭᠰᠡᠨ ᠪᠠᠶ᠋ᠢᠨ᠎ᠠ᠃ ᠳᠤᠮᠳᠠᠳᠤ ᠳᠣᠷᠣᠨᠠᠲᠤ᠎ᠶᠢᠨ ᠳᠠᠶ᠋ᠢᠨ ᠡᠭᠦᠰᠦᠭᠰᠡᠨ᠎ᠡᠴᠡ ᠨᠠᠭᠠᠰᠢ᠂ ᠡᠨᠡᠳᠬᠡᠭ ᠪᠠᠰᠠ ᠰᠢᠬᠢᠷ᠎ᠢ ᠭᠠᠳᠠᠭᠠᠳᠤ᠎ᠳᠤ ᠭᠠᠷᠭᠠᠬᠤ᠎ᠶᠢ ᠪᠦᠬᠦ᠌ ᠲᠠᠯ᠎ᠠ᠎ᠪᠠᠷ ᠴᠠᠭᠠᠵᠠᠯᠠᠭᠰᠠᠨ᠎ᠡᠴᠡ᠂ ᠣᠯᠠᠨ ᠤᠯᠤᠰ᠎ᠤᠨ ᠰᠢᠬᠢᠷ᠎ᠦᠨ ᠦᠨ᠎ᠡ ᠶᠡᠬᠡ᠎ᠪᠡᠷ ᠥᠰᠴᠦ᠍᠂ ᠡᠨᠡᠳᠬᠡᠭ᠎ᠦᠨ ᠰᠢᠬᠢᠷ᠎ᠦᠨ ᠢᠷᠡᠯᠲᠡ᠎ᠳᠦ ᠬᠦᠨᠳᠦ ᠨᠣᠴᠢᠲᠠᠶ ᠲᠦᠰᠢᠭᠯᠡᠵᠦ᠍ ᠪᠠᠶ᠋ᠢᠭᠰᠠᠨ ᠵᠡᠭᠦᠨ ᠡᠮᠦᠨᠡᠲᠦ᠍ ᠠᠽᠢᠶ᠎ᠠ᠎ᠶᠢᠨ ᠤᠯᠤᠰ ᠤ᠋ᠳ᠎ᠤᠨ ᠬᠠᠩᠭᠠᠯᠭ᠎ᠠ ᠪᠠᠴᠢᠮ ᠪᠣᠯᠪᠠ᠃

ᠪᠦᠬᠦ᠌ ᠪᠥᠮᠪᠥᠷᠴᠡᠭ᠎ᠦᠨ ᠬᠠᠩᠭᠠᠯᠭ᠎ᠠ᠎ᠶᠢᠨ ᠬᠡᠯᠬᠢᠶ᠎ᠡ ᠳᠡᠭᠡᠳᠦ ᠬᠡᠮᠵᠢᠶ᠎ᠡ᠎ᠪᠡᠷ ᠬᠣᠯᠪᠣᠯᠳᠤᠵᠤ ᠪᠠᠶ᠋ᠢᠭ᠎ᠠ ᠥᠨᠥᠳᠦᠷ᠂ ᠠᠮᠤ ᠪᠤᠳᠠᠭᠠᠨ᠎ᠤ ᠠᠮᠤᠷ ᠲᠦᠪᠰᠢᠨ᠎ᠢ ᠨᠥᠯᠥᠭᠡᠯᠡᠵᠦ᠍ ᠪᠠᠶ᠋ᠢᠭ᠎ᠠ ᠨᠢ ᠲᠠᠷᠢᠶᠠᠨ ᠭᠠᠵᠠᠷ᠎ᠤᠨ ᠬᠤᠷᠢᠶᠠᠯᠲᠠ ᠪᠣᠯᠬᠤ᠎ᠪᠦᠭᠡᠳ ᠪᠠᠰᠠ ᠤᠯᠠᠨ ᠤᠯᠤᠰ᠎ᠤᠨ ᠪᠠᠷᠠᠭᠠᠨ᠎ᠤ ᠭᠦᠢᠯᠭᠡᠭᠡ ᠰᠠᠭᠠᠳ ᠦᠬᠡᠢ ᠨᠡᠪᠲᠡᠷᠡᠬᠦ᠌ ᠡᠰᠡᠬᠦ᠌᠂ ᠠᠷᠠᠯᠵᠢᠶᠠᠨ᠎ᠤ ᠲᠦᠷᠢᠮ ᠲᠣᠭᠲᠠᠭᠤᠨ ᠪᠠᠶ᠋ᠢᠬᠤ ᠡᠰᠡᠬᠦ᠌᠎ᠶᠢ ᠪᠠᠭᠲᠠᠭᠠᠨ᠎ᠠ᠃

ᠬᠢᠮᠢ᠎ᠶᠢᠨ ᠪᠤᠷᠳᠤᠭᠤᠷ᠎ᠤᠨ ᠬᠠᠩᠭᠠᠯᠭ᠎ᠠ ᠰᠠᠭᠠᠳ᠎ᠲᠤ᠌ ᠤᠴᠠᠷᠠᠭᠰᠠᠨ᠎ᠡᠴᠡ ᠬᠠᠴᠢᠨ ᠴᠠᠭ ᠠᠭᠤᠷ ᠬᠦᠷᠲᠡᠯ᠎ᠡ᠂ ᠲᠠᠬᠢᠭᠠᠳ ᠠᠷᠠᠯᠵᠢᠶᠠᠨ᠎ᠤ ᠬᠠᠮᠠᠭᠠᠯᠠᠬᠤ ᠦᠵᠡᠯ ᠬᠦᠷᠲᠡᠯ᠎ᠡ᠂ ᠭᠤᠷᠪᠠᠨ ᠬᠢᠯᠪᠠᠷᠬᠠᠨ ᠤᠮᠳᠤᠭᠠᠢᠯᠠᠬᠳᠠᠬᠤ ᠲᠦᠭᠰᠢᠬᠦᠷᠢ ᠨᠢ ᠳᠡᠯᠡᠬᠡᠢ᠎ᠶᠢᠨ ᠠᠵᠤ ᠠᠬᠤᠢ᠎ᠶᠢᠨ ᠲᠣᠭᠲᠠᠭᠤᠨ ᠪᠠ ᠪᠦᠬᠦ᠌ ᠪᠥᠮᠪᠥᠷᠴᠡᠭ᠎ᠦᠨ ᠬᠥᠭᠵᠢᠯᠲᠡ᠎ᠳᠦ ᠤᠷᠳᠤ ᠬᠤᠭᠤᠴᠠᠭᠠᠨ᠎ᠤ ᠠᠶᠤᠯ ᠲᠦᠭᠰᠢᠭᠦᠷᠢ ᠠᠪᠴᠢᠷᠠᠬᠤ ᠪᠣᠯᠤᠨ᠎ᠠ᠃ ᠴᠥᠭᠡᠨ ᠪᠤᠰᠤ ᠲᠤᠰᠬᠠᠶ ᠮᠡᠷᠭᠡᠵᠢᠯᠲᠡᠨ᠂ ᠪᠥᠬᠥ᠌ ᠪᠥᠮᠪᠥᠷᠴᠡᠭ᠎ᠦᠨ ᠴᠢᠨᠠᠷᠲᠠᠶ ᠡᠲᠡᠭᠡᠷ ᠬᠢᠯᠪᠠᠷᠬᠠᠨ ᠤᠮᠳᠤᠭᠠᠢᠯᠠᠬᠳᠠᠬᠤ ᠠᠶᠤᠯ ᠲᠦᠭᠰᠢᠭᠦᠷᠢ᠎ᠶᠢᠨ ᠡᠮᠦᠨ᠎ᠡ᠂ ᠢᠷᠡᠭᠡᠳᠦᠶ᠎ᠶᠢᠨ ᠪᠥᠬᠥ᠌ ᠪᠥᠮᠪᠥᠷᠴᠡᠭ᠎ᠦᠨ ᠠᠮᠤ ᠪᠤᠳᠠᠭᠠᠨ᠎ᠤ ᠠᠮᠤᠷ ᠲᠦᠪᠰᠢᠨ᠎ᠦ ᠵᠠᠩᠭᠢᠯᠠᠭ᠎ᠠ ᠨᠢ ᠪᠥᠬᠥ᠌ ᠪᠥᠮᠪᠥᠷᠴᠡᠭ᠎ᠦᠨ ᠲᠠᠷᠢᠶᠠᠯᠠᠩ᠎ᠤᠨ ᠦᠢᠯᠡᠳᠪᠤᠷᠢᠯᠡᠯ᠎ᠦᠨ ᠨᠠᠩ ᠤᠶᠠᠨ ᠬᠠᠲᠠᠨ ᠴᠢᠨᠠᠷᠲᠠᠶ ᠰᠢᠰᠲ᠋ᠧᠮ᠎ᠢ ᠪᠠᠶ᠋ᠢᠭᠤᠯᠵᠤ᠂ ᠨᠡᠭᠡᠭᠡᠯᠲᠡᠲᠡᠶ ᠪᠠᠭᠲᠠᠭᠠᠮᠵᠢᠲᠠᠶ ᠣᠪᠣᠷ᠎ᠢᠶᠠᠷ ᠲᠣᠭᠲᠠᠭᠠᠯᠲᠤ᠌ ᠪᠤᠰᠤ ᠴᠢᠨᠠᠷ᠎ᠢ ᠬᠠᠮᠲᠤ᠎ᠪᠠᠷ ᠡᠰᠡᠷᠭᠦᠴᠡᠵᠦ᠍ ᠴᠢᠳᠠᠬᠤ ᠡᠰᠡᠬᠦ᠌᠎ᠳᠦ ᠪᠠᠢᠨ᠎ᠠ ᠭᠡᠵᠤ ᠦᠵᠡᠪᠡ᠃

(ᠰᠢᠨᠬᠤᠸᠠ ᠬᠣᠷᠢᠶ᠎ᠠ ᠵᠢᠨ ᠪᠡᠭᠡᠵᠢᠩ᠎ᠦᠨ 7 ᠰᠠᠷ᠎ᠠ᠎ᠶᠢᠨ 19 ᠎ᠤ᠋ ᠴᠠᠬᠢᠯᠭᠠᠨ ᠮᠡᠳᠡᠭᠡ ᠡᠴᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号