《ᠬᠠᠮᠤᠭ᠎ᠤᠨ ᠶᠡᠬᠡ ᠠᠷᠠᠳ᠎ᠤᠨ ᠠᠮᠢᠳᠤᠷᠠᠯ》 ᠢ᠋ ᠦᠷᠭᠦᠯᠵᠢᠯᠡᠨ ᠬᠦᠴᠦ ᠤᠷᠤᠭᠤᠯᠵᠤ ᠰᠠᠶ᠋ᠢᠲᠤᠷ ᠠᠳᠬᠤᠬᠤ ᠬᠡᠷᠡᠭᠲᠡᠢ
2026-07-21 10:51:03
ᠵᠣᠬᠢᠶᠠᠭ᠍ᠴᠢ᠄
ᠰᠢᠨᠬᠤᠸᠠ ᠬᠣᠷᠢᠶ᠎ᠠ ᠵᠢᠨ ᠰᠤᠷᠪᠤᠯᠵᠢᠯᠠᠭᠴᠢ ᠵᠠᠩ ᠰᠢᠶᠤᠤ ᠵᠢᠶᠧ
ᠣᠩᠱᠢᠭ᠍ᠰᠠᠨ ᠣᠳᠠᠭ᠎ᠠ᠄
★★★☆☆

ᠠᠵᠢᠯ ᠣᠯᠭᠣᠯᠲᠠ ᠪᠣᠯ ᠬᠠᠮᠤᠭ᠎ᠤᠨ ᠶᠡᠬᠡ ᠠᠷᠠᠳ᠎ᠤᠨ ᠠᠮᠢᠳᠤᠷᠠᠯ ᠮᠥᠨ᠂ ᠵᠣᠩᠬᠢᠯᠠᠬᠤ ᠤᠯᠠᠨ ᠲᠣᠭᠠᠨ᠎ᠤ ᠰᠠᠭᠤᠭᠠᠯᠢ ᠠᠷᠠᠳ᠎ᠤᠨ ᠣᠷᠣᠯᠭ᠎ᠠ᠎ᠶᠢᠨ ᠭᠣᠣᠯ ᠢᠷᠡᠯᠳᠡ ᠮᠥᠨ᠃ ᠤᠯᠤᠰ᠎ᠤᠨ ᠲᠣᠭ᠎ᠠ ᠪᠦᠷᠢᠳᠬᠡᠯ᠎ᠦᠨ ᠲᠣᠪᠴᠢᠶ᠎ᠠ᠎ᠶᠢᠨ ᠣᠶ᠋ᠢᠷ᠎ᠠ᠎ᠳᠤ ᠨᠡᠶ᠋ᠢᠲᠡᠯᠡᠭᠰᠡᠨ ᠲᠣᠭ᠎ᠠ ᠪᠠᠷᠢᠮᠲᠠ᠎ᠳᠤ ᠬᠠᠷᠠᠭᠤᠯᠤᠬᠰᠡᠨ᠎ᠢᠶᠡᠷ᠂ ᠲᠡᠭᠡᠷ᠎ᠠ ᠬᠠᠭᠠᠰ ᠵᠢᠯ᠎ᠳᠦ᠂ ᠪᠥᠬᠥ᠌ ᠤᠯᠤᠰ᠎ᠤᠨ ᠬᠣᠲᠠ ᠪᠠᠯᠭᠠᠰᠤᠨ᠎ᠤ ᠪᠠᠶ᠋ᠢᠴᠠᠭᠠᠭᠰᠠᠨ ᠠᠵᠢᠯ ᠠᠯᠳᠠᠯᠲᠠ᠎ᠶᠢᠨ ᠨᠣᠷᠮ᠎ᠠ᠎ᠶᠢᠨ ᠳᠤᠮᠳᠠᠴᠢ ᠬᠡᠮᠵᠢᠭᠳᠡᠯ᠎ᠨᠢ 5.2% ᠪᠠᠶ᠋ᠢᠵᠤ᠂ ᠲᠡᠭᠡᠷ᠎ᠠ ᠵᠢᠯ᠎ᠦᠨ ᠠᠳᠠᠯᠢ ᠬᠤᠭᠤᠴᠠᠭᠠᠨ᠎ᠤ᠎ᠬᠢ᠎ᠲᠡᠶ ᠲᠡᠩᠴᠡᠵᠦ᠍᠂ ᠲᠦᠷᠤᠬᠦᠤ ᠤᠯᠠᠷᠢᠯ᠎ᠤᠨ᠎ᠬᠢ᠎ᠡᠴᠡ ᠵᠠᠭᠤᠨ ᠤ᠋ ᠬᠠᠷᠢᠴᠠᠯ ᠵᠢᠡᠷ 0.1 ᠬᠤᠪᠢ᠎ᠪᠠᠭᠤᠷᠠᠪᠠ᠃ ᠠᠵᠤ ᠠᠬᠤᠶ᠎ᠶᠢᠨ ᠡᠷᠬᠢᠯᠳᠠ ᠵᠢᠨ ᠶᠡᠷᠦᠩᠬᠡᠶ᠎ᠳᠡᠭᠡᠨ ᠲᠣᠭᠲᠠᠭᠤᠨ ᠪᠠᠶ᠋ᠢᠬᠤ᠂ ᠠᠵᠤ ᠦᠢᠯᠡᠰ ᠠᠵᠢᠯ ᠣᠯᠭᠣᠯᠲᠠ᠎ᠶᠢᠨ ᠬᠠᠮᠵᠢᠯᠴᠠᠬᠤ ᠦᠢᠯᠡᠳᠤᠯ ᠲᠠᠰᠤᠷᠠᠯᠲᠠ ᠥᠬᠡᠶ ᠴᠢᠩᠭᠠᠷᠠᠬᠤ᠎ᠶᠢ ᠳᠠᠭᠠᠯᠳᠤᠨ᠂ ᠠᠵᠢᠯ ᠣᠯᠭᠣᠯᠲᠠ᠎ᠶᠢᠨ ᠪᠠᠶ᠋ᠢᠳᠠᠯ ᠶᠡᠷᠦᠩᠬᠡᠶ᠎ᠳᠡᠭᠡᠨ ᠲᠣᠭᠲᠠᠭᠤᠨ ᠪᠠᠶ᠋ᠢᠨ᠎ᠠ᠃

ᠵᠢᠯ ᠤ᠋ᠨ ᠡᠬᠢᠨ ᠡᠴᠡ ᠨᠠᠭᠠᠰᠢ᠂ ᠡᠯ᠎ᠡ ᠰᠠᠯᠠᠭ᠎ᠠ ᠮᠥᠴᠢᠷ᠎ᠦᠨ ᠬᠢᠨ ᠠᠵᠢᠯ᠎ᠤᠨ ᠪᠠᠶ᠋ᠢᠷᠢ᠎ᠶᠢ ᠲᠣᠭᠲᠠᠪᠤᠷᠢᠵᠢᠭᠤᠯᠵᠤ ᠪᠠᠭᠲᠠᠭᠠᠮᠵᠢ᠎ᠶᠢ ᠥᠷᠭᠡᠳᠬᠡᠨ ᠶᠠᠰᠤ ᠴᠢᠨᠠᠷ᠎ᠢ ᠳᠡᠭᠡᠭᠰᠢᠯᠡᠭᠦᠯᠬᠦ᠌ ᠠᠵᠢᠯᠯᠠᠭ᠎ᠠ᠎ᠶᠢ ᠬᠦᠴᠦᠯᠡᠨ ᠬᠡᠷᠡᠭᠵᠢᠭᠦᠯᠵᠦ᠍᠂ ᠡᠯ᠎ᠡ ᠭᠠᠵᠠᠷ᠎ᠤᠨ ᠠᠵᠤ ᠠᠬᠤᠢ᠎ᠶᠢᠨ ᠬᠥᠭᠵᠢᠯᠲᠡ᠎ᠶᠢᠨ ᠠᠵᠢᠯ ᠣᠯᠭᠣᠯᠲᠠ᠎ᠶᠢ ᠳᠠᠶ᠋ᠢᠴᠢᠯᠠᠬᠤ ᠬᠦᠴᠦᠨ ᠤᠯᠠᠮ ᠨᠢᠭᠡ ᠠᠯᠬᠤᠮ ᠳᠡᠭᠡᠭᠰᠢᠯᠡᠵᠦ᠍᠂ ᠠᠵᠢᠯ ᠣᠯᠭᠣᠯᠲᠠ᠎ᠶᠢᠨ ᠶᠠᠰᠤ ᠴᠢᠨᠠᠷ᠎ᠢ ᠪᠦᠲᠦᠮᠵᠢᠲᠡᠢ ᠳᠡᠭᠡᠭᠰᠢᠯᠡᠭᠦᠯᠬᠦ᠌ ᠪᠠ ᠲᠣᠭ᠎ᠠ ᠬᠡᠮᠵᠢᠶ᠎ᠡ᠎ᠶᠢ ᠵᠣᠬᠢᠰᠲᠠᠢ ᠨᠡᠮᠡᠭᠳᠡᠭᠦᠯᠬᠦ᠌᠎ᠶᠢ ᠦᠷᠭᠦᠯᠵᠢᠯᠡᠨ ᠠᠬᠢᠭᠤᠯᠪᠠ᠃ ᠣᠳᠣᠬᠠᠨ᠎ᠳᠤ ᠭᠠᠳᠠᠭᠠᠳᠤ ᠣᠷᠴᠢᠨ᠎ᠤ ᠲᠣᠭᠲᠠᠪᠤᠷᠢ ᠦᠭᠡᠢ ᠡᠯᠧᠮᠧᠨ᠋ᠲ ᠮᠥᠨ ᠯᠡ ᠨᠡᠯᠢᠶᠡᠳ ᠤᠯᠠᠨ ᠪᠠᠶ᠋ᠢᠵᠤ᠂ ᠤᠯᠤᠰ᠎ᠤᠨ ᠳᠣᠲᠣᠭᠠᠳᠤ᠎ᠶᠢᠨ ᠬᠠᠩᠭᠠᠯᠭ᠎ᠠ ᠬᠦᠴᠦᠷᠬᠡᠭ ᠬᠡᠷᠡᠭᠴᠡᠭᠡ ᠪᠠᠭᠤᠷᠠᠢ ᠵᠥᠷᠢᠴᠡᠯ ᠮᠥᠨ ᠯᠡ ᠨᠡᠯᠢᠶᠡᠳ ᠲᠤᠪᠤᠢ᠌ᠮ᠎ᠠ ᠪᠠᠶ᠋ᠢᠵᠤ᠂ ᠬᠡᠰᠡᠭ ᠬᠦᠷᠢᠶᠡᠨ᠎ᠳᠡᠬᠢ ᠠᠵᠢᠯᠴᠢᠨ ᠬᠡᠷᠡᠭᠯᠡᠬᠦ᠌ ᠬᠡᠷᠡᠭᠴᠡᠭᠡ ᠪᠠᠭᠤᠷᠠᠢ᠂ ᠠᠵᠢᠯ ᠣᠯᠭᠣᠯᠲᠠ ᠲᠣᠭᠲᠠᠭᠤᠨ ᠪᠠᠶ᠋ᠢᠬᠤ ᠰᠠᠭᠤᠷᠢ᠎ᠶᠢ ᠪᠠᠰᠠ ᠪᠡᠬᠢᠵᠢᠭᠦᠯᠬᠦ᠌ ᠴᠢᠬᠤᠯᠠᠲᠠᠢ ᠪᠠᠶ᠋ᠢᠬᠤ᠎ᠶᠢ ᠣᠯᠵᠤ ᠬᠠᠷᠠᠬᠤ ᠬᠡᠷᠡᠭᠲᠡᠢ᠃ ᠡᠷᠬᠡᠪᠰᠢ 《ᠬᠠᠮᠤᠭ᠎ᠤᠨ ᠶᠡᠬᠡ ᠠᠷᠠᠳ᠎ᠤᠨ ᠠᠮᠢᠳᠤᠷᠠᠯ》 ᠢ᠋ ᠦᠷᠭᠦᠯᠵᠢᠯᠡᠨ ᠬᠦᠴᠦᠯᠡᠨ ᠰᠠᠶ᠋ᠢᠲᠤᠷ ᠠᠳᠬᠤᠵᠤ᠂ ᠭᠤᠤᠯᠳᠠᠯᠭ᠎ᠠ᠎ᠲᠠᠶ ᠬᠠᠮᠲᠤᠯᠢᠭ᠎ᠤᠨ ᠠᠵᠢᠯ ᠣᠯᠵᠤ ᠣᠷᠣᠯᠭ᠎ᠠ᠎ᠪᠠᠨ ᠨᠡᠮᠡᠭᠳᠡᠭᠦᠯᠬᠦ᠌᠎ᠶᠢ ᠪᠥᠬᠥ᠌ ᠬᠦᠴᠦᠨ᠎ᠢᠶᠡᠷ᠎ᠢᠶᠡᠨ ᠠᠬᠢᠭᠤᠯᠬᠤ ᠬᠡᠷᠡᠭᠲᠡᠶ᠃

ᠠᠵᠤ ᠦᠢᠯᠡᠰ ᠪᠣᠯ ᠠᠵᠢᠯ ᠣᠯᠭᠣᠯᠲᠠ᠎ᠶᠢᠨ ᠰᠠᠭᠤᠷᠢ ᠮᠥᠨ᠂ ᠠᠵᠤ ᠦᠢᠯᠡᠰ᠎ᠦᠨ ᠪᠦᠲᠦᠴᠡ᠎ᠶᠢ ᠰᠢᠯᠢᠳᠡᠭᠵᠢᠭᠦᠯᠬᠦ᠌ ᠨᠢ ᠨᠡᠩ ᠴᠢᠨᠠᠷ ᠰᠠᠶ᠋ᠢᠲᠠᠢ ᠠᠵᠢᠯ᠎ᠤᠨ ᠪᠠᠶ᠋ᠢᠷᠢ᠎ᠶᠢ ᠪᠣᠶ᠋ᠢᠵᠢᠭᠤᠯᠵᠤ ᠴᠢᠳᠠᠨ᠎ᠠ᠃ 《ᠵᠣᠬᠢᠶᠠᠮᠠᠯ ᠣᠶᠤᠨ ᠴᠢᠳᠠᠪᠤᠷᠢ + ᠬᠡᠷᠡᠭᠯᠡᠭᠡ》 ᠵᠢᠨ ᠬᠥᠭᠵᠢᠯᠲᠡ᠎ᠶᠢ ᠲᠦᠷᠭᠡᠳᠬᠡᠬᠦ᠌ ᠲᠤᠬᠠᠶ ᠬᠡᠷᠡᠭᠵᠢᠭᠦᠯᠬᠦ᠌ ᠰᠠᠨᠠᠯ᠎ᠢ ᠳᠠᠷᠤᠮᠠᠯᠯᠠᠨ ᠲᠠᠷᠬᠠᠭᠠᠵᠤ᠂ 《ᠪᠠᠷᠠᠭᠠᠨ ᠤ᠋ ᠰᠦᠯᠵᠢᠶᠡᠨ᠎ᠦ ᠠᠵᠤ ᠦᠢᠯᠡᠰ᠎ᠦᠨ ᠰᠢᠨ᠎ᠡ᠎ᠶᠢ ᠡᠭᠦᠳᠦᠨ ᠬᠥᠭᠵᠢᠬᠦ᠌᠎ᠶᠢ ᠠᠬᠢᠭᠤᠯᠬᠤ ᠠᠵᠢᠯᠯᠠᠭᠠᠨ᠎ᠤ ᠲᠥᠰᠦᠯ》 ᠢ᠋ ᠨᠡᠶ᠋ᠢᠲᠡᠯᠡᠪᠡ ᠁ ᠡᠨᠡ ᠵᠢᠯ ᠠᠯᠢ ᠣᠯᠠᠨ ᠲᠥᠷᠥ᠎ᠶᠢᠨ ᠪᠣᠳᠣᠯᠭ᠎ᠠ ᠨᠢ ᠠᠵᠤ ᠦᠢᠯᠡᠰ᠎ᠦᠨ ᠲᠠᠰ ᠳᠡᠪᠰᠢᠬᠦ᠌᠎ᠶᠢ ᠠᠬᠢᠭᠤᠯᠬᠤ᠎ᠶᠢᠨ ᠵᠡᠷᠭᠡ ᠪᠡᠷ ᠠᠵᠢᠯ ᠣᠯᠭᠣᠯᠲᠠ᠎ᠶᠢᠨ ᠪᠠᠭᠲᠠᠭᠠᠮᠵᠢ᠎ᠶᠢ ᠥᠷᠭᠡᠳᠬᠡᠨ᠂ ᠶᠠᠰᠤ ᠴᠢᠨᠠᠷ᠎ᠢ ᠳᠡᠭᠡᠭᠰᠢᠯᠡᠭᠦᠯᠬᠦ᠌ ᠪᠣᠯᠤᠨ᠎ᠠ᠃ ᠲᠠᠷᠠᠭᠠᠴᠢ᠎ᠶᠢᠨ ᠠᠯᠬᠤᠮ᠎ᠳᠤ᠂ ᠲᠣᠭᠠᠴᠢᠯᠠᠭᠰᠠᠨ ᠠᠵᠤ ᠠᠬᠤᠶ᠂ ᠪᠣᠬᠢᠷᠲᠤᠯ ᠥᠬᠡᠶ ᠠᠵᠤ ᠠᠬᠤᠶ ᠵᠡᠷᠭᠡ ᠬᠦᠷᠢᠶᠡᠨ᠎ᠳ᠋ᠡᠬᠢ ᠠᠵᠢᠯ ᠣᠯᠭᠣᠯᠲᠠ᠎ᠶᠢᠨ ᠣᠷᠣᠨ ᠵᠠᠶ᠎ᠶᠢ ᠲᠦᠷᠭᠡᠨ ᠪᠣᠶ᠋ᠢᠵᠢᠭᠤᠯᠵᠤ᠂ ᠳᠡᠭᠡᠳᠦ ᠲᠠᠰ᠎ᠤᠨ ᠦᠢᠯᠡᠳᠬᠦ ᠦᠢᠯᠡᠰ᠂ ᠣᠲᠣ ᠦᠶ᠎ᠡ᠎ᠶᠢᠨ ᠦᠢᠯᠡᠴᠢᠯᠡᠭᠡ ᠵᠡᠷᠭᠡ ᠠᠵᠢᠯ ᠲᠥᠷᠥᠯ᠎ᠦᠨ ᠠᠵᠢᠯ ᠣᠯᠭᠣᠯᠲᠠ᠎ᠶᠢᠨ ᠳᠠᠯᠳᠠ ᠬᠦᠴᠦᠨ᠎ᠢ ᠭᠦᠢᠴᠡᠳ ᠠᠭᠤᠳᠠᠯᠵᠤ᠂ ᠨᠠᠩ ᠣᠯᠠᠨ ᠰᠢᠨ᠎ᠡ ᠠᠵᠢᠯ ᠣᠯᠭᠣᠯᠲᠠ᠎ᠶᠢᠨ ᠨᠡᠮᠡᠭᠳᠡᠯ᠎ᠦᠨ ᠴᠡᠭ᠎ᠢ ᠡᠭᠦᠳᠴᠦ᠍᠂ ᠣᠳᠣᠬᠢᠴᠢᠯᠠᠭᠰᠠᠨ ᠠᠵᠤ ᠦᠢᠯᠡᠰ᠎ᠦᠨ ᠰᠢᠰᠲ᠋ᠧᠮ ᠪᠣᠯᠤᠨ ᠴᠢᠨᠠᠷ ᠰᠠᠶ᠋ᠢᠲᠠᠶ ᠭᠦᠢᠴᠡᠳ ᠠᠵᠢᠯ ᠣᠯᠭᠣᠯᠲᠠ᠎ᠶᠢᠨ ᠬᠠᠮᠵᠢᠯᠴᠠᠨ ᠬᠠᠮᠲᠤ᠎ᠪᠠᠷ ᠤᠷᠤᠭᠰᠢᠯᠠᠬᠤ ᠬᠥᠭᠵᠢᠯᠲᠡ᠎ᠶᠢᠨ ᠪᠠᠶ᠋ᠢᠷᠢᠰᠢᠯ᠎ᠢ ᠪᠦᠷᠢᠯᠳᠦᠭᠦᠯᠬᠦ᠌᠎ᠶᠢ ᠠᠬᠢᠭᠤᠯᠬᠤ ᠬᠡᠷᠡᠭᠲᠡᠶ᠃

ᠰᠢᠨ᠎ᠡ ᠠᠵᠤ ᠦᠢᠯᠡᠰ᠂ ᠰᠢᠨ᠎ᠡ ᠡᠵᠡᠩᠨᠡᠯᠲᠡ᠎ᠶᠢᠨ ᠬᠡᠯᠪᠡᠷᠢ᠎ᠳᠤ ᠯᠤᠲᠤ᠌ ᠶᠡᠬᠡ ᠠᠵᠢᠯ ᠣᠯᠭᠣᠯᠲᠠ᠎ᠶᠢᠨ ᠲᠠᠯᠳᠠ ᠬᠦᠴᠦᠨ ᠠᠭᠤᠯᠤᠭᠳᠠᠵᠤ᠂ ᠬᠥᠳᠡᠯᠮᠦᠷᠢᠴᠢᠳ᠎ᠦᠨ ᠤᠷ᠎ᠠ ᠴᠢᠳᠠᠪᠤᠷᠢ᠎ᠶᠢᠨ ᠲᠦᠪᠰᠢᠨ᠎ᠳᠦ ᠴᠦ᠍ ᠨᠡᠩ ᠥᠨᠳᠥᠷ ᠱᠠᠭᠠᠷᠳᠠᠯᠭ᠎ᠠ ᠳᠤᠷᠠᠳᠪᠠ᠃ ᠡᠢᠮᠤᠷᠬᠦᠤ ᠪᠠᠢᠳᠠᠯ ᠳ᠋ᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠦᠨ ᠬᠢᠨ ᠰᠤᠷᠭᠠᠨ ᠬᠥᠮᠦᠵᠢᠯ᠂ ᠪᠣᠯᠪᠠᠰᠤᠷᠠᠯ ᠪᠠ ᠠᠵᠢᠯ ᠣᠯᠭᠣᠯᠲᠠ᠎ᠶᠢ ᠨᠢᠭᠡᠳᠦᠯᠲᠡᠢ ᠲᠥᠯᠥᠪᠵᠢᠬᠦᠯᠤᠨ ᠰᠠᠶ᠋ᠢᠲᠤᠷ ᠠᠳᠬᠤᠵᠤ᠂ ᠬᠥᠮᠦᠨ᠎ᠦ ᠬᠦᠴᠦᠨ᠎ᠦ ᠡᠬᠢ ᠪᠠᠶᠠᠯᠢᠭ᠎ᠤᠨ ᠨᠡᠭᠡᠭᠡᠨ ᠬᠥᠭᠵᠢᠭᠦᠯᠦᠯᠲᠡ᠎ᠶᠢᠨ ᠪᠠᠷᠠᠯᠠᠯᠳᠤ ᠴᠢᠨᠠᠷ᠂ ᠬᠠᠨᠳᠤᠯᠭᠠᠲᠤ᠌ ᠴᠢᠨᠠᠷ᠂ ᠪᠦᠳᠤᠮᠵᠢᠳᠤ ᠴᠢᠨᠠᠷ᠎ᠢ ᠨᠡᠮᠡᠭᠳᠡᠭᠦᠯᠦᠨ᠂ 《ᠠᠵᠢᠯ ᠪᠠᠶ᠋ᠢᠭᠠᠳ ᠬᠢᠬᠦ᠌ ᠬᠥᠮᠦᠨ ᠦᠭᠡᠢ》 ᠡᠴᠡ ᠭᠠᠷᠳᠠᠵᠤ᠂ 《ᠬᠦᠮᠦᠨ ᠪᠠᠢᠭᠠᠳ ᠬᠢᠬᠦ ᠠᠵᠢᠯ ᠦᠭᠡᠢ》 ᠠᠰᠠᠭᠤᠳᠠᠯ᠎ᠢ ᠰᠢ᠌ᠳᠪᠦᠷᠢᠯᠡᠨ᠂ ᠠᠵᠤ ᠠᠬᠤᠢ ᠨᠡᠶ᠋ᠢᠭᠡᠮ᠎ᠦᠨ ᠬᠥᠭᠵᠢᠯᠲᠡ᠎ᠳᠦ ᠴᠢᠳᠠᠪᠤᠷᠢᠲᠠᠨ᠎ᠤ ᠨᠡᠩ ᠪᠠᠲᠤ᠌ ᠪᠡᠬᠢ ᠲᠤᠯᠭᠠᠭᠤᠷᠢᠯᠠᠯ ᠬᠠᠩᠭᠠᠬᠤ ᠬᠡᠷᠡᠭᠲᠡᠢ᠃ ᠰᠢᠨ᠎ᠡ ᠬᠡᠷᠡᠭᠴᠡᠭᠡ᠎ᠶᠢᠨ ᠠᠪᠴᠢᠷᠠᠭᠰᠠᠨ ᠰᠢᠨ᠎ᠡ ᠠᠵᠠ ᠲᠣᠬᠢᠶᠠᠯ᠎ᠳᠤ ᠬᠠᠨᠳᠤᠵᠤ᠂ ᠠᠵᠢᠯ ᠡᠷᠢᠭᠰᠡᠳ ᠴᠦ᠍ ᠬᠥᠭᠵᠢᠯᠲᠡ᠎ᠶᠢᠨ ᠠᠷᠭ᠎ᠠ ᠵᠠᠮ᠎ᠢᠶᠠᠨ ᠢᠳᠡᠪᠬᠢᠲᠡᠢ ᠲᠤᠬᠢᠷᠠᠭᠤᠯᠵᠤ᠂ ᠲᠤᠰ ᠪᠡᠶ᠎ᠡ᠎ᠶᠢᠨ ᠳᠠᠪᠠᠭᠤᠯᠢᠭ᠎ᠢᠶᠠᠨ ᠭᠦᠢᠴᠡᠳ ᠪᠠᠳᠠᠷᠠᠭᠤᠯᠵᠤ᠂ ᠲᠤᠰᠬᠠᠢ ᠮᠡᠷᠭᠡᠵᠢᠯ᠎ᠦᠨ ᠲᠦᠪᠰᠢᠨ᠎ᠢᠶᠡᠨ ᠯᠠᠪᠳᠠᠭᠤᠨ ᠪᠠᠲᠤᠲᠠᠢ ᠳᠡᠭᠡᠭᠰᠢᠯᠡᠭᠦᠯᠵᠦ᠍᠂ ᠠᠵᠢᠯ ᠣᠯᠭᠣᠯᠲᠠ᠎ᠶᠢᠨ ᠵᠠᠮ᠎ᠢᠶᠠᠨ ᠶᠠᠪᠤᠬᠤ ᠲᠤᠳᠤᠮ ᠥᠷᠭᠡᠵᠢᠭᠦᠯᠬᠦ᠌ ᠬᠡᠷᠡᠭᠲᠡᠢ᠃

ᠰᠠᠢᠳᠤᠷ ᠠᠵᠢᠯ ᠤᠯᠭᠤᠬᠤ ᠪᠦᠭᠡᠳ ᠨᠡᠩ ᠴᠤ᠌ ᠰᠠᠢᠨ ᠠᠵᠢᠯ ᠤᠯᠭᠤᠬᠤ ᠬᠡᠷᠡᠭᠲᠡᠢ᠃ ᠣᠳᠣᠬᠠᠨ᠎ᠳᠤ᠂ ᠬᠥᠳᠡᠯᠮᠦᠷᠢᠴᠢᠳ ᠴᠠᠯᠢᠩ ᠪᠠ ᠠᠵᠢᠯᠯᠠᠬᠤ ᠴᠠᠭ᠂ ᠠᠮᠠᠷᠠᠬᠤ ᠪᠠ ᠠᠮᠠᠷᠠᠯᠲᠠ᠎ᠶᠢᠨ ᠴᠢᠯᠥᠭᠡ᠂ ᠬᠥᠳᠡᠯᠮᠦᠷᠢ᠎ᠶᠢᠨ ᠠᠮᠤᠷ ᠲᠦᠪᠰᠢᠨ ᠪᠠ ᠡᠷᠡᠭᠦᠯ ᠬᠠᠮᠠᠭᠠᠯᠠᠯ ᠵᠡᠷᠭᠡ ᠲᠠᠯ᠎ᠠ᠎ᠪᠠᠷ ᠪᠠᠰᠠ ᠴᠥᠭᠡᠨ ᠪᠤᠰᠤ ᠪᠣᠳᠠᠲᠤ᠌ ᠬᠦᠰᠡᠯ ᠱᠠᠭᠠᠷᠳᠠᠯᠭ᠎ᠠ ᠣᠷᠣᠰᠢᠵᠤ ᠪᠠᠶ᠋ᠢᠨ᠎ᠠ᠃ ᠡᠨᠡ ᠵᠢᠯ ᠨᠢᠭᠡᠨᠲᠡ ᠨᠠᠰᠤ ᠬᠡᠲᠦᠷᠡᠭᠰᠡᠨ ᠬᠥᠳᠡᠯᠮᠦᠷᠢᠴᠢᠳ᠎ᠦᠨ ᠡᠷᠬᠡ ᠠᠰᠢᠭ᠎ᠢ ᠪᠠᠲᠤᠯᠠᠬᠤ ᠰᠢᠨ᠎ᠡ ᠲᠣᠭᠲᠠᠭᠠᠯ᠎ᠢ ᠨᠡᠶ᠋ᠢᠲᠡᠯᠡᠵᠦ᠍᠂ ᠠᠵᠢᠯ᠎ᠤᠨ ᠭᠡᠮᠲᠦᠯ᠎ᠦᠨ ᠪᠠᠲᠤᠯᠠᠭ᠎ᠠ᠎ᠶᠢᠨ ᠲᠤᠷᠰᠢᠯᠲᠠ᠎ᠶᠢ ᠴᠤ᠌ ᠪᠥᠬᠥ᠌ ᠤᠯᠤᠰ᠎ᠲᠤ᠌ ᠳᠡᠯᠭᠡᠷᠡᠭᠦᠯᠪᠡ᠂ ᠡᠷᠬᠡᠪᠰᠢ ᠡᠲᠡᠭᠡᠷ ᠲᠥᠷᠥ᠎ᠶᠢᠨ ᠪᠣᠳᠣᠯᠭ᠎ᠠ ᠠᠷᠭ᠎ᠠ ᠬᠡᠮᠵᠢᠶ᠎ᠡ᠎ᠶᠢ ᠨᠠᠷᠢᠯᠢᠭ ᠪᠣᠳᠠᠲᠠᠶ ᠨᠠᠶ᠋ᠢᠳᠠᠪᠤᠷᠢᠵᠢᠭᠤᠯᠵᠤ᠂ ᠲᠥᠪ ᠭᠤᠤᠯᠴᠢ ᠡᠮᠬᠢ ᠵᠢᠷᠤᠮ᠎ᠲᠠᠶ ᠠᠵᠢᠯ ᠣᠯᠭᠣᠯᠲᠠ᠎ᠶᠢᠨ ᠰᠠᠶ᠋ᠢᠨ ᠰᠠᠶ᠋ᠢᠬᠠᠨ ᠣᠷᠴᠢᠨ ᠨᠥᠬᠥᠴᠡᠯ᠎ᠢ ᠦᠨᠡᠨ ᠬᠦ᠌ ᠪᠣᠶ ᠪᠣᠯᠭᠠᠵᠤ᠂ ᠥᠷᠭᠡᠨ ᠣᠯᠠᠨ ᠬᠥᠳᠡᠯᠮᠦᠷᠢᠴᠢᠳ᠎ᠦᠨ ᠬᠦᠷᠲᠡᠮᠵᠢ᠎ᠶᠢᠨ ᠲᠥᠷᠥᠭᠳᠡᠯ ᠵᠢᠷᠭᠠᠯᠲᠤ᠌ ᠲᠥᠷᠥᠭᠳᠡᠯ ᠠᠮᠤᠷ ᠲᠦᠪᠰᠢᠨ᠎ᠦ ᠲᠥᠷᠥᠭᠳᠡᠯ᠎ᠢ ᠦᠷᠭᠦᠯᠵᠢᠯᠡᠨ ᠳᠡᠭᠡᠭᠰᠢᠯᠡᠭᠦᠯᠬᠦ᠌ ᠬᠡᠷᠡᠭᠲᠡᠶ᠃

(ᠰᠢᠨᠬᠤᠸᠠ ᠬᠣᠷᠢᠶ᠎ᠠ ᠵᠢᠨ ᠪᠡᠭᠡᠵᠢᠩ᠎ᠦᠨ 7 ᠰᠠᠷ᠎ᠠ᠎ᠶᠢᠨ 19 ᠎ᠤ᠋ ᠴᠠᠬᠢᠯᠭᠠᠨ ᠮᠡᠳᠡᠭᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号