ᠬᠦᠬᠡᠡᠡᠤᠳᠡ ᠢ᠋ᠢᠨ ᠬᠠᠭᠤᠴᠢᠨ ᠮᠠᠰᠢᠨ ᠲᠡᠷᠬᠡ ᠪᠡᠨ ᠰᠢᠨ᠎ᠡ ᠪᠡᠷ ᠰᠤᠯᠢᠭᠰᠠᠨ ᠬᠡᠮᠵᠢᠶ᠎ᠡ 2.3 ᠲᠦᠮᠡ ᠳ᠋ᠤ᠌ ᠬᠦᠷᠪᠡ
2026-07-21 10:16:56
ᠵᠣᠬᠢᠶᠠᠭ᠍ᠴᠢ᠄
ᠰᠠᠷᠭᠠᠢ
ᠣᠩᠱᠢᠭ᠍ᠰᠠᠨ ᠣᠳᠠᠭ᠎ᠠ᠄
★★★☆☆

ᠡᠨᠡ ᠵᠢᠯ᠎ᠦᠨ ᠳᠡᠭᠡᠷ᠎ᠡ ᠬᠠᠭᠠᠰ ᠵᠢᠯ᠎ᠳᠦ᠂ ᠬᠦᠬᠡᠡᠡᠤᠳᠡ ᠢ᠋ᠢᠨ ᠬᠠᠭᠤᠴᠢᠨ᠎ᠮᠠᠰᠢᠨ ᠲᠡᠷᠬᠡ ᠪᠡᠨ ᠰᠢᠨ᠎ᠡ᠎ᠪᠡᠷ ᠰᠣᠯᠢᠬᠤ ᠬᠡᠷᠡᠭᠯᠡᠬᠡ ᠢ᠋ᠢᠨ ᠬᠠᠯᠠᠮᠰᠢᠯ ᠦᠷᠭᠦᠯᠵᠢᠯᠡᠨ ᠨᠡᠮᠡᠭᠳᠡᠵᠤ᠂ ᠨᠡᠶ᠋ᠢᠲᠡ 2.3 ᠲᠦᠮᠡᠨ ᠬᠠᠭᠤᠴᠢᠨ ᠮᠠᠰᠢᠨ ᠲᠡᠷᠬᠡ ᠢ᠋ᠢ ᠰᠢᠨ᠎ᠡ ᠪᠡᠷ ᠰᠤᠯᠢᠵᠤ᠂ ᠪᠥᠬᠥ᠌ ᠣᠷᠣᠨ᠎ᠤ ᠶᠡᠷᠦᠩᠬᠡᠶ ᠬᠡᠮᠵᠢᠶᠡᠨ᠎ᠦ 28% ᠢ᠋ᠢ ᠡᠵᠡᠯᠡᠪᠡ᠃ ᠡᠭᠦᠨ᠎ᠳᠦ᠂ 1.7 ᠲᠦᠮᠡᠨ ᠬᠠᠭᠤᠴᠢᠨ ᠮᠠᠰᠢᠨ ᠲᠡᠷᠭᠡ᠎ᠶᠢ ᠰᠢᠨ᠎ᠡ ᠮᠠᠰᠢᠨ ᠲᠡᠷᠬᠡ ᠪᠡᠷ ᠰᠣᠯᠢᠵᠤ ᠰᠢᠨᠡᠳᠬᠡᠨ᠂ 0.6 ᠲᠦᠮᠡᠨ ᠬᠠᠭᠤᠴᠢᠨ ᠮᠠᠰᠢᠨ ᠲᠡᠷᠭᠡ᠎ᠶᠢ ᠬᠡᠷᠡᠭᠯᠡᠭᠡᠨ᠎ᠡᠴᠡ ᠭᠠᠷᠭᠠᠬᠤ ᠢ᠋ᠢᠨ ᠬᠠᠮᠳᠤ ᠰᠢᠨ᠎ᠡ ᠮᠠᠰᠢᠨ ᠲᠡᠷᠬᠡ ᠪᠡᠷ ᠰᠤᠯᠢᠵᠤ᠂ ᠰᠢᠨ᠎ᠡ ᠮᠠᠰᠢᠨ ᠲᠡᠷᠭᠡᠨ᠎ᠦ ᠬᠡᠷᠡᠭᠯᠡᠬᠡ ᠢ᠋ᠢᠨ ᠶᠡᠷᠦᠩᠬᠡᠢ ᠬᠡᠮᠵᠢᠶ᠎ᠡ ᠢ᠋ᠢ 39 ᠳ᠋ᠦᠩᠰᠢᠭᠤᠷ ᠭᠠᠷᠤᠢ ᠲᠥᠭᠥᠷᠢᠭ᠎ᠲᠠᠢᠴᠢᠯᠠᠵᠤ᠂ ᠪᠦᠬᠦ᠌ ᠬᠣᠲᠠ᠎ᠶᠢᠨ ᠬᠡᠷᠡᠭᠯᠡᠬᠡ ᠢ᠋ᠢᠨ ᠵᠠᠬ᠎ᠠ ᠳᠡᠯᠭᠡᠭᠦᠷ᠎ᠦᠨ ᠴᠢᠨᠠᠷ ᠴᠢᠨᠰᠠᠭ᠎ᠠ᠎ᠶᠢ ᠳᠡᠭᠡᠭᠰᠢᠯᠡᠭᠦᠯᠬᠦ᠌᠎ᠳᠦ ᠬᠥᠳᠡᠯᠭᠡᠬᠦ᠌ ᠬᠦᠴᠦᠨ ᠨᠡᠮᠡᠷᠢᠯᠡᠪᠡ᠃

2026 ᠣᠨ᠎ᠡᠴᠡ ᠨᠠᠭᠠᠰᠢ᠂ ᠬᠦᠬᠡᠡᠡᠤᠳᠡ᠎ᠶᠢᠨ᠎ᠬᠢᠨ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠬᠡᠷᠡᠭᠯᠡᠭᠡᠨ᠎ᠦ ᠵᠦᠢᠯᠡᠰ ᠢ᠋ ᠬᠠᠭᠤᠴᠢᠨ᠎ᠢᠶᠠᠷ ᠰᠢᠨ᠎ᠡ᠎ᠶᠢ ᠰᠣᠯᠢᠬᠤ ᠲᠥᠷᠥ᠎ᠶᠢᠨ ᠪᠣᠳᠣᠯᠭ᠎ᠠ᠎ᠶᠢᠨ ᠱᠠᠭᠠᠷᠳᠠᠯᠭ᠎ᠠ᠎ᠶᠢ ᠭᠦᠨᠵᠡᠭᠡᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ 《ᠲᠥᠷᠥ᠎ᠶᠢᠨ ᠪᠣᠳᠣᠯᠭ᠎ᠠ᠎ᠪᠠᠷ ᠬᠥᠲᠥᠯᠥᠨ ᠵᠢᠯᠣᠭᠣᠳᠬᠤ᠂ ᠵᠠᠬ᠎ᠠ ᠳᠡᠯᠭᠡᠭᠦᠷ᠎ᠢᠶᠡᠷ ᠭᠤᠤᠯᠯᠠᠭᠤᠯᠬᠤ》 ᠢ᠋ᠢ ᠪᠠᠷᠢᠮᠲᠠᠯᠠᠨ᠂ ᠬᠠᠭᠤᠴᠢᠨ᠎ᠮᠠᠰᠢᠨ ᠲᠡᠷᠬᠡ ᠢ᠋ᠢ ᠰᠢᠨ᠎ᠡ᠎ᠪᠡᠷ ᠰᠣᠯᠢᠬᠤ ᠠᠵᠢᠯ᠎ᠢ ᠯᠠᠪᠳᠠᠭᠤᠨ ᠪᠠᠲᠤᠲᠠᠶ ᠠᠬᠢᠭᠤᠯᠵᠤ᠂ ᠣᠷᠣᠨ᠎ᠤ ᠲᠥᠪ᠎ᠦᠨ ᠮᠠᠰᠢᠨ ᠲᠡᠷᠭᠡᠨ᠎ᠦ ᠬᠡᠷᠡᠭᠯᠡᠬᠡ ᠢ᠋ᠢᠨ ᠵᠠᠬ᠎ᠠ ᠳᠡᠯᠭᠡᠭᠦᠷ᠎ᠦᠨ ᠠᠮᠢᠵᠢᠷᠠᠯ᠎ᠤᠨ ᠬᠦᠴᠦᠨ᠎ᠢ ᠪᠦᠲᠦᠮᠵᠢᠲᠡᠶ ᠬᠥᠭᠵᠢᠭᠡᠪᠡ᠃ ᠬᠠᠭᠤᠴᠢᠨ᠎ᠮᠠᠰᠢᠨ ᠲᠡᠷᠭᠡ ᠪᠡᠨ ᠰᠢᠨ᠎ᠡ᠎ᠪᠡᠷ ᠰᠤᠯᠢᠬᠤ ᠨᠢ ᠠᠵᠤ ᠠᠬᠤᠶ᠎ᠶᠢᠨ ᠦᠷ᠎ᠡ ᠠᠰᠢᠭ ᠪᠠ ᠠᠷᠠᠳ᠎ᠤᠨ ᠠᠮᠢᠳᠤᠷᠠᠯ᠎ᠤᠨ ᠦᠷ᠎ᠡ ᠠᠰᠢᠭ᠎ᠢ ᠬᠤᠤᠰ ᠴᠢᠭᠯᠡᠯ᠎ᠢᠶᠡᠷ ᠲᠡᠭᠡᠭᠰᠢᠯᠡᠬᠦᠯᠦᠨ᠂ ᠭᠠᠳᠠᠭᠰᠢᠯᠠᠭᠤᠯᠤᠯᠲᠠ ᠶᠡᠬᠡᠲᠡᠶ᠂ ᠡᠨᠧᠷᠭᠢ᠎ᠶᠢᠨ ᠬᠣᠷᠣᠭᠳᠠᠯ ᠶᠡᠬᠡᠲᠡᠶ ᠬᠠᠭᠤᠴᠢᠨ ᠮᠠᠰᠢᠨ ᠲᠡᠷᠭᠡ᠎ᠶᠢ ᠰᠢᠭᠰᠢᠭᠳᠡᠭᠦᠯᠬᠦ᠌᠎ᠪᠡᠷ ᠳᠠᠮᠵᠢᠭᠤᠯᠤᠨ᠂ ᠡᠨᠧᠷᠭᠢ ᠠᠷᠪᠢᠯᠠᠬᠤ᠂ ᠣᠷᠴᠢᠨ ᠠᠬᠤᠶ᠎ᠶᠢ ᠬᠠᠮᠠᠭᠠᠯᠠᠬᠤ᠂ ᠣᠶᠤᠨᠴᠢ ᠰᠢᠨ᠎ᠡ ᠮᠠᠰᠢᠨ ᠲᠡᠷᠭᠡ᠎ᠶᠢ ᠳᠡᠯᠭᠡᠷᠡᠭᠦᠯᠵᠦ᠍᠂ ᠣᠷᠣᠨ᠎ᠤ ᠲᠥᠪ᠎ᠦᠨ ᠪᠣᠬᠢᠷᠲᠤᠯ ᠥᠬᠡᠶ ᠨᠡᠭᠦᠷᠡᠰᠦᠲᠦ᠋ᠷᠥᠭᠴᠢ ᠪᠠᠭ᠎ᠠ ᠭᠠᠳᠠᠭᠰᠢᠯᠠᠭᠤᠯᠬᠤ ᠬᠡᠯᠪᠡᠷᠢ᠎ᠶᠢᠨ ᠬᠤᠪᠢᠷᠠᠯᠲᠠ᠎ᠶᠢ ᠲᠡᠮᠵᠢᠵᠤ ᠪᠠᠢᠨ᠎ᠡ᠃ ᠡᠭᠦᠨ᠎ᠦ ᠬᠠᠮᠲᠤ᠌ ᠲᠤᠰᠬᠠᠶ ᠨᠥᠬᠥᠪᠥᠷᠢ᠎ᠶᠢᠨ ᠲᠥᠷᠥ᠎ᠶᠢᠨ ᠪᠣᠳᠣᠯᠭ᠎ᠠ᠎ᠳᠤ ᠲᠦᠰᠢᠭᠯᠡᠨ᠂ ᠬᠣᠲᠠ᠎ᠶᠢᠨ ᠠᠷᠠᠳ᠎ᠤᠨ ᠮᠠᠰᠢᠨ ᠲᠡᠷᠭᠡ ᠰᠣᠯᠢᠬᠤ ᠥᠪᠡᠷ᠎ᠦᠨ ᠥᠷᠲᠡᠭ᠎ᠢ ᠪᠦᠲᠦᠮᠵᠢᠲᠡᠶ ᠪᠠᠭᠤᠷᠠᠭᠤᠯᠵᠤ᠂ ᠣᠯᠠᠨ ᠲᠦᠮᠡᠨ᠎ᠳᠦ ᠲᠥᠷᠥ᠎ᠶᠢᠨ ᠪᠣᠳᠣᠯᠭ᠎ᠠ᠎ᠶᠢᠨ ᠠᠰᠢᠭ᠎ᠢ ᠦᠨᠡᠨ ᠬᠦ᠌ ᠬᠦᠷᠳᠡᠬᠡᠨ᠎ᠡ᠃

ᠲᠠᠷᠠᠭᠠᠴᠢ᠎ᠪᠡᠷ᠂ ᠬᠦᠬᠡᠡᠡᠤᠳᠡ ᠢ᠋ᠢᠨ ᠬᠤᠳᠠᠯᠳᠤᠭᠠᠨ᠎ᠤ ᠶᠠᠪᠤᠳᠠᠯ᠎ᠤᠨ ᠲᠣᠪᠴᠢᠶ᠎ᠠ ᠎ᠵᠢᠨ ᠬᠢᠨ ᠤᠯᠤᠰ ᠪᠡ ᠥᠪᠡᠷᠲᠡᠭᠡᠨ ᠵᠠᠰᠠᠬᠤ ᠣᠷᠣᠨ᠎ᠤ ᠬᠠᠭᠤᠴᠢᠨ᠎ᠮᠠᠰᠢᠨ ᠲᠡᠷᠬᠡ ᠢ᠋ᠢ ᠰᠢᠨ᠎ᠡ᠎ᠪᠡᠷ ᠰᠣᠯᠢᠬᠤ ᠨᠥᠬᠥᠪᠥᠷᠢ᠎ᠶᠢᠨ ᠲᠥᠷᠥ᠎ᠶᠢᠨ ᠪᠣᠳᠣᠯᠭ᠎ᠠ᠎ᠶᠢ ᠦᠷᠭᠦᠯᠵᠢᠯᠡᠨ ᠨᠠᠶ᠋ᠢᠳᠠᠪᠤᠷᠢᠵᠢᠭᠤᠯᠵᠤ᠂ ᠨᠥᠬᠥᠪᠥᠷᠢ ᠭᠤᠶᠤᠴᠢᠯᠠᠨ ᠠᠪᠬᠤ ᠶᠠᠪᠤᠴᠠ᠎ᠶᠢ ᠰᠢᠯᠢᠳᠡᠭᠵᠢᠭᠦᠯᠦᠨ᠂ ᠬᠠᠮᠤᠷᠬᠤ ᠬᠡᠪᠴᠢᠶ᠎ᠡ᠎ᠶᠢ ᠥᠷᠭᠡᠳᠬᠡᠵᠦ᠍᠂ ᠬᠡᠷᠡᠭᠯᠡᠬᠡ ᠢ᠋ᠢᠨ ᠳᠠᠯᠳᠠ ᠬᠦᠴᠦᠨ᠎ᠢ ᠦᠷᠭᠦᠯᠵᠢᠯᠡᠨ ᠪᠠᠳᠠᠷᠠᠭᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号