ᠥᠪᠥᠷ ᠮᠣᠩᠭᠣᠯ ᠨᠡᠭᠦᠷᠡᠰᠦᠳᠦ᠋ᠷᠦᠭᠴᠢ ᠦᠯᠦ ᠭᠠᠳᠠᠭᠰᠢᠯᠠᠭᠤᠯᠬᠤ ᠦᠢᠯᠡᠳᠪᠦᠷᠢ᠎ᠶᠢ ᠬᠦᠴᠦᠯᠡᠨ ᠪᠦᠲᠦᠬᠡᠨ ᠪᠠᠢᠭᠤᠯᠵᠦ ᠠᠵᠤ ᠦᠢᠯᠡᠳᠪᠦᠷᠢ᠎ᠶᠢᠨ ᠪᠣᠬᠢᠷᠲᠤᠯ ᠥᠬᠡᠶ ᠲᠠᠢᠰᠢ ᠬᠡᠯᠪᠡᠷᠢ᠎ᠪᠡᠨ ᠬᠤᠪᠢᠷᠠᠭᠤᠯᠬᠤ ᠥᠯᠢᠭᠡᠷ ᠲᠠᠭᠤᠷᠢᠶᠠᠯ᠎ᠢ᠋ ᠪᠣᠶ ᠪᠣᠯᠭᠠᠵᠤ ᠪᠠᠢᠨ᠎ᠠ
2026-07-21 10:59:08
ᠵᠣᠬᠢᠶᠠᠭ᠍ᠴᠢ᠄
ᠳᠡᠯᠭᠡᠷᠬᠦᠦ
ᠣᠩᠱᠢᠭ᠍ᠰᠠᠨ ᠣᠳᠠᠭ᠎ᠠ᠄
★★★☆☆

ᠤᠯᠤᠰ᠎ᠤᠨ ᠴᠢᠬᠤᠯᠠ ᠡᠨᠧᠷᠭᠢ ᠪᠠ ᠪᠠᠶ᠋ᠢᠯᠳᠤᠬᠤ ᠪᠣᠳᠣᠯᠭ᠎ᠠ᠎ᠶᠢᠨ ᠡᠬᠢ ᠪᠠᠶᠠᠯᠢᠭ᠎ᠤᠨ ᠰᠠᠭᠤᠷᠢᠨ ᠪᠣᠯᠤᠭᠰᠠᠨ᠎ᠤ ᠬᠤᠪᠢ᠎ᠳᠤ᠂ ᠥᠪᠥᠷ ᠮᠣᠩᠭᠣᠯ ᠰᠠᠯᠬᠢ ᠬᠡᠷᠡᠯ᠎ᠤᠨ ᠡᠬᠢ ᠪᠠᠶᠠᠯᠢᠭ᠎ᠤᠨ ᠥᠪᠡᠷᠮᠢᠴᠡ ᠳᠠᠪᠠᠭᠤᠯᠢᠭ᠎ᠲᠠᠭᠠᠨ ᠰᠠᠭᠤᠷᠢᠯᠠᠨ᠂ ᠨᠡᠭᠦᠷᠡᠰᠦᠳᠦ᠋ᠷᠦᠭᠴᠢ ᠦᠯᠦ ᠭᠠᠳᠠᠭᠰᠢᠯᠠᠭᠤᠯᠬᠤ ᠦᠢᠯᠡᠳᠪᠦᠷᠢ᠎ᠶᠢ ᠦᠷᠭᠦᠯᠵᠢᠯᠡᠨ ᠪᠣᠶ ᠪᠣᠯᠭᠠᠨ ᠪᠥᠲᠥᠭᠡᠨ ᠪᠠᠶ᠋ᠢᠭᠤᠯᠵᠤ᠂ ᠲᠥᠷᠥ᠎ᠶᠢᠨ ᠪᠣᠳᠣᠯᠭ᠎ᠠ᠎ᠪᠠᠷ ᠬᠦᠴᠦᠨ ᠨᠡᠮᠡᠷᠢᠯᠡᠬᠦ᠂ ᠵᠢᠱ᠌ᠢᠶ᠎ᠡ ᠦᠵᠡᠭᠦᠯᠦᠨ ᠬᠥᠲᠥᠯᠥᠨ ᠳᠠᠭᠠᠭᠤᠯᠬᠤ᠂ ᠮᠡᠷᠭᠡᠵᠢᠯ᠎ᠦᠨ ᠪᠣᠭᠣᠮᠲᠠ ᠰᠢᠪᠲᠤᠯᠬᠤ ᠵᠡᠷᠬᠡ ᠣᠯᠠᠨ ᠲᠠᠯ᠎ᠠ᠎ᠪᠠᠷ ᠬᠦᠴᠦᠯᠡᠵᠦ᠍᠂ ᠠᠵᠤ ᠦᠢᠯᠡᠳᠪᠦᠷᠢ᠎ᠶᠢᠨ ᠬᠦᠷᠢᠶᠡᠨ᠎ᠳᠡᠬᠢ ᠡᠨᠧᠷᠭᠢ ᠠᠷᠪᠢᠯᠠᠵᠤ ᠨᠡᠭᠦᠷᠡᠰᠦᠳᠦ᠋ᠷᠦᠭᠴᠢ᠎ᠵᠢ ᠪᠠᠭᠠᠰᠬᠠᠬᠤ᠎ᠶᠢ ᠠᠬᠢᠭᠤᠯᠵᠤ᠂ ᠡᠬᠢ ᠪᠠᠶᠠᠯᠢᠭ᠎ᠤᠨ ᠬᠡᠯᠪᠡᠷᠢ᠎ᠶᠢᠨ ᠭᠠᠵᠠᠷ ᠣᠷᠣᠨ᠎ᠤ ᠪᠣᠬᠢᠷᠲᠤᠯ ᠥᠬᠡᠶ ᠨᠡᠭᠦᠷᠡᠰᠦᠳᠦ᠋ᠷᠦᠭᠴᠢ ᠪᠠᠭ᠎ᠠ ᠭᠠᠳᠠᠭᠰᠢᠯᠠᠭᠤᠯᠬᠤ ᠲᠠᠢᠰᠢ ᠬᠡᠯᠪᠡᠷᠢ᠎ᠪᠠᠨ ᠬᠤᠪᠢᠷᠠᠭᠤᠯᠬᠤ ᠰᠢᠨ᠎ᠡ ᠠᠷᠭ᠎ᠠ ᠵᠠᠮ᠎ᠢ ᠬᠠᠶ᠋ᠢᠨ ᠰᠦᠪᠡᠭᠴᠢᠯᠡᠵᠦ᠍᠂ ᠪᠥᠬᠥ᠌ ᠤᠯᠤᠰ᠎ᠤᠨ ᠦᠢᠯᠡᠳᠬᠦ ᠦᠢᠯᠡᠰ᠎ᠦᠨ 《ᠬᠤᠤᠰ ᠨᠡᠭᠦᠷᠡᠰᠦᠳᠦ᠋ᠷᠦᠭᠴᠢ》 ᠶ᠋ᠢᠨ ᠦᠢᠯᠡᠳᠦᠯᠬᠡ᠎ᠳᠦ ᠥᠪᠥᠷ ᠮᠣᠩᠭᠣᠯ᠎ᠤᠨ ᠲᠥᠰᠦᠯ ᠎ᠢ ᠬᠠᠩᠭᠠᠵᠦ ᠪᠤᠢ᠃

2026 ᠣᠨ᠎ᠤ 4 ᠰᠠᠷ᠎ᠠ᠎ᠳᠤ᠂ ᠥᠪᠥᠷ ᠮᠤᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠎ᠶᠢᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ᠂ ᠠᠮᠢ ᠠᠬᠤᠶ ᠣᠷᠴᠢᠨ ᠲᠣᠭᠣᠷᠢᠨ᠎ᠤ ᠲᠢᠩᠬᠢᠮ᠂ ᠤᠯᠤᠰ᠎ᠤᠨ ᠥᠮᠴᠢᠯᠡᠯ᠎ᠤᠨ ᠡᠳ᠋ ᠬᠥᠷᠥᠩᠭᠡ᠎ᠶᠢᠨ ᠬᠢᠨᠠᠯᠲᠠ ᠬᠠᠮᠢᠶᠠᠷᠤᠯᠲᠠ᠎ᠶᠢᠨ ᠵᠥᠪᠯᠡᠯ᠂ ᠡᠨᠧᠷᠭᠢ᠎ᠶᠢᠨ ᠲᠣᠪᠴᠢᠶ᠎ᠠ ᠵᠡᠷᠭᠡ ᠲᠠᠪᠤᠨ ᠰᠠᠯᠠᠭ᠎ᠠ ᠮᠥᠴᠢᠷ ᠬᠠᠮᠲᠤᠷᠠᠨ ᠲᠤᠰᠬᠠᠶ ᠮᠡᠳᠡᠭᠳᠡᠯ ᠳᠠᠷᠤᠮᠠᠯᠯᠠᠨ ᠲᠠᠷᠬᠠᠭᠠᠵᠤ᠂ ᠦᠪᠥᠷ ᠮᠤᠩᠭᠤᠯ᠎ᠤᠨ ᠨᠡᠭᠦᠷᠡᠰᠦᠳᠦ᠋ᠷᠦᠭᠴᠢ ᠦᠯᠦ ᠭᠠᠳᠠᠭᠰᠢᠯᠠᠭᠤᠯᠬᠤ ᠦᠢᠯᠡᠳᠪᠦᠷᠢ᠎ᠶᠢ ᠪᠤᠢ ᠪᠣᠯᠭᠠᠨ ᠪᠥᠲᠥᠭᠡᠨ ᠪᠠᠶ᠋ᠢᠭᠤᠯᠬᠤ  ᠠᠵᠢᠯ᠎ᠢ ᠪᠥᠬᠥ᠌ ᠲᠠᠯ᠎ᠠ᠎ᠪᠠᠷ ᠡᠬᠢᠯᠡᠭᠦᠯᠵᠦ᠍᠂ 《ᠠᠵᠤ ᠠᠬᠤᠶ᠋ᠢᠯᠠᠯ ᠭᠤᠶᠤᠴᠢᠯᠠᠨ ᠮᠡᠳᠡᠭᠦᠯᠬᠦ᠌ — ᠠᠶ᠋ᠢᠮᠠᠭ ᠬᠣᠲᠠ ᠠᠩᠬ᠎ᠠ ᠬᠢᠨᠠᠬᠤ — ᠣᠯᠠᠨ ᠰᠠᠯᠠᠭ᠎ᠠ ᠮᠥᠴᠢᠷ ᠬᠠᠮᠲᠤᠷᠠᠨ ᠬᠢᠨᠠᠨ ᠲᠣᠭᠲᠠᠭᠠᠬᠤ — ᠬᠥᠳᠡᠯᠦᠩᠭᠦᠶ᠎ᠪᠡᠷ ᠪᠦᠲᠦᠭᠡᠨ ᠪᠠᠢᠭᠤᠯᠬᠤ》 ᠪᠥᠬᠥ᠌ ᠶᠠᠪᠤᠴᠠ᠎ᠶᠢᠨ ᠠᠵᠢᠯ᠎ᠤᠨ ᠲᠣᠭᠲᠡᠴᠡ᠎ᠶᠢ ᠪᠠᠶ᠋ᠢᠭᠤᠯᠵᠤ᠂ ᠨᠡᠭᠦᠷᠡᠰᠦᠳᠦ᠋ᠷᠦᠭᠴᠢ ᠦᠯᠦ ᠭᠠᠳᠠᠭᠰᠢᠯᠠᠭᠤᠯᠬᠤ ᠦᠢᠯᠡᠳᠪᠦᠷᠢ᠎ᠶᠢ ᠬᠡᠪᠴᠢᠶᠡᠵᠢᠭᠦᠯᠦᠨ ᠰᠢᠰᠲ᠋ᠧᠮᠵᠢᠭᠦᠯᠦᠨ ᠬᠦᠭᠵᠢᠬᠦᠯᠬᠦ  ᠠᠵᠢᠯ᠎ᠢ ᠵᠢᠩᠬᠢᠨᠢ᠎ᠪᠡᠷ ᠡᠬᠢᠯᠡᠭᠦᠯᠵᠠᠢ᠃ 6 ᠰᠠᠷ᠎ᠠ᠎ᠳᠤ᠂ 2026 ᠣᠨ᠎ᠤ ᠥᠪᠡᠷᠲᠡᠭᠡᠨ ᠵᠠᠰᠠᠬᠤ ᠣᠷᠣᠨ᠎ᠤ ᠨᠡᠭᠦᠷᠡᠰᠦᠳᠦ᠋ᠷᠦᠭᠴᠢ ᠦᠯᠦ ᠭᠠᠳᠠᠭᠰᠢᠯᠠᠭᠤᠯᠬᠤ ᠦᠢᠯᠡᠳᠪᠦᠷᠢ᠎ᠶᠢ ᠪᠦᠲᠦᠭᠡᠨ ᠪᠠᠢᠭᠤᠯᠬᠤ ᠨᠡᠷᠡᠰ᠎ᠢ ᠨᠡᠶ᠋ᠢᠲᠡᠯᠡᠵᠦ᠍᠂ ᠪᠥᠬᠥ᠌ ᠣᠷᠣᠨ᠎ᠤ 16 ᠠᠵᠤ ᠠᠬᠤᠶ᠋ᠢᠯᠠᠯ ᠰᠣᠩᠭᠣᠭᠳᠠᠵᠤ᠂ ᠬᠥᠬᠡᠬᠣᠲᠠ᠂ ᠪᠤᠭᠤᠲᠤ᠌᠂ ᠣᠷᠳᠣᠰ᠂ ᠤᠯᠠᠭᠠᠨᠬᠠᠳᠠ ᠵᠡᠷᠭᠡ ᠵᠢᠷᠭᠤᠭᠠᠨ ᠶᠡᠬᠡ ᠠᠶ᠋ᠢᠮᠠᠭ ᠬᠣᠲᠠ᠎ᠶᠢ ᠬᠠᠮᠤᠷᠴᠤ᠌᠂ ᠬᠡᠷᠡᠯᠴᠢ ᠴᠡᠨᠡᠭ᠎ᠦᠨ ᠴᠠᠬᠢᠭᠤᠷ ᠮᠠᠲ᠋ᠧᠷᠢᠶᠠᠯ᠂ ᠯᠢᠲ᠋ᠢ ᠴᠠᠬᠢᠯᠭᠠᠨ ᠴᠡᠨᠡᠭ᠎ᠤᠨ ᠪᠢᠯᠢᠭ ᠲᠤᠶ᠋ᠢᠯ ᠮᠠᠲ᠋ᠧᠷᠢᠶᠠᠯ᠂ ᠬᠣᠪᠣᠷ ᠰᠢᠷᠣᠶ᠎ᠶᠢᠨ ᠰᠢᠨ᠎ᠡ ᠮᠠᠲ᠋ᠧᠷᠢᠶᠠᠯ᠂ ᠥᠩᠭᠡᠲᠦ᠍ ᠲᠡᠮᠦᠷᠯᠢᠭ ᠬᠠᠶ᠋ᠢᠯᠤᠭᠤᠯᠬᠤ᠂ ᠪᠣᠬᠢᠷᠲᠤᠯ ᠥᠬᠡᠶ ᠲᠣᠨᠣᠬᠯᠠᠯ ᠦᠢᠯᠡᠳᠬᠦ᠂ ᠨᠡᠭᠦᠷᠡᠰᠦᠳᠦ᠋ᠷᠦᠭᠴᠢ ᠪᠠᠭ᠎ᠠ ᠢᠳᠡᠭᠡᠨ᠎ᠢ  ᠪᠣᠯᠪᠠᠰᠤᠷᠠᠭᠤᠯᠬᠤ  ᠵᠡᠷᠭᠡ  ᠭᠤᠤᠯᠳᠠᠯᠭ᠎ᠠ᠎ᠲᠠᠶ ᠬᠦᠷᠢᠶ᠎ᠡ᠎ᠶᠢ ᠬᠠᠮᠤᠷᠴᠠᠢ᠃

ᠥᠪᠥᠷ ᠮᠤᠩᠭᠤᠯ ᠦᠵᠦ᠍ ᠲᠥᠯᠥᠪᠯᠡᠭᠡ ᠬᠢᠭᠡᠳ ᠣᠷᠣᠨ ᠨᠤᠲᠤᠭ᠎ᠤᠨ ᠢᠵᠢ ᠪᠦᠷᠢᠳᠦᠭᠦᠯᠬᠦ᠌ ᠬᠣᠣᠰ ᠴᠢᠭᠯᠡᠯ᠎ᠢᠶᠡᠷ ᠬᠦᠴᠦᠯᠡᠬᠦ᠌᠎ᠶᠢ ᠪᠠᠷᠢᠮᠲᠠᠯᠠᠵᠤ᠂ ᠪᠦᠬᠦ᠌ ᠲᠠᠯ᠎ᠠ᠎ᠶᠢᠨ ᠲᠥᠷᠥ᠎ᠶᠢᠨ ᠪᠣᠳᠣᠯᠭ᠎ᠠ᠎ᠶᠢᠨ ᠪᠠᠲᠤᠯᠠᠭ᠎ᠠ᠎ᠶᠢᠨ ᠰᠢᠰᠲ᠋ᠧᠮ᠎ᠢ ᠪᠠᠶ᠋ᠢᠭᠤᠯᠪᠠ᠃ ᠨᠡᠭᠦᠷᠡᠰᠦᠳᠦ᠋ᠷᠦᠭᠴᠢ ᠦᠯᠦ ᠭᠠᠳᠠᠭᠰᠢᠯᠠᠭᠤᠯᠬᠤ ᠦᠢᠯᠡᠳᠪᠦᠷᠢ᠎ᠶᠢᠨ ᠵᠢᠷᠭᠤᠭᠠᠨ ᠶᠡᠬᠡ ᠦᠨᠡᠯᠡᠯᠲᠡ᠎ᠶᠢᠨ ᠬᠠᠷᠠᠭᠠᠰᠤ ᠵᠢ ᠲᠣᠳᠣᠷᠬᠠᠶ᠋ᠢᠯᠠᠵᠤ᠂ ᠠᠵᠤ ᠠᠬᠤᠶ᠋ᠢᠯᠠᠯ᠎ᠤᠨ ᠲᠣᠭᠲᠠᠭᠠᠯ᠎ᠳᠤ ᠨᠡᠶ᠋ᠢᠴᠡᠬᠦ᠌ ᠰᠠᠭᠤᠷᠢ᠂ ᠪᠣᠬᠢᠷᠲᠤᠯ ᠦᠭᠡᠢ ᠰᠠᠭᠤᠷᠢ ᠲᠥᠬᠥᠭᠡᠷᠦᠮᠵᠢ᠂ ᠲᠠᠬᠢᠨ ᠡᠭᠦᠰᠴᠦ᠍ ᠪᠣᠯᠬᠤ ᠡᠨᠧᠷᠭᠢ᠎ᠶᠢᠨ ᠠᠰᠢᠭᠯᠠᠯᠲᠠ᠂ ᠨᠡᠭᠦᠷᠡᠰᠦᠳᠦ᠋ᠷᠦᠭᠴᠢ ᠭᠠᠳᠠᠭᠰᠢᠯᠠᠭᠤᠯᠬᠤ ᠲᠣᠭᠠᠴᠢᠯᠠᠭᠰᠠᠨ ᠬᠠᠮᠢᠶᠠᠷᠤᠯᠲᠠ ᠡᠵᠡᠮᠳᠡᠯ᠂ ᠡᠬᠢ ᠪᠠᠶᠠᠯᠢᠭ᠎ᠤᠨ ᠣᠷᠴᠢᠯ᠂ ᠨᠡᠭᠦᠷᠡᠰᠦᠳᠦ᠋ᠷᠦᠭᠴᠢ ᠶ᠋ᠢ ᠲᠤᠯᠭᠠᠨ ᠬᠠᠰᠤᠬᠤ ᠪᠠ ᠮᠡᠳᠡᠭᠡ ᠵᠠᠩᠭᠢ ᠨᠡᠶ᠋ᠢᠲᠡᠯᠡᠬᠦ᠌᠎ᠶᠢ ᠬᠡᠮᠵᠢᠶᠡᠯᠡᠬᠦ᠌ ᠪᠠᠷᠢᠮᠵᠢᠶ᠎ᠠ᠎ᠡᠴᠡ ᠠᠵᠤ ᠠᠬᠤᠶ᠋ᠢᠯᠠᠯ᠎ᠤᠨ ᠪᠦᠬᠦ᠌ ᠶᠠᠪᠤᠴᠠ᠎ᠶᠢᠨ ᠨᠡᠭᠦᠷᠡᠰᠦᠳᠦ᠋ᠷᠦᠭᠴᠢ᠎ᠵᠢ ᠪᠠᠭᠠᠰᠬᠠᠬᠤ ᠥᠭᠡᠷᠡᠴᠢᠯᠡᠯᠲᠡ᠎ᠶᠢ ᠠᠬᠢᠭᠤᠯᠵᠠᠢ᠃ ᠲᠥᠷᠥᠯ ᠵᠦᠢᠯ᠎ᠢ ᠭᠤᠶᠤᠴᠢᠯᠠᠨ ᠮᠡᠳᠡᠭᠦᠯᠬᠦ᠌ ᠵᠠᠮ᠎ᠢ ᠵᠡᠷᠭᠡ ᠪᠡᠷ ᠨᠡᠪᠲᠡᠷᠡᠭᠦᠯᠵᠦ᠂ ᠠᠵᠤ ᠠᠬᠤᠶ᠋ᠢᠯᠠᠯ᠎ᠤᠨ ᠥᠪᠡᠷᠲᠡᠭᠡᠨ ᠵᠠᠰᠠᠬᠤ ᠣᠷᠣᠨ᠎ᠤ ᠪᠣᠬᠢᠷᠲᠤᠯ ᠥᠬᠡᠶ ᠨᠡᠭᠦᠷᠡᠰᠦᠳᠦ᠋ᠷᠦᠭᠴᠢ ᠪᠠᠭ᠎ᠠ ᠭᠠᠳᠠᠭᠰᠢᠯᠠᠭᠤᠯᠬᠤ ᠥᠭᠡᠷᠡᠴᠢᠯᠡᠯᠲᠡ᠎ᠶᠢᠨ ᠲᠤᠰᠬᠠᠶ ᠲᠥᠷᠥᠯ ᠵᠦᠢᠯ᠂ ᠤᠯᠤᠰ᠎ᠤᠨ 《ᠬᠣᠶᠠᠷ ᠴᠢᠬᠤᠯᠠ ᠬᠣᠶᠠᠷ ᠰᠢᠨ᠎ᠡ》 ᠲᠥᠷᠥᠯ ᠵᠦᠢᠯ᠎ᠢ ᠭᠤᠶᠤᠴᠢᠯᠠᠨ ᠮᠡᠳᠡᠭᠦᠯᠬᠦ᠌᠎ᠶᠢ ᠳᠡᠮᠵᠢᠵᠦ᠍᠂ ᠲᠤᠰᠬᠠᠶ ᠪᠠᠯᠠ ᠮᠥᠩᠭᠥ ᠪᠡᠷ ᠡᠨᠧᠷᠭᠢ᠎ᠶᠢ ᠠᠷᠪᠢᠯᠠᠵᠤ ᠨᠡᠭᠦᠷᠡᠰᠦᠳᠦ᠋ᠷᠦᠭᠴᠢ ᠪᠠᠭᠠᠰᠬᠠᠬᠤ ᠲᠥᠬᠥᠭᠡᠷᠦᠮᠵᠢ᠎ᠶᠢ ᠰᠢᠨᠡᠳᠬᠡᠬᠦ᠌᠂ ᠡᠨᠧᠷᠭᠢ ᠬᠠᠳᠠᠭᠠᠯᠠᠬᠤ ᠰᠢᠰᠲ᠋ᠧᠮ᠎ᠦᠨ ᠪᠠᠶ᠋ᠢᠭᠤᠯᠤᠯᠲᠠ ᠵᠡᠷᠬᠡ᠎ᠳᠤ ᠣᠷᠣᠭᠤᠯᠤᠯᠲᠠ ᠬᠢᠬᠦ᠌᠎ᠶᠢ ᠳᠠᠶ᠋ᠢᠴᠢᠯᠠᠪᠠ᠃

ᠲᠣᠰ ᠤᠳᠠᠭ᠎ᠠ 16 ᠪᠦᠲᠦᠭᠡᠨ ᠪᠠᠢᠭᠤᠯᠬᠤ ᠠᠵᠤ ᠠᠬᠤᠶ᠋ᠢᠯᠠᠯ᠎ᠨᠢ ᠦᠪᠦᠷ ᠮᠤᠩᠭᠤᠯ᠎ᠤᠨ ᠨᠡᠭᠦᠷᠡᠰᠦᠳᠦ᠋ᠷᠦᠭᠴᠢ ᠦᠯᠦ ᠭᠠᠳᠠᠭᠰᠢᠯᠠᠭᠤᠯᠬᠤ ᠲᠠᠢᠰᠢ ᠬᠡᠯᠪᠡᠷᠢ᠎ᠪᠡᠨ ᠬᠤᠪᠢᠷᠠᠭᠤᠯᠬᠤ ᠬᠣᠰᠢᠭᠤᠴᠢ ᠪᠣᠯᠤᠭᠰᠠᠨ᠎ᠤ ᠬᠤᠪᠢ᠎ᠳᠤ᠂ ᠠᠵᠢᠯ ᠲᠥᠷᠥᠯ ᠬᠤᠪᠢᠶᠠᠨ ᠵᠢᠱ᠌ᠢᠶ᠎ᠡ ᠦᠵᠡᠭᠦᠯᠬᠦ᠌ ᠥᠯᠢᠭᠡᠷ ᠳᠠᠭᠤᠷᠢᠶᠠᠯ᠎ᠢ ᠪᠣᠶ ᠪᠣᠯᠭᠠᠵᠤ᠂ ᠪᠥᠬᠥ᠌ ᠠᠵᠤ ᠦᠢᠯᠡᠰ᠎ᠦᠨ ᠬᠡᠯᠬᠢᠶ᠎ᠡ᠎ᠶᠢᠨ ᠪᠣᠬᠢᠷᠲᠤᠯ ᠥᠬᠡᠶ ᠲᠠᠢᠰᠢ ᠲᠠᠰ ᠳᠡᠪᠰᠢᠬᠦ᠌᠎ᠶᠢ ᠳᠠᠶ᠋ᠢᠴᠢᠯᠠᠨ᠎ᠠ᠃ 2030 ᠣᠨ ᠪᠣᠯᠬᠤ᠎ᠳᠤ᠂ ᠥᠪᠥᠷ ᠮᠤᠩᠭᠤᠯ᠎ᠤᠨ ᠭᠤᠤᠯ ᠪᠣᠯᠬᠤ ᠠᠵᠤ ᠦᠢᠯᠡᠳᠪᠦᠷᠢ᠎ᠶᠢᠨ ᠲᠥᠷᠥᠯ ᠵᠦᠢᠯ᠎ᠢ ᠬᠠᠮᠤᠷᠤᠭᠰᠠᠨ ᠨᠡᠭᠦᠷᠡᠰᠦᠳᠦ᠋ᠷᠦᠭᠴᠢ ᠦᠯᠦ ᠭᠠᠳᠠᠭᠰᠢᠯᠠᠭᠤᠯᠬᠤ ᠵᠢᠱ᠌ᠢᠶ᠎ᠡ ᠦᠵᠡᠭᠦᠯᠬᠦ᠌ ᠵᠢᠭᠰᠠᠭᠠᠯ᠎ᠤᠨ ᠭᠠᠵᠠᠷ᠎ᠢ ᠪᠦᠷᠢᠯᠳᠦᠭᠦᠯᠵᠦ᠍᠂ ᠠᠵᠤ ᠦᠢᠯᠡᠳᠪᠦᠷᠢ᠎ᠶᠢᠨ ᠳᠠᠬᠢᠨ ᠡᠭᠦᠰᠴᠦ᠍ ᠪᠣᠯᠬᠤ ᠡᠨᠧᠷᠭᠢ᠎ᠶᠢᠨ ᠰᠢᠩᠭᠡᠭᠡᠨ ᠠᠪᠬᠤ ᠬᠤᠪᠢ᠎ᠶᠢᠨ ᠵᠢᠩ᠎ᠢ ᠦᠷᠭᠦᠯᠵᠢᠯᠡᠨ ᠳᠡᠭᠡᠭᠰᠢᠯᠡᠭᠦᠯᠵᠦ᠍᠂ ᠰᠠᠯᠬᠢ ᠬᠡᠷᠡᠯ᠎ᠦᠨ ᠡᠬᠢ ᠪᠠᠶᠠᠯᠢᠭ᠎ᠤᠨ ᠳᠠᠪᠠᠭᠤᠯᠢᠭ᠎ᠢ ᠪᠣᠬᠢᠷᠲᠤᠯ ᠥᠬᠡᠶ ᠦᠢᠯᠡᠳᠬᠦ ᠦᠢᠯᠡᠰ᠎ᠦᠨ ᠥᠷᠢᠰᠥᠯᠳᠦᠭᠡᠨ᠎ᠦ ᠳᠠᠪᠠᠭᠤᠯᠢᠭ ᠪᠣᠯᠭᠠᠨ ᠬᠤᠪᠢᠷᠠᠭᠤᠯᠤᠨ᠎ᠠ᠃ ᠬᠤᠢᠰᠢᠳᠡ ᠨᠡᠭᠦᠷᠡᠰᠦᠳᠦ᠋ᠷᠦᠭᠴᠢ ᠦᠯᠦ ᠭᠠᠳᠠᠭᠰᠢᠯᠠᠭᠤᠯᠬᠤ ᠦᠢᠯᠡᠳᠪᠦᠷᠢ᠎ᠵᠢ ᠪᠦᠲᠦᠭᠡᠨ ᠪᠠᠢᠭᠤᠯᠬᠤ ᠡᠩᠨᠡᠭᠡ᠎ᠵᠢ ᠦᠷᠭᠦᠯᠵᠢᠯᠡᠨ ᠪᠤᠵᠠᠭᠠᠶ᠋ᠢᠷᠠᠭᠤᠯᠵᠤ᠂ ᠠᠵᠤ ᠦᠢᠯᠡᠳᠪᠦᠷᠢ᠎ᠶᠢᠨ ᠬᠥᠭᠵᠢᠯᠲᠡ᠎ᠶᠢᠨ ᠠᠷᠭ᠎ᠠ ᠬᠡᠯᠪᠡᠷᠢ᠎ᠶᠢᠨ ᠦᠨᠳᠦᠰᠦᠨ ᠴᠢᠨᠠᠷᠲᠠᠶ ᠬᠤᠪᠢᠰᠤᠯᠲᠠ᠎ᠶᠢ ᠠᠬᠢᠭᠤᠯᠵᠤ᠂ ᠤᠯᠤᠰ᠎ᠤᠨ ᠴᠢᠬᠤᠯᠠ ᠡᠨᠧᠷᠭᠢ᠎ᠶᠢᠨ ᠰᠠᠭᠤᠷᠢᠨ᠎ᠢ ᠪᠥᠲᠥᠭᠡᠨ ᠪᠠᠶ᠋ᠢᠭᠤᠯᠬᠤ᠂ 《ᠬᠤᠤᠰ ᠨᠡᠭᠦᠷᠡᠰᠦᠳᠦ᠋ᠷᠦᠭᠴᠢ》 ᠶ᠋ᠢᠨ ᠬᠠᠷᠠᠯᠲᠠ᠎ᠶᠢ ᠨᠠᠶ᠋ᠢᠳᠠᠪᠤᠷᠢᠵᠢᠭᠤᠯᠬᠤ᠎ᠶᠢ ᠪᠠᠲᠤᠯᠠᠬᠤ ᠳᠤᠮᠳᠠ᠂ ᠦᠪᠦᠷ ᠮᠤᠩᠭᠤᠯ᠎ᠤᠨ ᠪᠣᠬᠢᠷᠲᠤᠯ ᠥᠬᠡᠶ ᠴᠢᠨᠠᠷ ᠰᠠᠶ᠋ᠢᠲᠠᠶ ᠬᠥᠭᠵᠢᠯᠲᠡ᠎ᠶᠢᠨ ᠰᠢᠨ᠎ᠡ ᠬᠠᠭᠤᠳᠠᠰᠤ᠎ᠶᠢ ᠪᠢᠴᠢᠭᠯᠡᠨ᠎ᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号