ᠮᠠᠨᠵᠤᠤᠷ᠎ᠤᠨ ᠳᠤᠮᠳᠠᠳᠤ ᠤᠷᠤᠰ᠎ᠤᠨ ᠠᠷᠠᠯᠵᠢᠶᠠᠨ᠎ᠤ ᠲᠤᠭᠤᠷᠢᠭ ᠭᠠᠳᠠᠭᠠᠳᠤ ᠡᠴᠡ ᠠᠨᠭᠬ᠎ᠠ ᠤᠳᠠᠭ᠎ᠠ ᠠᠮᠤ ᠪᠤᠳᠠᠭ᠎ᠠ ᠤᠷᠤᠭᠤᠯᠤᠨ ᠠᠪᠴᠢᠷᠠᠪᠠ
2026-07-21 11:11:31
ᠵᠣᠬᠢᠶᠠᠭ᠍ᠴᠢ᠄
ᠭᠤᠤ ᠬᠤᠡᠭ ᠯᠢᠶᠠᠨ
ᠣᠩᠱᠢᠭ᠍ᠰᠠᠨ ᠣᠳᠠᠭ᠎ᠠ᠄
★★★☆☆

7 ᠰᠠᠷ᠎ᠠ᠎ᠶᠢᠨ 10᠎ᠤ᠋ ᠡᠳᠦᠷ᠂ 15.84 ᠲᠦᠮᠡᠨ ᠲᠥᠭᠥᠷᠢᠭ᠎ᠤ᠋ᠨ ᠦᠷᠳᠡᠭ ᠪᠦᠬᠦᠢ 44 ᠲᠣᠨ ᠣᠷᠣᠰ᠎ᠤᠨ ᠶᠠᠮᠠ᠎ᠶᠢᠨ ᠦᠷ᠎ᠡ᠎ᠶᠢ ᠳᠦᠭᠦᠷᠲᠡᠯ᠎ᠡ ᠠᠴᠢᠭᠰᠠᠨ ᠬᠣᠶᠠᠷ ᠠᠴᠢᠶᠠᠨ᠎ᠤ ᠮᠠᠰᠢᠨ ᠮᠠᠨᠵᠤᠤᠷ᠎ᠤᠨ ᠳᠤᠮᠳᠠᠳᠤ ᠣᠷᠣᠰ᠎ᠤᠨ ᠠᠷᠠᠯᠵᠢᠶᠠᠨ᠎ᠤ ᠲᠣᠭᠣᠷᠢᠭ᠎ᠲᠤ᠌ ᠬᠦᠷᠴᠤ ᠢᠷᠡᠵᠠᠢ᠃ ᠡᠨᠡ ᠪᠣᠯ ᠮᠠᠨᠵᠤᠤᠷ᠎ᠤᠨ ᠵᠠᠰᠠᠮᠠᠯ ᠵᠠᠮ᠎ᠤᠨ ᠵᠠᠬ᠎ᠠ᠎ᠶᠢᠨ ᠠᠷᠠᠯᠵᠢᠶᠠᠨ᠎ᠤ ᠲᠣᠭᠣᠷᠢᠭ᠎ᠤᠨ ᠭᠠᠳᠠᠭᠠᠳᠤ᠎ᠡᠴᠡ ᠣᠷᠣᠭᠤᠯᠤᠭᠰᠠᠨ ᠠᠩᠬᠠᠳᠠᠭᠴᠢ ᠪᠦᠯᠦᠭ ᠠᠮᠤ ᠪᠤᠳᠠᠭ᠎ᠠ ᠪᠣᠯᠤᠨ᠎ᠠ᠂ ᠡᠨᠡ᠎ᠨᠢ ᠵᠠᠰᠠᠮᠠᠯ ᠵᠠᠮ᠎ᠤᠨ ᠵᠠᠬ᠎ᠠ᠎ᠶᠢᠨ ᠠᠷᠠᠯᠵᠢᠶᠠᠨ᠎ᠤ ᠬᠡᠪᠴᠢᠶᠡᠵᠢᠭᠰᠡᠨ᠂ ᠪᠠᠢᠡᠭᠭᠤᠵᠢᠬᠰᠠᠨ᠂ ᠠᠵᠤ ᠦᠶ᠋ᠯᠡᠰᠵᠢᠭᠰᠡᠨ ᠪᠥᠭᠡᠮ ᠲᠠᠸᠠᠷ᠎ᠤᠨ ᠭᠠᠳᠠᠭᠠᠳᠤ᠎ᠡᠴᠡ ᠣᠷᠣᠭᠤᠯᠬᠤ ᠰᠢᠨ᠎ᠡ ᠵᠠᠭᠪᠤᠷ ᠵᠢᠩᠬᠢᠨᠢ᠎ᠪᠡᠷ ᠡᠬᠢᠯᠡᠭᠰᠡᠨ᠎ᠢ ᠬᠠᠷᠠᠭᠤᠯᠵᠤ ᠪᠠᠢᠭ᠎ᠠ ᠪᠦᠭᠡᠳ ᠮᠠᠨᠵᠤᠤᠷ᠎ᠤᠨ ᠵᠠᠰᠠᠮᠠᠯ ᠵᠠᠮ᠎ᠤᠨ ᠵᠠᠬ᠎ᠠ᠎ᠶᠢᠨ ᠠᠷᠠᠯᠵᠢᠶ᠎ᠠ ᠵᠢᠨ ᠠᠮᠤ ᠪᠤᠳᠠᠭᠠᠨ᠎ᠤ ᠶᠡᠬᠡ ᠬᠡᠮᠵᠢᠶᠡᠨ᠎ᠦ ᠠᠷᠠᠯᠵᠢᠶᠠᠨ᠎ᠤ ᠬᠣᠭᠣᠰᠣᠨ᠎ᠢ ᠨᠥᠬᠥᠪᠥᠷᠢᠯᠡᠵᠦ᠍᠂ ᠬᠢᠯᠢ ᠵᠢᠨ ᠪᠣᠭᠣᠮᠲᠠ᠎ᠶᠢᠨ ᠤᠨᠴᠠᠯᠢᠬᠳᠤ ᠠᠵᠤ ᠦᠢᠯᠡᠰ᠎ᠦᠨ ᠬᠥᠭᠵᠢᠯᠲᠡ᠎ᠳᠦ ᠰᠢᠨ᠎ᠡ ᠬᠥᠳᠡᠯᠭᠡᠬᠦ᠌ ᠡᠨᠧᠷᠭᠢ ᠨᠡᠮᠡᠷᠢᠯᠡᠪᠡ᠃

ᠮᠠᠨᠵᠤᠤᠷ ᠬᠤᠳᠠ ᠣᠷᠣᠰ᠎ᠯᠤᠭ᠎ᠠ᠎ᠶᠢᠨ ᠨᠡᠭᠡᠭᠡᠯᠲᠡ᠎ᠶᠢᠨ ᠡᠮᠦᠨ᠎ᠡ ᠡᠡᠭᠨᠡᠭᠡᠨ᠎ᠳᠤ ᠪᠠᠢᠷᠢᠯᠠᠵᠤ᠂ ᠣᠷᠣᠰ᠎ᠤᠨ ᠠᠷᠤ ᠪᠠᠶ᠋ᠢᠭᠠᠯᠰᠺ᠎ᠤᠨ ᠬᠢᠯᠢ ᠬᠢᠵᠠᠭᠠᠷ ᠣᠷᠣᠨ᠂ ᠢᠷᠺᠦ᠋ᠼᠺ ᠵᠧᠤ ᠵᠡᠷᠭᠡ ᠴᠢᠨᠠᠷ ᠰᠠᠶ᠋ᠢᠲᠠᠶ ᠠᠮᠤ ᠪᠤᠳᠠᠭᠠᠨ᠎ᠤ ᠭᠣᠣᠯ ᠭᠠᠷᠤᠯᠲᠠ᠎ᠶᠢᠨ ᠣᠷᠣᠨ᠎ᠲᠠᠶ ᠬᠥᠷᠰᠢᠯᠡᠵᠦ᠍ ᠪᠠᠢᠬᠤ ᠲᠠᠪᠠᠭᠤᠯᠢᠭ ᠨᠦᠬᠦᠴᠡᠯ ᠲᠠᠢ᠃ ᠣᠶ᠋ᠢᠷ᠎ᠠ ᠵᠠᠶ᠎ᠶᠢᠨ ᠪᠣᠭᠣᠮᠲᠠ᠎ᠪᠠᠷ ᠥᠩᠭᠡᠷᠡᠬᠦ᠌ ᠲᠥᠬᠥᠮ ᠨᠥᠬᠥᠴᠡᠯ᠎ᠳᠡᠭᠡᠨ ᠲᠦᠰᠢᠭᠯᠡᠨ᠂ ᠮᠠᠨᠵᠤᠤᠷ ᠬᠣᠲᠠ ᠶᠠᠮᠠ᠎ᠶᠢᠨ ᠦᠷ᠎ᠡ᠂ ᠨᠡᠷᠡᠨ ᠬᠤᠸᠠᠷ᠎ᠤᠨ ᠦᠷ᠎ᠡ ᠵᠡᠷᠭᠡ ᠠᠮᠤ ᠪᠤᠳᠠᠭ᠎ᠠ᠎ᠶᠢ ᠭᠤᠤᠯᠳᠠᠯᠭ᠎ᠠ᠎ᠲᠠᠶ ᠣᠷᠣᠭᠤᠯᠵᠤ ᠪᠠᠢᠨ᠎ᠠ᠃ ᠵᠠᠰᠠᠮᠠᠯ ᠵᠠᠮ᠎ᠤᠨ ᠬᠢᠯᠢ ᠵᠢᠨ ᠪᠣᠭᠣᠮᠲᠠ᠎ᠶᠢᠨ ᠲᠡᠭᠡᠭᠡᠪᠦᠷᠢ᠎ᠶᠢᠨ ᠵᠠᠶ᠎ᠨᠢ ᠣᠬᠣᠷ᠂ ᠪᠣᠭᠣᠮᠲᠠ᠎ᠪᠠᠷ ᠥᠩᠭᠡᠷᠡᠬᠦ᠌ ᠦᠷ᠎ᠠ ᠪᠦᠳᠤᠮᠵᠢ ᠥᠨᠳᠥᠷ᠂ ᠠᠮᠢᠳᠤᠯᠢᠭ ᠴᠢᠨᠠᠷ᠎ᠢᠶᠠᠷ ᠴᠢᠩᠭ᠎ᠠ᠂ ᠬᠢᠯᠢ᠎ᠶᠢᠨ ᠠᠷᠠᠳ᠎ᠤᠨ ᠵᠠᠬ᠎ᠠ ᠵᠢᠨ ᠠᠷᠠᠯᠵᠢᠶ᠎ᠠ᠎ᠶᠢᠨ ᠭᠠᠶ᠋ᠢᠯᠢ᠎ᠡᠴᠡ ᠬᠡᠯᠲᠦᠷᠢᠭᠦᠯᠬᠦ᠌ ᠲᠥᠷᠥ᠎ᠶᠢᠨ ᠪᠣᠳᠣᠯᠭ᠎ᠠ᠎ᠵᠡᠷᠭᠡ ᠲᠦᠷᠦ ᠵᠢᠨ ᠪᠤᠳᠤᠯᠭ᠎ᠠ ᠵᠢᠨ ᠬᠠᠷᠠᠭᠠᠯᠵᠠᠯ ᠨᠢ ᠠᠵᠤ ᠠᠬᠤᠢᠯᠠᠯ᠎ᠤᠨ ᠥᠪᠡᠷ᠎ᠦᠨ ᠥᠷᠲᠡᠭ᠎ᠢ ᠶᠡᠬᠡ ᠬᠡᠮᠵᠢᠶ᠎ᠡ᠎ᠪᠡᠷ ᠪᠠᠭᠤᠷᠠᠭᠤᠯᠵᠤ ᠪᠠᠢᠨ᠎ᠠ᠃

ᠪᠣᠭᠣᠮᠲᠠ᠎ᠪᠠᠷ ᠥᠩᠭᠡᠷᠡᠬᠦ᠌ ᠲᠦᠭᠵᠢᠷᠡᠯ᠎ᠤᠨ ᠠᠰᠠᠭᠤᠳᠠᠯ᠎ᠢ ᠰᠢᠢᠳᠪᠤᠷᠢᠯᠡᠬᠦ ᠵᠢᠨ ᠲᠥᠯᠥᠭᠡ᠂ ᠮᠠᠨᠵᠤᠤᠷ᠎ᠤᠨ ᠳᠤᠮᠳᠠᠳᠤ ᠣᠷᠣᠰ᠎ᠤᠨ ᠵᠠᠬ᠎ᠠ ᠎ᠵᠢᠨ ᠠᠷᠠᠯᠵᠢᠶᠠᠨ᠎ᠤ ᠲᠣᠭᠣᠷᠢᠭ᠎ᠨᠢ ᠠᠷᠪᠠᠨ ᠨᠢ᠋ᠮᠠᠨ ᠭᠠᠵᠠᠷ᠎ᠤᠨ ᠪᠣᠭᠣᠮᠲᠠ᠂ ᠬᠢᠯᠢ᠎ᠪᠡᠷ ᠭᠠᠷᠴᠤ᠌ ᠣᠷᠣᠬᠤ ᠬᠢᠯᠢ᠎ᠶᠢᠨ ᠬᠠᠮᠠᠭᠠᠯᠠᠯᠲᠠ᠎ᠶᠢᠨ ᠪᠠᠶ᠋ᠢᠴᠠᠭᠠᠬᠤ ᠥᠷᠲᠡᠭᠡ ᠵᠡᠷᠭᠡ ᠬᠣᠯᠪᠣᠭᠠᠯᠠᠨ ᠪᠠᠶ᠋ᠢᠴᠠᠭᠠᠵᠤ ᠬᠣᠯᠪᠣᠭᠠᠯᠠᠨ ᠲᠡᠭᠡᠭᠡᠪᠦᠷᠢᠯᠡᠬᠦ᠌ ᠰᠠᠯᠠᠭ᠎ᠠ ᠮᠥᠴᠢᠷ᠎ᠲᠡᠶ ᠬᠠᠮᠲᠤᠷᠠᠨ᠂ ᠴᠢᠯᠥᠭᠡᠲᠦ᠍ ᠠᠷᠠᠯᠵᠢᠶᠠᠨ᠎ᠤ ᠲᠤᠷᠰᠢᠯᠲᠠ᠎ᠶᠢᠨ ᠣᠷᠣᠨ᠎ᠤ ᠪᠡᠶ᠎ᠡ᠎ᠪᠡᠨ ᠳᠠᠭᠠᠭᠠᠵᠤ ᠰᠢᠨ᠎ᠡ᠎ᠶᠢ ᠡᠭᠦᠳᠬᠦ᠌᠎ᠪᠡᠷ ᠳᠠᠮᠵᠢᠭᠤᠯᠤᠨ᠂ ᠬᠢᠨᠠᠯᠲᠠ ᠬᠠᠮᠢᠶᠠᠷᠤᠯᠲᠠ᠎ᠶᠢᠨ ᠵᠠᠭᠪᠤᠷ᠂ ᠪᠠᠶ᠋ᠢᠴᠠᠭᠠᠨ ᠰᠢᠯᠭᠠᠬᠤ ᠶᠠᠪᠤᠴᠠ ᠪᠠ ᠲᠡᠷᠭᠡ ᠶᠠᠪᠤᠭᠤᠯᠬᠤ ᠵᠠᠮ ᠱᠤᠭᠤᠮ᠎ᠢ ᠰᠢᠯᠢᠳᠡᠭᠵᠢᠭᠦᠯᠵᠦ᠍᠂ ᠲᠤᠰᠬᠠᠶ ᠨᠡᠪᠲᠡᠷᠡᠬᠦ᠌ ᠵᠠᠮ᠂ ᠠᠷᠢᠭᠤᠳᠬᠠᠨ ᠰᠢᠶ᠋ᠳᠪᠦᠷᠢᠯᠡᠬᠦ᠌᠂ ᠬᠥᠮᠥᠷᠭᠡᠯᠡᠨ ᠬᠠᠳᠠᠭᠠᠯᠠᠬᠤ᠂ ᠬᠠᠷᠠᠭᠠᠨ ᠳᠠᠪᠲᠠᠮᠵᠢ᠎ᠪᠠᠷ ᠬᠢᠨᠠᠨ ᠡᠵᠡᠮᠳᠡᠬᠦ᠌ ᠵᠡᠷᠭᠡ ᠡᠬᠢ ᠪᠠᠶᠠᠯᠢᠭ᠎ᠢ ᠨᠡᠢᠳᠭᠡᠵᠦ᠂ ᠡᠷᠴᠢᠮᠵᠢᠭᠦᠯᠦᠭᠰᠡᠨ ᠠᠵᠢᠯ᠎ᠤᠨ ᠰᠢᠰᠲᠸᠮ᠎ᠢ ᠪᠠᠶ᠋ᠢᠭᠤᠯᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号