ᠨᠡᠢᠭᠡᠮ ᠵᠢᠷᠤᠮ᠎ᠤᠨ ᠭᠣᠣᠯᠯᠠᠬᠴᠢ ᠥᠷᠲᠡᠭ᠎ᠦᠨ ᠦᠵᠡᠯᠲᠡ᠎ᠶᠢ ᠶᠡᠬᠡ ᠪᠡᠷ ᠪᠣᠢᠵᠢᠭᠤᠯᠤᠨ ᠦᠢᠯᠡᠳᠦᠯᠭᠡᠵᠢᠭᠦᠯᠵᠦ᠂ ᠪᠣᠳᠠᠲᠠᠢ ᠬᠠᠤᠯᠢ ᠴᠠᠭᠠᠵᠠ ᠵᠢᠨ ᠬᠡᠷᠡᠭ᠎ᠦᠨ ᠵᠢᠱ᠌ᠢᠶ᠎ᠡ᠎ᠶᠢ ᠬᠡᠷᠡᠭᠯᠡᠨ ᠵᠥᠪ ᠥᠷᠲᠡᠭ᠎ᠦᠨ ᠬᠠᠨᠳᠤᠰᠢ᠎ᠶᠢ ᠨᠡᠢᠭᠡᠮ᠎ᠳᠦ ᠲᠠᠮᠵᠢᠭᠤᠯᠵᠤ᠂ ᠨᠡᠢᠭᠡᠮ ᠵᠢᠷᠤᠮ᠎ᠤᠨ ᠭᠣᠣᠯᠯᠠᠬᠴᠢ ᠥᠷᠲᠡᠭ᠎ᠦᠨ ᠦᠵᠡᠯᠲᠡ᠎ᠶᠢ ᠬᠠᠤᠯᠢ᠎ᠪᠠᠷ ᠵᠠᠰᠠᠬᠤ ᠪᠠᠢᠭᠤᠯᠤᠯᠲᠠ᠎ᠳᠤ ᠠᠭᠤᠰᠬᠠᠨ ᠤᠷᠤᠭᠤᠯᠵᠤ᠂ ᠨᠡᠢᠲᠡᠯᠢᠭ ᠬᠡᠷᠡᠭ᠎ᠦᠨ ᠵᠢᠱ᠌ᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ᠎ᠢ ᠭᠦᠢᠴᠡᠳ ᠪᠠᠳᠠᠷᠠᠭᠤᠯᠬᠤ ᠵᠢᠨ ᠲᠤᠯᠠᠳᠠ᠂ ᠲᠦᠷᠦᠭᠦᠬᠡᠨ ᠥᠪᠥᠷ ᠮᠣᠩᠭᠣᠯ᠎ᠤᠨ ᠪᠠᠢᠴᠠᠭᠠᠬᠤ ᠪᠠᠢᠭᠤᠯᠭ᠎ᠠ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ᠎ᠪᠠᠨ ᠭᠦᠢᠴᠡᠳᠬᠡᠵᠦ᠂ ᠨᠡᠢᠭᠡᠮ ᠵᠢᠷᠤᠮ᠎ᠤᠨ ᠭᠣᠣᠯᠯᠠᠭ᠍ᠴᠢ ᠥᠷᠲᠡᠭ᠎ᠦᠨ ᠦᠵᠡᠯᠲᠡ᠎ᠶᠢᠨ ᠬᠠᠤᠯᠢ᠎ᠪᠠᠷ ᠵᠠᠰᠠᠬᠤ ᠪᠠᠢᠭᠤᠯᠤᠯᠲᠠ᠎ᠳᠤ ᠠᠭᠤᠰᠤᠯᠴᠠᠬᠤ᠎ᠶᠢ ᠠᠬᠢᠭᠤᠯᠤᠭᠰᠠᠨ 8 ᠨᠡᠢᠲᠡᠯᠢᠭ ᠬᠡᠷᠡᠭ᠎ᠦᠨ ᠵᠢᠱ᠌ᠢᠶ᠎ᠡ᠎ᠶᠢ ᠨᠡᠢᠲᠡᠯᠡᠪᠡ᠃
ᠨᠡᠢᠲᠡᠯᠢᠭ ᠬᠡᠷᠡᠭ᠎ᠦᠨ ᠵᠢᠱ᠌ᠢᠶ᠎ᠡ᠎ᠳᠦ᠂ ᠬᠥᠬᠡᠡᠡᠣᠲᠠ᠎ᠶᠢᠨ ᠠᠷᠠᠳ᠎ᠤᠨ ᠪᠠᠢᠴᠠᠭᠠᠬᠤ ᠬᠣᠷᠢᠶ᠎ᠠ ᠵᠢᠨ ᠨᠠᠰᠤᠨ ᠳ᠋ᠸ᠋ ᠬᠦᠷᠦᠬᠡᠳᠦᠢ ᠦᠷ᠎ᠡ ᠬᠡᠦᠬᠡᠳ ᠤ᠋ᠨ ᠡᠷᠬᠡ ᠲᠡᠭᠰᠢ ᠪᠡᠷ ᠲᠦᠯᠦᠪᠦᠷᠢ ᠵᠢᠨ ᠵᠤᠭᠤᠰ ᠮᠦᠩᠬᠦ ᠤᠯᠬᠤ ᠵᠢ ᠪᠠᠳᠤᠯᠠᠬᠰᠠᠨ ᠬᠡᠷᠡᠭ᠂ ᠪᠤᠭᠤᠲᠤ ᠬᠣᠲᠠ᠎ᠶᠢᠨ ᠰᠢᠭᠤᠢᠲᠤ ᠲᠣᠭᠣᠷᠢᠭ᠋᠎ᠤᠨ ᠠᠷᠠᠳ᠎ᠤᠨ ᠪᠠᠢᠴᠠᠭᠠᠬᠤ ᠬᠣᠷᠢᠶ᠎ᠠ ᠵᠢᠨ ᠴᠢ ᠵᠢᠶᠠ ᠶᠡᠬᠡ ᠬᠦᠷᠢᠶᠡᠨ ᠤ᠋ ᠾᠧ ᠯᠦᠩ ᠤ᠋ᠨ ᠵᠢᠯᠤᠭᠣᠳᠬᠤ ᠭᠠᠵᠠᠷ᠎ᠤᠨ ᠬᠠᠭᠤᠴᠢᠨ ᠪᠠᠭᠤᠷᠢ ᠵᠢ ᠬᠠᠮᠠᠭᠠᠯᠠᠬᠤ ᠵᠢ ᠱᠠᠯᠠᠪᠳᠠᠭᠤᠯᠤᠬᠰᠠᠨ ᠵᠠᠰᠠᠭ ᠵᠠᠬᠢᠷᠭᠠᠨ᠎ᠤ ᠨᠡᠶ᠋ᠢᠲᠡ᠎ᠶᠢᠨ ᠠᠰᠠᠷᠠᠮᠵᠢ᠎ᠶᠢᠨ ᠵᠠᠷᠭᠤ᠎ᠶᠢᠨ ᠬᠡᠷᠡᠭ᠂ ᠵᠠᠯᠠᠨ ᠠᠢᠯ ᠬᠣᠲᠠ᠎ᠶᠢᠨ ᠠᠷᠠᠳ᠎ᠤᠨ ᠪᠠᠢᠴᠠᠭᠠᠬᠤ ᠬᠣᠷᠢᠶ᠎ᠠ ᠵᠢᠨ ᠤᠯᠤᠰ ᠲᠥᠷᠥ᠎ᠶᠢᠨ ᠡᠷᠬᠡ᠎ᠶᠢ ᠨᠢ ᠬᠠᠰᠤᠭᠰᠠᠨ ᠯᠢᠦ ᠣᠪᠣᠭᠲᠤ᠎ᠶᠢᠨ ᠰᠣᠩᠭᠣᠭᠤᠯᠢ᠎ᠶᠢᠨ ᠡᠷᠬᠡ᠎ᠶᠢ ᠰᠡᠷᠭᠦᠭᠡᠬᠦ᠎ᠳᠦ ᠬᠢᠨᠠᠯᠲᠠ ᠲᠠᠯᠪᠢᠭ᠍ᠰᠠᠨ ᠬᠡᠷᠡᠭ᠂ ᠲᠦᠩᠯᠢᠶᠣᠣ ᠬᠣᠲᠠ᠎ᠶᠢᠨ ᠬᠣᠷᠴᠢᠨ ᠲᠣᠭᠣᠷᠢᠭ᠋᠎ᠤᠨ ᠠᠷᠠᠳ᠎ᠤᠨ ᠪᠠᠢᠴᠠᠭᠠᠬᠤ ᠬᠣᠷᠢᠶ᠎ᠠ᠎ᠵᠢᠨ ᠨᠢᠭᠡᠨ ᠪᠠᠯᠭᠠᠰᠤᠨ᠎ᠤ ᠵᠠᠰᠠᠭ᠎ᠤᠨ ᠣᠷᠳᠣᠨ᠎ᠢ ᠡᠮᠡᠭᠲᠡᠢᠴᠦᠳ᠎ᠦᠨ ᠡᠷᠬᠡ ᠠᠰᠢᠭ᠋᠎ᠢ ᠪᠠᠲᠤᠯᠠᠬᠤ ᠡᠭᠦᠷᠭᠡ ᠬᠠᠷᠢᠭᠤᠴᠠᠯᠭ᠎ᠠ᠎ᠪᠠᠨ ᠥᠯᠥ ᠭᠦᠢᠴᠡᠳᠬᠡᠭᠰᠡᠨ ᠬᠡᠵᠦ ᠵᠠᠭᠠᠯᠳᠤᠭᠰᠠᠨ ᠵᠠᠰᠠᠭ ᠵᠠᠬᠢᠷᠭᠠᠨ᠎ᠤ ᠨᠡᠶ᠋ᠢᠲᠡ᠎ᠶᠢᠨ ᠠᠰᠠᠷᠠᠮᠵᠢ᠎ᠶᠢᠨ ᠵᠠᠷᠭᠤ᠎ᠶᠢᠨ ᠬᠡᠷᠡᠭ᠂ ᠬᠠᠩᠭᠢᠨ ᠬᠣᠰᠢᠭᠤᠨ᠎ᠤ ᠠᠷᠠᠳ᠎ᠤᠨ ᠪᠠᠢᠴᠠᠭᠠᠬᠤ ᠬᠣᠷᠢᠶ᠎ᠠ ᠵᠢᠨ ᠦᠨᠡᠨ ᠶᠣᠰᠣᠨ᠎ᠤ ᠲᠥᠯᠥᠭᠡ ᠡᠷᠡᠯᠬᠡᠭᠯᠡᠨ ᠲᠡᠮᠡᠴᠡᠵᠦ ᠰᠢᠷᠬᠠᠲᠤᠭᠰᠠᠳ᠎ᠲᠤ ᠤᠯᠤᠰ᠎ᠤᠨ ᠬᠠᠤᠯᠢ ᠴᠠᠭᠠᠵᠠ᠎ᠶᠢᠨ ᠲᠤᠰᠠᠯᠠᠮᠵᠢ ᠦᠵᠡᠭᠦᠯᠦᠭᠰᠡᠨ ᠬᠡᠷᠡᠭ᠂ ᠤᠷᠠᠳ᠎ᠤᠨ ᠡᠮᠦᠨᠡᠲᠦ ᠬᠣᠰᠢᠭᠤᠨ᠎ᠤ ᠠᠷᠠᠳ᠎ᠤᠨ ᠪᠠᠢᠴᠠᠭᠠᠬᠤ ᠬᠣᠷᠢᠶ᠎ᠠ ᠵᠢᠨ ᠪᠣᠳᠠᠰ᠎ᠤᠨ ᠪᠤᠰᠤ ᠰᠣᠶᠣᠯ᠎ᠤᠨ ᠥᠪ᠎ᠢ ᠬᠠᠮᠠᠭᠠᠯᠠᠬᠤ᠎ᠶᠢ ᠱᠠᠯᠠᠪᠳᠠᠭᠤᠯᠤᠬᠰᠠᠨ ᠵᠠᠰᠠᠭ ᠵᠠᠬᠢᠷᠭᠠᠨ᠎ᠤ ᠨᠡᠶ᠋ᠢᠲᠡ᠎ᠶᠢᠨ ᠠᠰᠠᠷᠠᠮᠵᠢ᠎ᠶᠢᠨ ᠵᠠᠷᠭᠤ᠎ᠶᠢᠨ ᠬᠡᠷᠡᠭ᠂ ᠡᠵᠡᠨ᠎ᠡ ᠬᠣᠰᠢᠭᠤᠨ᠎ᠤ ᠠᠷᠠᠳ᠎ᠤᠨ ᠪᠠᠢᠴᠠᠭᠠᠬᠤ ᠬᠣᠷᠢᠶ᠎ᠠ ᠵᠢᠨ ᠦᠷᠡᠭᠳᠡᠭᠰᠡᠨ ᠪᠠᠭᠠᠲᠤᠷᠴᠤᠳ᠎ᠤᠨ ᠣᠩᠭᠣᠨ᠎ᠢ ᠬᠠᠮᠠᠭᠠᠯᠠᠬᠤ ᠲᠤᠰᠢᠶᠠᠯ ᠬᠠᠷᠢᠭᠤᠴᠠᠯᠭ᠎ᠠ᠎ᠶᠢ ᠬᠦᠢᠴᠡᠳᠬᠡᠬᠦ ᠵᠢ ᠱᠠᠯᠠᠪᠳᠠᠭᠤᠯᠤᠬᠰᠠᠨ ᠵᠠᠰᠠᠭ ᠵᠠᠬᠢᠷᠭᠠᠨ᠎ᠤ ᠨᠡᠶ᠋ᠢᠲᠡ᠎ᠶᠢᠨ ᠠᠰᠠᠷᠠᠮᠵᠢ᠎ᠶᠢᠨ ᠵᠠᠷᠭᠤ᠎ᠶᠢᠨ ᠬᠡᠷᠡᠭ᠂ ᠵᠢᠨᠢᠩ᠎ᠦᠨ ᠲᠡᠮᠦᠷ ᠵᠠᠮ᠎ᠤᠨ ᠲᠡᠭᠡᠭᠡᠪᠦᠷᠢ᠎ᠶᠢᠨ ᠪᠠᠢᠴᠠᠭᠠᠬᠤ ᠬᠣᠷᠢᠶ᠎ᠠ ᠵᠢᠨ ᠢᠲᠡᠭᠡᠮᠵᠢ ᠪᠠᠨ ᠠᠯᠳᠠᠭᠰᠠᠨ ᠠᠵᠤ ᠠᠬᠤᠢᠯᠠᠯ᠎ᠢ ᠬᠢᠨᠠᠨ ᠬᠠᠮᠢᠶᠠᠷᠬᠤ ᠲᠤᠰᠢᠶᠠᠯ ᠬᠠᠷᠢᠭᠤᠴᠠᠯᠭ᠎ᠠ᠎ᠪᠠᠨ ᠬᠦᠢᠴᠡᠳᠬᠡᠬᠦ ᠵᠢ ᠱᠠᠯᠠᠪᠳᠠᠭᠤᠯᠤᠬᠰᠠᠨ ᠢᠷᠭᠡᠨ᠎ᠦ ᠬᠡᠷᠡᠭ᠎ᠦᠨ ᠪᠠᠢᠴᠠᠭᠠᠬᠤ ᠠᠵᠢᠯ ᠤ᠋ᠨ ᠬᠢᠨᠠᠯᠳᠠ ᠲᠠᠯᠪᠢᠬᠰᠠᠨ ᠬᠡᠷᠡᠭ ᠪᠤᠢ᠃
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号