ᠬᠦᠬᠡᠬᠤᠳᠠ ᠵᠢᠨ ᠴᠡᠷᠢᠭ᠎ᠤᠨ ᠠᠯᠪᠠ ᠡᠴᠡ ᠬᠠᠯᠠᠭᠳᠠᠭᠰᠠᠤᠨ᠎ᠤᠨ ᠵᠢᠷᠭᠤᠳᠤᠭᠠᠷ ᠲᠠᠯᠠᠪᠠᠢ ᠠᠵᠢᠯᠳᠠᠤᠨ ᠤᠷᠢᠨ ᠡᠯᠰᠡᠬᠦ ᠴᠤᠭᠯᠠᠭᠠᠨ ᠶᠠᠪᠤᠭᠳᠠᠵᠠᠢ
2026-07-21 10:21:54
ᠵᠣᠬᠢᠶᠠᠭ᠍ᠴᠢ᠄
ᠰᠦᠨ ᠯᠢ ᠶᠢᠡᠭ
ᠣᠩᠱᠢᠭ᠍ᠰᠠᠨ ᠣᠳᠠᠭ᠎ᠠ᠄
★★★☆☆

ᠤᠢᠷ᠎ᠠ ᠳ᠋ᠤ᠂ ᠬᠥᠬᠡᠡᠡᠣᠲᠠ᠎ᠶᠢᠨ 2026 ᠣᠨ᠎ᠤ ᠵᠢᠷᠭᠤᠳᠤᠭᠠᠷ ᠲᠠᠯᠠᠪᠠᠶ ᠴᠡᠷᠢᠭ᠎ᠦᠨ ᠠᠯᠪᠠ᠎ᠡᠴᠡ ᠬᠠᠯᠠᠭᠳᠠᠭᠰᠠᠳ᠂ ᠴᠡᠷᠢᠭ᠎ᠦᠨ ᠭᠡᠷ ᠪᠦᠯᠢ᠎ᠶᠢᠨ ᠬᠢᠨ ᠤ᠋ ᠲᠤᠰᠬᠠᠢ ᠲᠠᠯᠠᠪᠠᠢ ᠠᠵᠢᠯᠲᠠᠨ  ᠡᠯᠰᠡᠬᠦ ᠴᠤᠬᠯᠠᠭᠠᠨ ᠬᠦᠬᠡᠡᠡᠣᠲᠠ᠎ᠶᠢᠨ ᠨᠡᠢᠭᠡᠮᠴᠢᠯᠡᠭᠰᠡᠨ ᠴᠡᠷᠢᠭ᠎ᠢᠶᠡᠨ ᠬᠦᠷᠢᠶᠡᠯᠡᠬᠦ ᠦᠢᠯᠡᠴᠢᠯᠡᠭᠡᠨ᠎ᠦ ᠵᠢᠱ᠌ᠢᠶ᠎ᠡ ᠦᠵᠡᠭᠦᠯᠬᠦ ᠬᠦᠷᠢᠶᠡᠯᠡᠩ᠎ᠦᠨ ᠴᠡᠷᠢᠭ᠎ᠦᠨ ᠠᠯᠪᠠ᠎ᠡᠴᠡ ᠬᠠᠯᠠᠭᠳᠠᠭᠰᠠᠳ᠎ᠤᠨ ᠠᠵᠢᠯ ᠣᠯᠵᠤ ᠦᠢᠯᠡᠰ ᠪᠤᠰᠬᠠᠬᠤ ᠦᠢᠯᠡᠴᠢᠯᠡᠭᠡᠨ᠎ᠦ ᠲᠥᠪ᠎ᠲᠦ ᠶᠠᠪᠤᠬᠳᠠᠪᠠ᠃

ᠲᠣᠰ ᠤᠳᠠᠭᠠᠨ᠎ᠤ ᠠᠵᠢᠯᠯᠠᠭ᠎ᠠ᠎ᠳᠤ ᠠᠷᠠᠳ ᠤ᠋ᠨ ᠡᠵᠡᠩᠨᠡᠯᠳᠡ ᠵᠢᠨ 51 ᠠᠵᠤ ᠠᠬᠤᠢᠯᠠᠯ ᠣᠷᠣᠯᠴᠠᠵᠤ᠂ 1000 ᠭᠠᠷᠤᠢ ᠠᠵᠢᠯ᠎ᠤᠨ ᠪᠠᠢᠷᠢ ᠬᠠᠡᠭᠭᠠᠵᠤ᠂ ᠵᠠᠰᠠᠭ ᠵᠠᠬᠢᠷᠭᠠᠨ᠎ᠤ ᠬᠠᠮᠢᠶᠠᠷᠤᠯᠲᠠ᠂ ᠰᠢᠨ᠎ᠡ ᠵᠠᠭᠤᠴᠢᠯᠠᠭᠤᠷ᠎ᠤᠨ ᠡᠵᠡᠩᠨᠡᠯᠲᠡ᠂ ᠭᠠᠯ ᠰᠡᠷᠭᠡᠢᠯᠡᠵᠦ ᠭᠠᠯ ᠤᠨᠲᠠᠷᠠᠭᠠᠬᠤ ᠠᠮᠤᠷ᠎ᠢ ᠬᠠᠮᠠᠭᠠᠯᠠᠬᠤ ᠵᠡᠷᠭᠡ ᠣᠯᠠᠨ ᠬᠦᠷᠢᠶ᠎ᠡ ᠴᠠᠷᠠᠭ᠎ᠠ᠎ᠶᠢ ᠬᠠᠮᠤᠷᠴᠤ᠂ ᠠᠳᠠᠯᠢ ᠪᠤᠰᠤ ᠨᠠᠰᠤ ᠵᠢᠯ᠂ ᠤᠷ᠎ᠠ ᠴᠢᠳᠠᠪᠤᠷᠢ᠎ᠶᠢᠨ ᠲᠦᠪᠰᠢᠨ ᠪᠦᠬᠦᠢ ᠠᠵᠢᠯ ᠡᠷᠢᠵᠦ ᠪᠠᠢᠭ᠎ᠠ ᠬᠥᠮᠥᠰ᠎ᠲᠦ ᠵᠣᠬᠢᠴᠠᠭᠤᠯᠵᠤ᠂ ᠴᠡᠷᠢᠭ ᠤ᠋ᠨ ᠠᠯᠪᠠ᠎ᠡᠴᠡ ᠬᠠᠯᠠᠭᠳᠠᠭᠰᠠᠳ ᠵᠢᠴᠢ ᠴᠡᠷᠢᠭ᠎ᠦᠨ ᠭᠡᠷ ᠪᠦᠯᠢ᠎ᠶᠢᠨ ᠬᠢᠨ ᠤ᠋ ᠠᠵᠢᠯ ᠣᠯᠭᠣᠯᠲᠠ᠎ᠶᠢᠨ ᠬᠡᠷᠡᠭᠴᠡᠭᠡ᠎ᠶᠢ ᠭᠦᠢᠴᠡᠳ ᠬᠠᠩᠭᠠᠪᠠ᠃ ᠲᠤᠬᠠᠢ᠎ᠶᠢᠨ ᠲᠠᠯᠠᠪᠠᠢ᠎ᠳ᠋ᠤ 120 ᠭᠠᠷᠤᠢ ᠴᠡᠷᠢᠭ᠎ᠦᠨ ᠠᠯᠪᠠ᠎ᠡᠴᠡ ᠬᠠᠯᠠᠭᠳᠠᠭᠰᠠᠳ ᠵᠢᠴᠢ ᠴᠡᠷᠢᠭ᠎ᠦᠨ ᠭᠡᠷ ᠪᠦᠯᠢ᠎ᠶᠢᠨ ᠬᠢᠨ ᠠᠵᠤ ᠠᠬᠤᠢᠯᠠᠯ᠎ᠲᠠᠢ ᠠᠵᠢᠯ᠎ᠤᠨ ᠪᠠᠢᠷᠢ᠎ᠶᠢᠨ ᠪᠠᠢᠳᠠᠯ᠂ ᠴᠠᠯᠢᠩ ᠣᠯᠭᠣᠮᠵᠢ ᠬᠠᠷᠠᠭᠠᠯᠵᠠᠯ᠂ ᠬᠥᠭᠵᠢᠯᠲᠡ᠎ᠶᠢᠨ ᠢᠷᠡᠭᠡᠳᠦᠢ ᠵᠡᠷᠭᠡ ᠵᠢ ᠭᠦᠨᠵᠡᠭᠡᠢ ᠰᠣᠯᠢᠯᠴᠠᠵᠤ᠂ 110 ᠭᠠᠷᠤᠢ ᠬᠥᠮᠥᠨ ᠤᠳᠠᠭ᠎ᠠ ᠠᠩᠬ᠎ᠠ ᠠᠯᠬᠤᠮ᠎ᠤᠨ ᠠᠵᠢᠯ ᠣᠯᠬᠤ ᠰᠠᠨᠠᠮᠵᠢ ᠲᠤᠬᠳᠠᠵᠠᠢ᠃

ᠲᠣᠰ ᠤᠳᠠᠭᠠᠨ᠎ᠤ ᠠᠵᠢᠯᠯᠠᠭ᠎ᠠ ᠨᠢ 《ᠠᠬᠤᠢ ᠲᠠᠯᠠᠪᠠᠢ ᠵᠢᠨ ᠠᠵᠢᠯᠲᠠᠨ ᠡᠯᠰᠡᠬᠦ ᠴᠤᠭᠯᠠᠭᠠᠨ + ᠰᠦᠯᠵᠢᠶᠡᠨ ᠳᠡᠭᠡᠷᠡᠬᠢ ᠰᠢᠭᠤᠳ ᠨᠡᠪᠲᠡᠷᠡᠭᠦᠯᠭᠡ᠎ᠪᠡᠷ ᠠᠵᠢᠯ᠎ᠤᠨ ᠪᠠᠢᠷᠢ ᠲᠠᠨᠢᠯᠴᠠᠭᠤᠯᠬᠤ》 ᠬᠣᠣᠰ ᠱᠤᠭᠤᠮ᠎ᠤᠨ ᠦᠢᠯᠡᠴᠢᠯᠡᠭᠡᠨ᠎ᠦ ᠵᠠᠭᠪᠤᠷ᠎ᠢ ᠬᠡᠷᠡᠭᠯᠡᠵᠦ᠂ ᠴᠠᠭ ᠬᠤᠭᠤᠴᠠᠭ᠎ᠠ ᠪᠠ ᠣᠷᠣᠨ ᠵᠠᠢ᠎ᠶᠢᠨ ᠬᠢᠵᠠᠭᠠᠷᠯᠠᠯ᠎ᠢ ᠡᠪᠳᠡᠪᠡ᠃ ᠲᠠᠷᠠᠭᠠᠴᠢ ᠪᠡᠷ᠂ ᠬᠦᠬᠡᠬᠣᠲᠠ᠎ᠶᠢᠨ ᠴᠡᠷᠢᠭ᠎ᠦᠨ ᠠᠯᠪᠠ᠎ᠡᠴᠡ ᠬᠠᠯᠠᠭᠳᠠᠭᠰᠠᠳ᠎ᠤᠨ ᠠᠵᠢᠯ ᠣᠯᠭᠣᠵᠦ ᠦᠢᠯᠡᠰ ᠪᠤᠰᠬᠠᠬᠤ ᠦᠢᠯᠡᠴᠢᠯᠡᠭᠡᠨ᠎ᠦ ᠲᠥᠪ ᠨᠢ ᠠᠵᠢᠯ ᠣᠯᠭᠣᠯᠲᠠ᠎ᠶᠢᠨ ᠵᠢᠯᠣᠭᠣᠳᠤᠯᠭ᠎ᠠ᠂ ᠮᠡᠷᠭᠡᠵᠢᠯ ᠴᠢᠳᠠᠪᠤᠷᠢ᠎ᠶᠢᠨ ᠪᠣᠯᠪᠠᠰᠤᠷᠠᠯ᠂ ᠠᠵᠢᠯ᠎ᠤᠨ ᠪᠠᠢᠷᠢ᠎ᠶᠢᠨ ᠲᠠᠨᠢᠯᠴᠠᠭᠤᠯᠭ᠎ᠠ ᠵᠡᠷᠭᠡ ᠨᠢᠭᠡ ᠥᠷᠲᠡᠭᠡᠴᠢᠯᠡᠭᠰᠡᠨ ᠮᠠᠶᠢᠭ᠋᠎ᠤᠨ ᠬᠠᠪᠰᠤᠷᠤᠨ ᠲᠡᠳᠬᠦᠬᠦ᠎ᠶᠢ ᠪᠠᠢᠩᠭᠤᠵᠢᠭᠤᠯᠤᠨ ᠥᠷᠨᠢᠭᠦᠯᠬᠦ ᠵᠢᠨ ᠬᠠᠮᠲᠤ ᠴᠢᠨᠠᠷ ᠰᠠᠢᠲᠠᠢ ᠠᠵᠢᠯ᠎ᠤᠨ ᠪᠠᠢᠷᠢ᠎ᠶᠢᠨ ᠡᠬᠢ ᠪᠠᠶᠠᠯᠢᠭ᠋᠎ᠢ ᠨᠡᠢᠳᠭᠡᠵᠦ᠂ ᠪᠥᠬᠥ ᠶᠠᠪᠤᠴᠠ᠎ᠶᠢᠨ ᠠᠵᠢᠯ ᠣᠯᠭᠣᠯᠲᠠ᠎ᠶᠢ ᠮᠥᠷᠳᠡᠬᠦ ᠰᠢᠰᠲᠧᠮ᠎ᠢ ᠲᠡᠭᠦᠯᠳᠡᠷᠵᠢᠭᠦᠯᠵᠦ᠂ ᠴᠡᠷᠢᠭ ᠤ᠋ᠨ ᠠᠯᠪᠠ᠎ᠡᠴᠡ ᠬᠠᠯᠠᠭᠳᠠᠭᠰᠠᠳ᠎ᠤᠨ ᠠᠵᠢᠯ ᠣᠯᠭᠣᠯᠲᠠ᠎ᠶᠢᠨ ᠪᠠᠲᠤᠯᠠᠭ᠎ᠠ᠎ᠶᠢᠨ ᠰᠠᠭᠤᠷᠢ᠎ᠶᠢ ᠦᠷᠭᠦᠯᠵᠢᠯᠡᠨ ᠪᠡᠬᠢᠵᠢᠭᠦᠯᠵᠦ᠂ ᠴᠡᠷᠢᠭ ᠤ᠋ᠨ ᠠᠯᠪᠠ᠎ᠡᠴᠡ ᠬᠠᠯᠠᠭᠳᠠᠭᠰᠠᠳ᠎ᠤᠨ ᠦᠢᠯᠡᠴᠢᠯᠡᠭᠡᠨ᠎ᠦ ᠠᠵᠢᠯ᠎ᠤᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ ᠪᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号