7 ᠰᠠᠷ᠎ᠠ᠎ᠶᠢᠨ 20 ᠤ᠋ ᠡᠳᠦᠷ᠂ ᠠᠷᠪᠠᠳᠤᠭᠠᠷ ᠬᠤᠭᠤᠴᠠᠭᠠᠨ᠎ᠤ ᠥᠪᠥᠷ ᠮᠣᠩᠭᠣᠯ᠎ᠤᠨ ᠲᠠᠯ᠎ᠠ ᠨᠤᠲᠤᠭ᠎ᠤᠨ ᠰᠡᠯᠡᠭᠦᠴᠡᠯ᠎ᠤᠨ ᠪᠡᠶ᠎ᠡ᠎ᠶᠢᠨ ᠲᠠᠮᠢᠷ᠎ᠤᠨ ᠴᠤᠭᠯᠠᠭᠠᠨ᠎ᠤ ᠰᠣᠨᠢᠨ ᠮᠡᠳᠡᠭᠡ ᠨᠡᠢᠲᠡᠯᠡᠬᠦ ᠬᠤᠷᠠᠯ ᠬᠥᠬᠡᠬᠣᠲᠠ᠎ᠳᠤ ᠬᠤᠷᠠᠯᠳᠤᠪᠠ᠃
ᠥᠪᠥᠷ ᠮᠣᠩᠭᠣᠯ᠎ᠤᠨ ᠲᠠᠯ᠎ᠠ ᠨᠤᠲᠤᠭ᠎ᠤᠨ ᠰᠡᠯᠡᠭᠦᠴᠡᠯ᠎ᠦᠨ ᠪᠡᠶ᠎ᠡ᠎ᠶᠢᠨ ᠲᠠᠮᠢᠷ᠎ᠤᠨ ᠴᠤᠭᠯᠠᠭᠠᠨ 2015 ᠣᠨ ᠡᠴᠡ ᠡᠬᠢᠯᠡᠨ ᠬᠢᠨᠭᠭᠠᠨ ᠠᠢᠮᠠᠭ᠎ᠲᠤ ᠶᠠᠪᠤᠭᠳᠠᠵᠦ᠂ ᠪᠡᠶ᠎ᠡ᠎ᠶᠢᠨ ᠲᠠᠮᠢᠷ᠎ᠤᠨ ᠤᠷᠤᠯᠳᠤᠭᠠᠨ ᠠ᠋ᠴᠠ ᠰᠣᠶᠣᠯ ᠵᠢᠭᠤᠯᠴᠢᠯᠠᠯ ᠬᠣᠯᠪᠤᠭᠠᠯᠠᠨ ᠬᠥᠳᠡᠯᠦᠯᠴᠡᠬᠦ᠂ ᠪᠥᠬᠥ ᠠᠷᠠᠳ᠎ᠢᠶᠠᠷ᠎ᠢᠶᠠᠨ ᠣᠷᠣᠯᠴᠠᠬᠤ᠂ ᠪᠥᠬᠥ ᠣᠷᠣᠨ ᠪᠦᠰᠡ᠎ᠪᠡᠷ᠎ᠢᠶᠡᠨ ᠬᠠᠮᠲᠤ ᠪᠠᠷ ᠡᠳ᠋ᠯᠡᠬᠦ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠣᠨᠴᠠᠯᠢᠭ᠍ᠲᠤ ᠰᠣᠶᠣᠯ ᠲᠠᠮᠢᠷ᠎ᠤᠨ ᠵᠢᠭᠤᠯᠴᠢᠯᠠᠯ᠎ᠤᠨ ᠲᠦᠷᠦᠯ ᠲᠡᠮᠳᠡᠭ ᠪᠤᠯᠵᠤ᠂ ᠲᠠᠯ᠎ᠠ ᠨᠤᠲᠤᠭ᠎ᠤᠨ ᠵᠣᠨ᠎ᠤ ᠤᠯᠠᠷᠢᠯ᠎ᠤᠨ ᠬᠠᠮᠤᠭ᠎ᠤᠨ ᠨᠥᠯᠥᠭᠡᠯᠡᠬᠦ ᠬᠦᠴᠦᠨ᠎ᠲᠠᠢ᠂ ᠬᠠᠮᠤᠭ᠎ᠤᠨ ᠣᠯᠠᠨ ᠲᠦᠮᠡᠨᠴᠢ ᠰᠠᠭᠤᠷᠢ᠎ᠲᠠᠢ᠂ ᠬᠠᠮᠤᠭ᠎ᠤᠨ ᠵᠠᠬ᠎ᠠ ᠳᠡᠯᠭᠡᠭᠦᠷ᠎ᠦᠨ ᠠᠮᠢᠵᠢᠷᠠᠯ᠎ᠤᠨ ᠬᠦᠴᠦᠨ᠎ᠲᠠᠢ ᠵᠢᠱ᠌ᠢᠶ᠎ᠡ ᠦᠵᠡᠬᠦᠯᠬᠦ ᠴᠢᠨᠠᠷᠲᠠᠢ ᠣᠯᠠᠨ ᠲᠦᠮᠡᠨᠴᠢ ᠪᠡᠶ᠎ᠡ᠎ᠶᠢᠨ ᠲᠠᠮᠢᠷ᠎ᠤᠨ ᠦᠪᠡᠳᠡᠭᠰᠢ ᠴᠤᠭᠯᠠᠭᠠᠨ ᠪᠣᠯᠤᠭᠰᠠᠨ ᠪᠠᠢᠨ᠎ᠠ᠃
ᠲᠣᠰ ᠬᠤᠭᠤᠴᠠᠭᠠᠨ᠎ᠤ ᠪᠡᠶ᠎ᠡ᠎ᠶᠢᠨ ᠲᠠᠮᠢᠷ᠎ᠤᠨ ᠴᠤᠭᠯᠠᠭᠠᠨ᠎ᠢ ᠦᠪᠦᠷ ᠮᠤᠨᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠡᠶ᠎ᠡ᠎ᠶᠢᠨ ᠲᠠᠮᠢᠷ᠎ᠤᠨ ᠲᠣᠪᠴᠢᠶ᠎ᠠ᠂ ᠬᠢᠩᠭᠠᠨ ᠠᠢᠮᠠᠭ᠎ᠤᠨ ᠵᠠᠬᠢᠷᠭ᠎ᠠ ᠠ᠋ᠴᠠ ᠬᠠᠮᠲᠤᠷᠠᠨ ᠡᠷᠭᠢᠯᠡᠵᠦ᠂ ᠦᠪᠦᠷ ᠮᠤᠨᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠡᠶ᠎ᠡ᠎ᠶᠢᠨ ᠲᠠᠮᠢᠷ᠎ᠤᠨ ᠶᠡᠷᠦᠩᠬᠡᠢ ᠡᠪᠯᠡᠯ᠂ ᠬᠢᠩᠭᠠᠨ ᠠᠢᠮᠠᠭ᠎ᠤᠨ ᠰᠣᠶᠣᠯ ᠵᠢᠭᠤᠯᠴᠢᠯᠠᠯ ᠪᠡᠶ᠎ᠡ᠎ᠶᠢᠨ ᠲᠠᠮᠢᠷ᠎ᠤᠨ ᠲᠣᠪᠴᠢᠶ᠎ᠠ ᠬᠠᠮᠲᠤᠷᠠᠨ ᠡᠷᠭᠢᠯᠡᠬᠦ ᠪᠤᠯᠤᠨ᠎ᠠ᠃ 8 ᠰᠠᠷ᠎ᠠ᠎ᠶᠢᠨ 8 ᠤ᠋ ᠡᠳᠦᠷ ᠬᠢᠨᠭᠭᠠᠨ ᠠᠢᠮᠠᠭ᠎ᠤᠨ ᠬᠣᠷᠴᠢᠨ ᠪᠠᠷᠠᠭᠤᠨ ᠭᠠᠷᠤᠨ ᠡᠮᠦᠨᠡᠲᠦ ᠬᠣᠰᠢᠭᠤᠨ᠎ᠤ ᠤᠯᠠᠭᠠᠨᠮᠣᠳᠤ ᠰᠤᠮᠤᠨ᠎ᠤ ᠤᠯᠠᠮᠵᠢᠯᠠᠯᠲᠤ ᠪᠡᠶ᠎ᠡ᠎ᠶᠢᠨ ᠲᠠᠮᠢᠷ᠎ᠤᠨ ᠶᠡᠷᠦᠩᠬᠡᠢᠯᠡᠭᠰᠡᠨ ᠪᠣᠯᠪᠠᠰᠤᠷᠠᠯ᠎ᠤᠨ ᠰᠠᠭᠤᠷᠢᠨ᠎ᠳᠤ ᠵᠢᠩᠬᠢᠨᠢ᠎ᠪᠡᠷ ᠡᠬᠢᠯᠡᠵᠦ᠂ 9 ᠰᠠᠷ᠎ᠠ ᠪᠣᠯᠲᠠᠯ᠎ᠠ ᠦᠷᠭᠦᠯᠵᠢᠯᠡᠨ᠎ᠡ᠃ ᠲᠤᠰ ᠬᠤᠭᠤᠴᠠᠭᠠᠨ᠎ᠤ ᠪᠡᠶ᠎ᠡ᠎ᠶᠢᠨ ᠲᠠᠮᠢᠷ᠎ᠤᠨ ᠴᠤᠭᠯᠠᠭᠠᠨ᠎ᠳᠦ ᠨᠡᠶ᠋ᠢᠲᠡ 25 ᠵᠦᠢᠯ᠎ᠦᠨ ᠤᠷᠤᠯᠳᠤᠭᠠᠨ᠎ᠤ ᠠᠵᠢᠯᠯᠠᠭ᠎ᠠ ᠲᠣᠬᠢᠷᠠᠭᠤᠯᠪᠠ᠂ ᠡᠭᠦᠨ᠎ᠳᠦ ᠣᠯᠠᠨ ᠤᠯᠤᠰ᠎ᠤᠨ ᠳᠡᠰ᠎ᠤᠨ 4 ᠵᠦᠢᠯ᠂ ᠤᠯᠤᠰ᠎ᠤᠨ ᠳᠡᠰ᠎ᠤᠨ 7 ᠵᠦᠢᠯ᠂ ᠥᠪᠡᠷᠲᠡᠭᠡᠨ ᠵᠠᠰᠠᠬᠤ ᠣᠷᠣᠨ᠎ᠤ ᠳᠡᠰ᠎ᠤᠨ 4 ᠵᠦᠢᠯ᠂ ᠠᠢᠮᠠᠭ᠎ᠤᠨ ᠳᠡᠰ᠎ᠤᠨ 10 ᠵᠦᠢᠯ ᠪᠠᠭᠲᠠᠵᠠᠢ᠃ ᠳᠡᠰ ᠳᠠᠪᠬᠤᠷᠭ᠎ᠠ ᠨᠢ ᠲᠣᠳᠣᠷᠬᠠᠢ᠂ ᠪᠦᠬᠦ ᠲᠠᠯ᠎ᠠ᠎ᠶᠢ ᠬᠠᠮᠤᠷᠤᠭᠰᠠᠨ ᠳᠥᠷᠪᠡᠨ ᠳᠡᠰ᠎ᠤᠨ ᠤᠷᠤᠯᠳᠤᠭᠠᠨ᠎ᠤ ᠰᠢᠰᠲᠧᠮ᠎ᠢ ᠪᠠᠢᠭᠤᠯᠵᠤ᠂ ᠳᠤᠮᠳᠠᠳᠤ ᠤᠷᠤᠰ᠎ᠤᠨ ᠵᠠᠯᠠᠭᠤᠴᠤᠳ ᠪᠠᠭᠠᠴᠤᠳ᠎ᠤᠨ ᠵᠢᠣᠳᠣᠣ᠎ᠶᠢᠨ ᠨᠥᠬᠥᠷᠰᠡᠭ ᠤᠷᠤᠯᠳᠤᠭᠠᠨ᠂ ᠳᠥᠷᠪᠡᠳᠦᠭᠡᠷ ᠬᠤᠭᠤᠴᠠᠭᠠᠨ᠎ᠤ ᠳᠤᠮᠳᠠᠳᠤ ᠤᠯᠤᠰ᠎ᠤᠨ ᠨᠢᠰᠦᠭᠡ ᠲᠠᠪᠠᠭ᠎ᠤᠨ ᠬᠣᠯᠪᠣᠭᠠᠲᠤ ᠤᠷᠤᠯᠳᠤᠭᠠᠨ᠂ 《ᠦᠵᠡᠰᠬᠦᠯᠡᠩᠳᠦ ᠰᠠᠢᠬᠠᠨ ᠲᠤᠮᠳᠠᠳᠤ ᠤᠯᠤᠰ᠎ᠢ ᠬᠠᠢᠬᠤᠢ》 ᠪᠦᠬᠦ ᠤᠯᠤᠰ᠎ᠤᠨ ᠵᠢᠭᠤᠯᠴᠢᠯᠠᠯ᠎ᠤᠨ ᠬᠤᠳᠠ᠎ᠶᠢᠨ ᠲᠤᠭᠳᠠᠭᠰᠠᠨ ᠴᠢᠭᠯᠡᠯ᠎ᠳᠦ ᠰᠢᠷᠢᠰ ᠤᠷᠤᠯᠳᠤᠭᠠᠨ᠂ ᠡᠷ᠎ᠡ᠎ᠶᠢᠨ ᠭᠤᠷᠪᠠᠨ ᠨᠠᠭᠠᠳᠤᠮ᠎ᠤᠨ ᠰᠢᠷᠢᠰ ᠤᠷᠤᠯᠳᠤᠭᠠᠨ᠂ ᠷᠠᠰᠢᠶᠠᠨ᠎ᠤ ᠮᠠᠷᠠᠽᠤᠨ ᠤᠷᠤᠯᠳᠤᠭᠠᠨ ᠵᠡᠷᠭᠡ ᠣᠨᠴᠠᠯᠢᠬᠳᠤ ᠲᠦᠷᠦᠯ ᠵᠦᠢᠯ᠎ᠢ ᠬᠠᠮᠤᠷᠤᠭᠰᠠᠨ ᠪᠠᠢᠨ᠎ᠠ᠃
ᠲᠤᠰ ᠬᠤᠭᠤᠴᠠᠭᠠᠨ᠎ᠤ ᠪᠡᠶ᠎ᠡ᠎ᠶᠢᠨ ᠲᠠᠮᠢᠷ᠎ᠤᠨ ᠴᠤᠭᠯᠠᠭᠠᠨ ᠨᠢ ᠪᠠᠰᠠ ᠣᠯᠠᠨ ᠲᠠᠯ᠎ᠠ ᠪᠠᠷ ᠰᠢᠨ᠎ᠡ᠎ᠶᠢ ᠡᠭᠦᠳᠦᠨ ᠳᠡᠰ ᠳᠡᠪᠰᠢᠭᠦᠯᠵᠦ᠂ ᠤᠷᠤᠯᠳᠤᠭᠠᠨ᠎ᠤ ᠶᠠᠰᠤ ᠴᠢᠨᠠᠷ ᠦᠷ᠎ᠡ ᠠᠰᠢᠭ᠋᠎ᠢ ᠪᠦᠬᠦ ᠲᠠᠯ᠎ᠠ᠎ᠪᠠᠷ ᠳᠡᠭᠡᠭᠰᠢᠯᠡᠭᠦᠯᠵᠦ ᠴᠤᠭᠯᠠᠭᠠᠨᠤᠥᠯᠵᠡᠢᠲᠦ ᠠᠮᠢᠲᠠᠨ᠂ ᠭᠣᠣᠯ ᠰᠡᠳᠦᠪᠲᠦ ᠠᠶ᠎ᠠ ᠶ᠋ᠢ ᠨᠡᠢᠲᠡᠯᠡᠵᠦ᠂ 《ᠤᠷᠤᠯᠳᠤᠭᠠᠨ᠎ᠢᠶᠠᠷ ᠵᠢᠭᠤᠯᠴᠢᠯᠠᠯ᠎ᠢ ᠳᠠᠢᠴᠢᠯᠠᠬᠤ᠂ ᠤᠷᠤᠯᠳᠤᠭᠠᠨ᠎ᠢᠶᠠᠷ ᠤᠯᠠᠨ ᠦᠢᠯᠡᠰ᠎ᠢ ᠬᠥᠭᠵᠢᠭᠦᠯᠬᠦ》 ᠠᠭᠤᠰᠤᠯᠴᠠᠨ ᠬᠥᠭᠵᠢᠬᠦ ᠵᠠᠭᠪᠤᠷ᠎ᠢ ᠪᠣᠶ ᠪᠣᠯᠭᠠᠵᠤ᠂ ᠤᠷᠤᠯᠳᠤᠭᠠᠨ᠂ ᠵᠢᠭᠤᠯᠴᠢᠯᠠᠯ᠂ ᠤᠷᠠᠨ ᠰᠠᠢᠬᠠᠨ᠎ᠤ ᠲᠣᠭᠯᠠᠯᠲᠠ᠂ ᠬᠡᠷᠡᠭᠯᠡᠭᠡ ᠵᠡᠷᠭᠡ᠎ᠶᠢᠨ ᠭᠦᠨᠵᠡᠭᠡᠢ ᠬᠣᠯᠪᠣᠯᠳᠤᠯ᠎ᠢ ᠠᠬᠢᠭᠤᠯᠤᠨ᠂ ᠤᠷᠤᠯᠳᠤᠭᠠᠨ᠎ᠤ ᠪᠢᠯᠧᠲ᠎ᠦᠨ ᠠᠵᠤ ᠠᠬᠤᠢ᠎ᠶᠢ ᠬᠥᠭᠵᠢᠭᠡᠨ᠂ ᠪᠡᠶ᠎ᠡ᠎ᠶᠢᠨ ᠲᠠᠮᠢᠷ᠎ᠤᠨ ᠦᠢᠯᠡᠴᠢᠯᠡᠭᠡᠨ᠎ᠦ ᠦᠢᠯᠡᠰ᠎ᠦᠨ ᠶᠠᠰᠤ ᠴᠢᠨᠠᠷ᠎ᠢ ᠳᠡᠭᠡᠭᠰᠢᠯᠡᠭᠦᠯᠦᠨ ᠲᠠᠰ ᠳᠡᠪᠰᠢᠭᠦ ᠵᠢ ᠳᠠᠶ᠋ᠢᠴᠢᠯᠠᠬᠤ ᠪᠤᠯᠤᠨ᠎ᠠ᠃