ᠥᠪᠥᠷ ᠮᠣᠩᠭᠣᠯ 4.48 ᠳ᠋ᠦᠨᠭᠰᠢᠭᠤᠷ ᠰᠢᠬᠠᠮ ᠲᠦᠬᠦᠷᠢᠭ ᠤ᠋ᠨ ᠬᠢᠴᠢᠶᠡᠯ᠎ᠦᠨ ᠳᠠᠷᠠᠭᠠᠬᠢ ᠤᠢᠯᠡᠴᠢᠯᠡᠬᠡᠨ᠎ᠦ ᠨᠥᠬᠥᠪᠥᠷᠢ ᠮᠥᠩᠭᠥ ᠪᠠᠭᠤᠯᠭᠠᠪᠠ
2026-07-22 11:09:29
ᠵᠣᠬᠢᠶᠠᠭ᠍ᠴᠢ᠄
ᠰᠠᠷᠭᠠᠢ
ᠣᠩᠱᠢᠭ᠍ᠰᠠᠨ ᠣᠳᠠᠭ᠎ᠠ᠄
★★★☆☆

ᠤᠯᠤᠰ᠎ᠤᠨ 《ᠬᠣᠶᠠᠷ᠎ᠢ ᠬᠦᠨᠭᠬᠡᠷᠡᠬᠦᠯᠬᠦ》 ᠲᠦᠷᠦ᠎ᠶᠢᠨ ᠪᠤᠳᠤᠯᠭ᠎ᠠ᠎ᠶᠢᠨ ᠵᠣᠷᠢᠭ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ 《ᠬᠣᠶᠠᠷ᠎ᠢ ᠬᠦᠨᠭᠬᠡᠷᠡᠬᠦᠯᠬᠦ》 ᠠᠵᠢᠯ᠎ᠤᠨ ᠦᠷ᠎ᠡ ᠪᠦᠲᠦᠭᠡᠯ᠎ᠢ ᠦᠷᠭᠦᠯᠵᠢᠯᠡᠨ ᠪᠡᠬᠢᠵᠢᠭᠦᠯᠬᠦ᠌᠎ᠶᠢᠨ ᠲᠥᠯᠥᠭᠡ᠂ ᠡᠨᠡ ᠵᠢᠯ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠎ᠤᠨ ᠲᠢᠩᠬᠢᠮ᠎ᠡᠴᠡ ᠠᠯᠪᠠᠨ ᠵᠢᠷᠤᠮ᠎ᠤᠨ ᠰᠤᠷᠭᠠᠨ ᠬᠥᠮᠦᠵᠢᠯ᠎ᠦᠨ ᠰᠤᠷᠭᠠᠭᠤᠯᠢ᠎ᠶᠢᠨ ᠬᠢᠴᠢᠶᠡᠯ᠎ᠦᠨ ᠳᠠᠷᠠᠭᠠᠬᠢ ᠦᠢᠯᠡᠴᠢᠯᠡᠭᠡᠨ᠎ᠦ ᠨᠥᠬᠥᠪᠥᠷᠢ ᠮᠥᠩᠭᠥ᠎ᠶᠢ 4.48 ᠳ᠋ᠦᠩᠰᠢᠭᠤᠷ ᠰᠢᠬᠠᠮ ᠲᠥᠭᠥᠷᠢᠭ ᠪᠠᠭᠤᠯᠭᠠᠵᠤ᠂ ᠲᠣᠭᠲᠠᠭᠤᠨ᠂ ᠨᠠᠷᠢᠯᠢᠭ ᠣᠨᠣᠴᠠᠲᠠᠢ ᠡᠳ᠋᠎ᠦᠨ ᠵᠠᠰᠠᠭ᠎ᠤᠨ ᠪᠡᠯᠡ ᠣᠷᠣᠭᠤᠯᠤᠯᠲᠠ᠎ᠪᠠᠷ ᠪᠦᠬᠦ᠌ ᠣᠷᠣᠨ᠎ᠤ ᠠᠯᠪᠠᠨ ᠵᠢᠷᠤᠮ᠎ᠤᠨ ᠰᠤᠷᠭᠠᠨ ᠬᠥᠮᠦᠵᠢᠯ᠎ᠦᠨ ᠱᠠᠲᠤᠨ᠎ᠤ ᠰᠤᠷᠭᠠᠭᠤᠯᠢ᠎ᠶᠢᠨ ᠬᠢᠴᠢᠶᠡᠯ᠎ᠦᠨ ᠳᠠᠷᠠᠭᠠᠬᠢ ᠦᠢᠯᠡᠴᠢᠯᠡᠭᠡ᠎ᠶᠢ ᠪᠠᠶ᠋ᠢᠩᠭᠤᠵᠢᠭᠤᠯᠤᠨ ᠵᠢᠷᠤᠮᠵᠢᠭᠤᠯᠤᠨ ᠦᠷᠨᠢᠬᠦᠯᠬᠦ ᠢ᠋ᠢ ᠪᠠᠳᠤᠯᠠᠵᠤ᠂ ᠪᠦᠬᠦ᠌ ᠣᠷᠣᠨ᠎ᠤ ᠳᠤᠮᠳᠠᠳᠤ ᠪᠠᠭ᠎ᠠ ᠰᠤᠷᠭᠠᠭᠤᠯᠢ᠎ᠶᠢᠨ 200 ᠲᠦᠮᠡ ᠭᠠᠷᠤᠢ ᠰᠤᠷᠤᠭᠴᠢᠳ᠎ᠲᠤ᠌ ᠠᠰᠢᠭ ᠬᠦᠷᠳᠡᠬᠡᠬᠦ ᠪᠡᠷ ᠪᠤᠯᠪᠡ᠃

ᠲᠣᠰ ᠤᠳᠠᠭᠠᠨ᠎ᠤ ᠪᠠᠯᠠ ᠮᠥᠩᠭᠥ᠎ᠶᠢ ᠭᠤᠤᠯᠳᠠᠭᠤ ᠠᠯᠪᠠᠨ᠎ᠡᠴᠡ ᠡᠷᠭᠢᠯᠡᠭᠰᠡᠨ ᠠᠯᠪᠠᠨ ᠵᠢᠷᠤᠮ᠎ᠤᠨ ᠰᠤᠷᠭᠠᠨ ᠬᠥᠮᠦᠵᠢᠯ᠎ᠦᠨ ᠰᠤᠷᠭᠠᠭᠤᠯᠢ᠎ᠶᠢᠨ ᠬᠢᠴᠢᠶᠡᠯ᠎ᠦᠨ ᠳᠠᠷᠠᠭᠠᠬᠢ ᠤᠢᠯᠡᠴᠢᠯᠡᠬᠡ ᠥᠷᠨᠢᠭᠦᠯᠦᠭᠰᠡᠨ ᠬᠠᠮᠢᠶ᠎ᠠ ᠪᠥᠬᠥᠶ ᠵᠠᠷᠤᠯᠭ᠎ᠠ᠎ᠶᠢ ᠨᠥᠬᠥᠪᠥᠷᠢᠯᠡᠬᠦ᠌᠎ᠳᠦ ᠬᠡᠷᠡᠭᠯᠡᠨ᠎ᠡ᠂ ᠡᠭᠦᠨ᠎ᠳᠦ ᠬᠢᠴᠢᠶᠡᠯ᠎ᠦᠨ ᠳᠠᠷᠠᠭᠠᠬᠢ ᠤᠢᠯᠡᠴᠢᠯᠡᠬᠡ᠎ᠳᠦ ᠣᠷᠣᠯᠴᠠᠭᠰᠠᠨ ᠪᠠᠭᠰᠢ ᠵᠢᠴᠢ ᠬᠠᠮᠢᠶ᠎ᠠ ᠪᠥᠬᠥᠶ ᠬᠥᠮᠦᠰ᠎ᠦᠨ ᠨᠥᠬᠥᠪᠥᠷᠢ ᠵᠢᠴᠢ ᠬᠢᠴᠢᠶᠡᠯ᠎ᠦᠨ ᠳᠠᠷᠠᠭᠠᠬᠢ ᠤᠢᠯᠡᠴᠢᠯᠡᠬᠡ ᠳ᠋ᠤ᠌ ᠵᠠᠷᠤᠴᠠᠭᠤᠯᠤᠭᠰᠠᠨ ᠤᠰᠤᠨ᠎ᠤ ᠰᠦᠢᠳᠬᠡᠯ᠂ ᠴᠠᠬᠢᠯᠭᠠᠨ᠎ᠤ ᠰᠦᠢᠳᠬᠡᠯ᠂ ᠲᠤᠰᠬᠠᠶ ᠬᠡᠷᠡᠭᠯᠡᠬᠦ᠌ ᠮᠠᠲ᠋ᠧᠷᠢᠶᠠᠯ᠎ᠤᠨ ᠰᠦᠢᠳᠬᠡᠯ᠂ ᠬᠡᠰᠡᠭ ᠲᠥᠬᠥᠭᠡᠷᠦᠮᠵᠢ᠎ᠶᠢᠨ ᠡᠳᠦᠷ ᠲᠤᠲᠤᠮ᠎ᠤᠨ ᠰᠡᠯᠪᠢᠨ ᠵᠠᠰᠠᠯᠳᠡ ᠢ᠋ᠢᠨ ᠰᠦᠢᠳᠬᠡᠯ ᠵᠡᠷᠭᠡ ᠪᠠᠭᠲᠠᠨ᠎ᠠ᠃ ᠡᠭᠦᠨ᠎ᠦ ᠵᠡᠷᠭᠡᠴᠡᠭᠡᠪᠡᠷ ᠪᠡᠯᠡ ᠮᠥᠩᠭᠥ᠎ᠶᠢ ᠲᠥᠰᠦᠪ᠎ᠢ ᠲᠡᠩᠴᠡᠭᠦᠯᠬᠦ᠌᠂ ᠥᠷᠢ ᠥᠭᠴᠡᠭᠡ᠎ᠶᠢ ᠲᠦᠯᠦᠬᠦ᠌᠂ ᠬᠦᠦ ᠮᠥᠩᠭᠥ᠎ᠶᠢ ᠲᠦᠯᠦᠬᠦ᠌ ᠵᠡᠷᠭᠡ᠎ᠳᠦ ᠬᠡᠷᠡᠭᠯᠡᠬᠦ᠌᠎ᠶᠢ ᠴᠢᠩᠭ᠎ᠠ ᠴᠠᠭᠠᠵᠠᠯᠠᠨ᠎ᠠ ᠭᠡᠵᠦ᠍ ᠲᠣᠳᠣᠷᠬᠠᠢ ᠲᠣᠭᠲᠠᠭᠠᠪᠠ᠃ ᠵᠠᠷᠤᠯᠭ᠎ᠠ᠎ᠶᠢᠨ ᠬᠠᠷᠢᠭᠤᠴᠠᠯᠭ᠎ᠠ᠎ᠶᠢ ᠪᠣᠳᠠᠲᠠᠶ᠋ᠢᠵᠢᠭᠤᠯᠵᠤ᠂ ᠪᠠᠯᠠ ᠮᠥᠩᠭᠥ᠎ᠶᠢ ᠴᠠᠭ ᠲᠤᠬᠠᠶ᠎ᠳᠤᠨᠢ ᠲᠣᠭ᠎ᠠ ᠶᠣᠰᠣᠭᠠᠷ᠎ᠨᠢ ᠪᠣᠳᠠᠲᠠᠶ᠋ᠢᠵᠢᠭᠤᠯᠬᠤ᠎ᠶᠢ ᠪᠠᠲᠤᠯᠠᠬᠤ᠎ᠶᠢᠨ ᠲᠤᠰᠠᠳᠠ᠂ 2026 ᠣᠨ᠎ᠳᠤ ᠥᠪᠡᠷᠲᠡᠭᠡᠨ ᠵᠠᠰᠠᠬᠤ ᠣᠷᠣᠨ᠎ᠡᠴᠡ ᠨᠢᠭᠡᠨᠲᠡ ᠲᠣᠰ ᠵᠦᠢᠯ ᠤ᠋ᠨ ᠨᠥᠬᠥᠪᠥᠷᠢ ᠪᠠᠯᠠ ᠮᠥᠩᠭᠥ᠎ᠶᠢ ᠦᠨᠳᠦᠰᠦᠨ ᠠᠷᠠᠳ᠎ᠤᠨ ᠠᠮᠢᠳᠤᠷᠠᠯ᠎ᠢ ᠪᠠᠲᠤᠯᠠᠬᠤ ᠲᠤᠰᠬᠠᠶ ᠲᠠᠩᠰᠠᠨ ᠳ᠋ᠤ᠌ ᠤᠷᠤᠭᠤᠯᠤᠨ ᠬᠠᠮᠢᠶᠠᠷᠪᠠ᠃

《ᠲᠠᠷᠠᠭᠠᠴᠢ᠎ᠶᠢᠨ ᠠᠯᠬᠤᠮ᠎ᠳᠤ᠂ ᠪᠢᠳᠡ ᠠᠯᠪᠠᠨ ᠵᠢᠷᠤᠮ᠎ᠤᠨ ᠰᠤᠷᠭᠠᠨ ᠬᠥᠮᠦᠵᠢᠯ᠎ᠦᠨ ᠬᠢᠴᠢᠶᠡᠯ᠎ᠦᠨ ᠳᠠᠷᠠᠭᠠᠬᠢ ᠤᠢᠯᠡᠴᠢᠯᠡᠬᠡᠨ᠎ᠦ ᠨᠥᠬᠥᠪᠥᠷᠢ ᠮᠥᠩᠭᠥ᠎ᠶᠢᠨ ᠬᠠᠮᠢᠶᠠᠷᠤᠯᠲᠠ᠎ᠶᠢᠨ ᠠᠷᠭ᠎ᠠ᠎ᠶᠢᠨ ᠬᠠᠮᠢᠶ᠎ᠠ ᠪᠥᠬᠥᠶ ᠱᠠᠭᠠᠷᠳᠠᠯᠭ᠎ᠠ᠎ᠶᠢ ᠦᠷᠭᠦᠯᠵᠢᠯᠡᠨ ᠴᠢᠩᠭ᠎ᠠ ᠨᠠᠶ᠋ᠢᠳᠠᠪᠤᠷᠢᠵᠢᠭᠤᠯᠵᠤ᠂ ᠪᠠᠯᠠ ᠮᠥᠩᠭᠥ᠎ᠶᠢᠨ ᠪᠠᠲᠤᠯᠠᠭ᠎ᠠ ᠬᠢᠭᠡᠳ ᠬᠡᠷᠡᠭᠯᠡᠯᠲᠡ᠎ᠶᠢᠨ ᠬᠢᠨᠠᠯᠲᠠ ᠬᠠᠮᠢᠶᠠᠷᠤᠯᠲᠠ᠎ᠶᠢ ᠴᠢᠩᠭᠠᠳᠬᠠᠨ᠂ ᠠᠯᠪᠠᠨ ᠵᠢᠷᠤᠮ᠎ᠤᠨ ᠰᠤᠷᠭᠠᠨ ᠬᠥᠮᠦᠵᠢᠯ᠎ᠦᠨ ᠬᠢᠴᠢᠶᠡᠯ᠎ᠦᠨ ᠳᠠᠷᠠᠭᠠᠬᠢ ᠤᠢᠯᠡᠴᠢᠯᠡᠬᠡᠨ᠎ᠦ ᠪᠠᠲᠤᠯᠠᠭ᠎ᠠ᠎ᠶᠢᠨ ᠰᠠᠭᠤᠷᠢ᠎ᠶᠢ ᠲᠠᠰᠤᠷᠠᠯᠲᠠ ᠥᠬᠡᠶ ᠪᠡᠬᠢᠵᠢᠭᠦᠯᠵᠦ᠍᠂ ᠪᠥᠬᠥ᠌ ᠣᠷᠣᠨ᠎ᠤ ᠠᠯᠪᠠᠨ ᠵᠢᠷᠤᠮ᠎ᠤᠨ ᠰᠤᠷᠭᠠᠨ ᠬᠥᠮᠦᠵᠢᠯ᠎ᠦᠨ ᠴᠢᠨᠠᠷ ᠰᠠᠶ᠋ᠢᠲᠠᠶ ᠪᠥᠭᠡᠳ ᠲᠡᠩᠴᠡᠭᠦᠷᠢᠲᠡᠶ ᠬᠥᠭᠵᠢᠯᠲᠡ᠎ᠶᠢᠨ ᠰᠢᠨ᠎ᠡ ᠳᠡᠭᠲᠡᠷ᠎ᠲᠦ᠍ ᠭᠠᠷᠬᠤ᠎ᠶᠢ ᠠᠬᠢᠭᠤᠯᠤᠨ᠎ᠠ》 ᠭᠡᠵᠦ᠍ ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠎ᠤᠨ ᠲᠢᠩᠬᠢᠮ᠎ᠦᠨ ᠬᠠᠮᠢᠶ᠎ᠡ ᠪᠥᠬᠥᠶ ᠬᠠᠷᠢᠭᠤᠴᠠᠯᠭᠠᠲᠠᠨ ᠭᠡᠯᠡᠯ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号