ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠵᠢᠷᠭᠤᠳᠤᠭᠠᠷ ᠬᠤᠭᠤᠴᠠᠭᠠᠨ᠎ᠤ ᠪᠡᠶ᠎ᠡ᠎ᠶᠢᠨ ᠲᠠᠮᠢᠷ ᠤᠨ ᠴᠤᠭᠯᠠᠭᠠᠨ 8 ᠰᠠᠷ᠎ᠠ᠎ᠶᠢᠨ 8᠎ᠤ᠋ ᠡᠳᠦᠷ᠎ᠡᠴᠡ 16᠎ᠤ᠋ ᠡᠳᠦᠷ ᠪᠣᠯᠲᠠᠯ᠎ᠠ ᠪᠤᠭᠤᠲᠤ ᠬᠣᠲᠠ᠎ᠳᠤ ᠶᠠᠪᠤᠭᠳᠠᠨ᠎ᠠ᠃ ᠣᠳᠣᠬᠠᠨ᠎ᠳᠤ᠂ ᠦᠬᠠᠢ ᠬᠤᠳᠠ᠎ᠶᠢᠨ ᠡᠯ᠎ᠡ ᠲᠦᠷᠦᠯ ᠵᠦᠢᠯ ᠦᠨ ᠤᠷᠤᠯᠳᠤᠭᠠᠨ ᠳᠤ ᠣᠷᠣᠯᠴᠠᠬᠤ ᠡᠩᠨᠡᠭᠡ ᠪᠦᠬᠦ ᠲᠠᠯ᠎ᠠ᠎ᠪᠠᠷ ᠤᠷᠤᠯᠳᠤᠭᠠᠨ᠎ᠠᠴᠠ ᠡᠮᠦᠨᠡᠬᠢ ᠰᠢᠪᠲᠤᠯᠤᠯᠲᠠ᠎ᠶᠢᠨ ᠱᠠᠲᠤᠨ᠎ᠳᠤ ᠣᠷᠣᠵᠤ᠂ ᠳᠠᠰᠬᠠᠯᠵᠢᠭᠤᠯᠤᠭ᠍ᠴᠢ ᠰᠢᠨᠵᠢᠯᠡᠬᠦ ᠤᠬᠠᠭᠠᠨᠴᠢ᠎ᠪᠠᠷ ᠵᠢᠭᠠᠨ ᠵᠢᠯᠤᠭᠣᠳᠴᠤ᠂ ᠲᠠᠮᠢᠷᠴᠢᠳ ᠰᠢᠷᠭᠠᠭᠤ ᠬᠠᠲᠠᠭᠤᠵᠢᠯᠲᠠᠢ᠎ᠪᠠᠷ ᠪᠣᠯᠪᠠᠰᠤᠷᠠᠵᠤ᠂ ᠪᠦᠬᠦ ᠭᠡᠰᠢᠭᠦᠳ ᠴᠤᠭ ᠪᠠᠳᠠᠷᠠᠩᠭᠤᠢ ᠤᠷᠤᠯᠳᠤᠭᠠᠨ᠎ᠤ ᠪᠠᠢᠳᠠᠯ᠎ᠢᠶᠠᠷ ᠲᠤᠰ ᠤᠳᠠᠭᠠᠨ᠎ᠤ ᠪᠡᠶ᠎ᠡ᠎ᠶᠢᠨ ᠲᠠᠮᠢᠷ᠎ᠤᠨ ᠦᠪᠡᠳᠡᠭᠰᠢ ᠴᠤᠭᠯᠠᠭᠠᠨ᠎ᠳᠤ ᠪᠦᠬᠦ ᠬᠦᠴᠦᠨ᠎ᠢᠶᠡᠷ᠎ᠢᠶᠡᠨ ᠪᠡᠯᠡᠳᠬᠡᠨ᠎ᠠ᠃
ᠦᠬᠠᠢ ᠬᠤᠳᠠ᠎ᠶᠢᠨ ᠤᠯᠠᠨ ᠤᠯᠤᠰ᠎ᠤᠨ ᠮᠠᠶᠢᠭ᠋᠎ᠤᠨ ᠪᠦᠬᠡ᠎ᠶᠢᠨ ᠠᠩᠭᠢ᠎ᠶᠢᠨ ᠳᠠᠰᠬᠠᠯᠵᠢᠭᠤᠯᠤᠭ᠍ᠴᠢᠮᠡᠨᠳᠦ᠄《ᠮᠠᠨ ᠤ ᠡᠩᠨᠡᠭᠡ ᠨᠢᠭᠡᠨᠲᠡ ᠭᠤᠷᠪᠠᠨ ᠰᠠᠷ᠎ᠠ ᠭᠠᠷᠤᠢ ᠲᠥᠪᠯᠡᠷᠡᠭᠦᠯᠦᠨ ᠪᠣᠯᠪᠠᠰᠤᠷᠠᠪᠠ᠂ ᠠᠩᠭᠢ᠎ᠶᠢᠨ ᠭᠡᠰᠢᠭᠦᠳ ᠡᠳᠦᠷ ᠪᠦᠷᠢ ᠪᠡᠶ᠎ᠡ᠎ᠶᠢᠨ ᠪᠣᠯᠪᠠᠰᠤᠷᠠᠯ ᠪᠣᠯᠣᠨ ᠲᠤᠰᠬᠠᠢ ᠮᠡᠷᠭᠡᠵᠢᠯ ᠦᠨ ᠪᠤᠯᠪᠠᠰᠤᠷᠠᠯ᠎ᠢᠶᠡᠨ ᠪᠠᠷᠢᠮᠲᠠᠯᠠᠵᠤ᠂ ᠤᠷᠤᠯᠳᠤᠭᠠᠨ᠎ᠤ ᠳᠦᠷᠢᠮ ᠪᠣᠯᠣᠨ ᠠᠳᠠᠯᠢ ᠪᠤᠰᠤ ᠥᠷᠢᠰᠦᠯᠳᠦᠭᠴᠢ᠎ᠳᠦ ᠬᠠᠨᠳᠤᠭᠤᠯᠤᠨ ᠤᠷᠤᠯᠳᠤᠬᠤ ᠠᠷᠭ᠎ᠠ᠎ᠶᠢᠨ ᠪᠣᠯᠪᠠᠰᠤᠷᠠᠯ ᠬᠢᠵᠦ ᠪᠤᠢ᠃ ᠪᠢᠳᠡ ᠥᠪᠡᠷᠲᠡᠭᠡᠨ ᠵᠠᠰᠠᠬᠤ ᠣᠷᠣᠨ ᠤ ᠠᠷᠪᠠᠨ ᠵᠢᠷᠭᠤᠳᠤᠭᠠᠷ ᠬᠤᠭᠤᠴᠠᠭᠠᠨ᠎ᠤ ᠪᠡᠶ᠎ᠡ᠎ᠶᠢᠨ ᠲᠠᠮᠢᠷ᠎ᠤᠨ ᠴᠤᠭᠯᠠᠭᠠᠨ᠎ᠤ ᠤᠷᠤᠯᠳᠤᠭᠠᠨ ᠤ ᠲᠠᠯᠠᠪᠤᠷ᠎ᠲᠤ ᠴᠣᠭ ᠵᠢᠪᠬᠤᠭ᠎ᠠ ᠲᠠᠢ᠂ ᠦᠨᠳᠦᠷ ᠬᠢᠷᠢ ᠲᠦᠪᠰᠢᠨ᠎ᠲᠠᠢ ᠤᠷᠤᠯᠳᠤᠨ᠂ ᠰᠢᠯᠢᠳᠡᠭ ᠬᠢᠷᠢ ᠪᠦᠲᠦᠮᠵᠢ ᠣᠯᠬᠤ᠎ᠪᠠᠷ ᠴᠢᠷᠮᠠᠢᠨ᠎ᠠ》 ᠭᠡᠵᠦ ᠶᠠᠷᠢᠯ᠎ᠠ᠃
ᠣᠢᠯᠠᠭᠠᠭᠰᠠᠨ᠎ᠢᠶᠠᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠵᠢᠷᠭᠤᠳᠤᠭᠠᠷ ᠬᠤᠭᠤᠴᠠᠭᠠᠨ᠎ᠤ ᠪᠡᠶ᠎ᠡ᠎ᠶᠢᠨ ᠲᠠᠮᠢᠷ᠎ᠤᠨ ᠴᠤᠭᠯᠠᠭᠠᠨ᠎ᠳᠦ ᠦᠬᠠᠢ ᠬᠣᠲᠠ᠎ᠶᠢᠨ ᠲᠥᠯᠥᠭᠡᠯᠡᠭᠴᠢᠳ᠎ᠦᠨ ᠪᠦᠯᠬᠦᠮ ᠨᠡᠶ᠋ᠢᠲᠡ 740 ᠭᠠᠷᠤᠢ ᠰᠢᠯᠢᠳᠡᠭ ᠲᠠᠮᠢᠷᠴᠢᠨ᠎ᠢ ᠰᠣᠩᠭᠣᠨ ᠲᠣᠮᠢᠯᠠᠵᠤ᠂ 19 ᠵᠦᠢᠯ᠎ᠦᠨ ᠤᠷᠤᠯᠳᠤᠭᠠᠨ ᠤ ᠲᠦᠷᠦᠯ ᠵᠦᠢᠯ᠂ 10 ᠵᠦᠢᠯ᠎ᠦᠨ ᠣᠯᠠᠨ ᠲᠦᠮᠡᠨᠴᠢ ᠪᠡᠶ᠎ᠡ᠎ᠶᠢᠨ ᠲᠠᠮᠢᠷ᠎ᠤᠨ ᠲᠦᠷᠦᠯ ᠵᠦᠢᠯ ᠳᠦ ᠣᠷᠣᠯᠴᠠᠬᠤ᠎ᠪᠠᠷ ᠪᠣᠶ᠃ ᠣᠳᠣᠬᠠᠨ᠎ᠳᠤ᠂ ᠡᠯ᠎ᠡ ᠡᠩᠨᠡᠭᠡ᠎ᠶᠢᠨ ᠬᠢᠨ ᠴᠥᠮ ᠪᠣᠯᠪᠠᠰᠤᠷᠠᠯ ᠤᠨ ᠲᠥᠯᠥᠪᠯᠡᠭᠡ ᠶᠣᠰᠣᠭᠠᠷ ᠰᠢᠪᠲᠤᠯᠤᠯᠲᠠ᠎ᠶᠢᠨ ᠪᠣᠯᠪᠠᠰᠤᠷᠠᠯ ᠬᠢᠵᠦ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠵᠢᠷᠭᠤᠳᠤᠭᠠᠷ ᠬᠤᠭᠤᠴᠠᠭᠠᠨ᠎ᠤ ᠪᠡᠶ᠎ᠡ᠎ᠶᠢᠨ ᠲᠠᠮᠢᠷ᠎ᠤᠨ ᠴᠤᠭᠯᠠᠭᠠᠨ᠎ᠤ ᠤᠷᠤᠯᠳᠤᠭᠠᠨ᠎ᠤ ᠲᠠᠯᠠᠪᠤᠷ᠎ᠲᠤ ᠡᠷᠡᠯᠬᠡᠭᠯᠡᠨ ᠲᠡᠮᠡᠴᠡᠵᠦ᠂ ᠳᠠᠬᠢᠨᠲᠠ ᠰᠢᠯᠢᠳᠡᠭ ᠪᠦᠲᠦᠮᠵᠢ ᠭᠠᠷᠭᠠᠬᠤ᠎ᠪᠠᠷ ᠴᠢᠷᠮᠠᠢᠵᠤ ᠪᠠᠢᠨ᠎ᠠ᠃