ᠨᠡᠬᠡᠬᠡᠯᠳᠡ ᠬᠢᠵᠦ᠍ ᠬᠠᠮᠲᠤ ᠪᠠᠷ ᠠᠰᠢᠭ ᠬᠦᠷᠳᠡᠬᠦ ᠵᠢ ᠪᠠᠷᠢᠮᠳᠠᠯᠠᠵᠤ ᠰᠢᠨ᠎ᠡ᠎ᠶᠢ ᠡᠬᠦᠳᠤᠨ ᠬᠦᠭᠵᠢᠬᠦ ᠵᠢ ᠲᠠᠢᠴᠢᠯᠡᠨ᠎ᠠ
2026-07-22 11:31:37
ᠵᠣᠬᠢᠶᠠᠭ᠍ᠴᠢ᠄
ᠵᠠᠩ ᠰᠢᠨ ᠰᠢᠨ᠂ ᠵᠧᠦ ᠶᠤᠸᠠᠨ᠂ ᠱᠤᠤ ᠢ ᠪᠥᠸᠧ
ᠣᠩᠱᠢᠭ᠍ᠰᠠᠨ ᠣᠳᠠᠭ᠎ᠠ᠄
★★★☆☆

— ᠲᠥᠪ ᠭᠣᠣᠯᠴᠢ ᠵᠦᠢ ᠵᠣᠬᠢᠰᠲᠠᠢ ᠪᠦᠬᠦ᠌ ᠪᠥᠮᠪᠥᠷᠴᠡᠭ᠎ᠦᠨ ᠵᠣᠬᠢᠶᠠᠮᠠᠯ ᠤᠶᠤᠨ᠎ᠴᠢᠳᠠᠪᠤᠷᠢ᠎ᠶᠢᠨ ᠵᠠᠰᠠᠯᠲᠠ᠎ᠶᠢᠨ ᠰᠢᠰᠲ᠋ᠧᠮ᠎ᠢ ᠭᠠᠷ ᠬᠣᠯᠪᠣᠯᠴᠠᠨ ᠪᠠᠶ᠋ᠢᠭᠤᠯᠬᠤ ᠲᠤᠬᠠᠢ ᠰᠢᠷᠢᠰ ᠬᠦᠦᠷᠨᠢᠯ ᠰᠢᠭᠦᠮᠵᠢ (ᠨᠢᠭᠡ)


ᠰᠢᠨ᠎ᠡ ᠨᠢᠭᠡ ᠡᠭᠡᠯᠵᠢ᠎ᠶᠢᠨ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠬᠤᠪᠢᠰᠬᠠᠯ ᠪᠣᠯᠤᠨ ᠠᠵᠤ ᠦᠢᠯᠡᠰ᠎ᠦᠨ ᠬᠤᠪᠢᠰᠤᠯᠲᠠ᠎ᠶᠢᠨ ᠤᠷᠤᠰᠬᠠᠯ ᠳᠠᠪᠠᠯᠭᠠᠯᠠᠨ ᠤᠷᠤᠭᠰᠢᠯᠠᠵᠤ᠂ ᠵᠣᠬᠢᠶᠠᠮᠠᠯ ᠤᠶᠤᠨ ᠴᠢᠳᠠᠪᠤᠷᠢ ᠮᠢᠩᠭ᠎ᠠ ᠲᠦᠮᠡᠨ ᠠᠵᠢᠯ ᠲᠦᠷᠦᠯ᠎ᠳᠦ ᠨᠡᠪᠴᠢᠵᠦ᠍᠂ ᠪᠦᠬᠦ᠌ ᠪᠥᠮᠪᠥᠷᠴᠡᠭ᠎ᠦᠨ ᠬᠥᠭᠵᠢᠯᠲᠡ᠎ᠶᠢ ᠳᠠᠶ᠋ᠢᠴᠢᠯᠠᠬᠤ ᠰᠢᠨ᠎ᠡ ᠬᠥᠳᠡᠯᠭᠡᠭᠦᠷ ᠪᠤᠯᠵᠤ ᠪᠠᠶ᠋ᠢᠨ᠎ᠠ᠃

7 ᠰᠠᠷ᠎ᠠ᠎ᠶᠢᠨ 17 ᠤ᠋ ᠡᠳᠦᠷ᠂ 2026 ᠳᠡᠯᠡᠬᠡᠢ᠎ᠶᠢᠨ ᠵᠣᠬᠢᠶᠠᠮᠠᠯ ᠤᠶᠤᠨ᠎ᠴᠢᠳᠠᠪᠤᠷᠢ᠎ᠶᠢᠨ ᠶᠡᠬᠡ ᠬᠤᠷᠠᠯ ᠵᠢᠴᠢ ᠵᠣᠬᠢᠶᠠᠮᠠᠯ ᠤᠶᠤᠨ᠎ᠴᠢᠳᠠᠪᠤᠷᠢ᠎ᠶᠢᠨ ᠪᠦᠬᠦ᠌ ᠪᠥᠮᠪᠥᠷᠴᠡᠭ᠎ᠦᠨ ᠵᠠᠰᠠᠯᠲᠠ᠎ᠶᠢᠨ ᠳᠡᠭᠡᠳᠦ ᠲᠡᠰ᠎ᠤᠨ ᠬᠤᠷᠠᠯ᠎ᠤᠨ ᠡᠬᠢᠯᠡᠯᠲᠡ᠎ᠶᠢᠨ ᠶᠣᠰᠣᠯᠠᠯ ᠳᠡᠭᠡᠷ᠎ᠡ᠂ ᠵᠣᠬᠢᠶᠠᠮᠠᠯ ᠤᠶᠤᠨ᠎ᠴᠢᠳᠠᠪᠤᠷᠢ᠎ᠶᠢᠨ ᠬᠥᠭᠵᠢᠯᠲᠡ᠎ᠶᠢᠨ ᠠᠵᠠ ᠲᠣᠬᠢᠶᠠᠯ ᠪᠣᠯᠤᠨ ᠥᠷᠢᠰᠥᠯᠳᠦᠭᠡᠨ᠎ᠢ ᠭᠦᠨᠵᠡᠭᠡᠢ ᠵᠠᠳᠠᠯᠵᠤ᠂ ᠲᠡᠷᠢᠭᠦᠯᠡᠭᠴᠢ ᠰᠢ ᠵᠢᠨ ᠫᠢᠩ ᠭᠣᠣᠯ ᠵᠤᠷᠢᠯᠳᠠᠳᠤ ᠶᠠᠷᠢᠶᠠᠨ᠎ᠳᠠᠭᠠᠨ ᠲᠥᠪ ᠭᠣᠣᠯᠴᠢ ᠵᠦᠢ ᠵᠣᠬᠢᠰᠲᠠᠢ ᠪᠦᠬᠦ᠌ ᠪᠥᠮᠪᠥᠷᠴᠡᠭ᠎ᠦᠨ ᠵᠣᠬᠢᠶᠠᠮᠠᠯ ᠤᠶᠤᠨ᠎ᠴᠢᠳᠠᠪᠤᠷᠢ᠎ᠶᠢᠨ ᠵᠠᠰᠠᠯᠲᠠ᠎ᠶᠢᠨ ᠰᠢᠰᠲᠸᠮ᠎ᠢ ᠭᠠᠷ ᠬᠣᠯᠪᠣᠯᠴᠠᠨ ᠪᠠᠶ᠋ᠢᠭᠤᠯᠬᠤ᠎ᠶᠢᠨ ᠲᠣᠭᠣᠷᠢᠨ᠎ᠳᠤ 4 ᠰᠠᠨᠠᠯ ᠳᠤᠷᠠᠳᠪᠠ᠂ ᠡᠭᠦᠨ᠎ᠳᠦ᠂ 《ᠨᠡᠬᠡᠬᠡᠯᠳᠡ ᠬᠢᠵᠦ᠍ ᠬᠠᠮᠲᠤ᠎ᠪᠠᠷ ᠠᠰᠢᠭ ᠬᠦᠷᠳᠡᠬᠦ᠌᠎ᠶᠢ ᠪᠠᠷᠢᠮᠲᠠᠯᠠᠵᠤ᠂ ᠰᠢᠨ᠎ᠡ᠎ᠶᠢ ᠡᠭᠦᠳᠬᠦ᠌ ᠬᠥᠭᠵᠢᠯᠲᠡ᠎ᠶᠢ ᠲᠠᠢᠴᠢᠯᠡᠬᠤ》 ᠨᠢ ᠲᠡᠷᠢᠭᠦᠨ ᠪᠠᠶ᠋ᠢᠷᠢᠨ᠎ᠳᠤ ᠵᠢᠭᠰᠠᠭᠠᠭᠳᠠᠵᠤ ᠪᠤᠢ᠃

ᠡᠨᠡ ᠬᠦ᠌ ᠨᠤᠲᠠᠯᠠᠯᠲᠠ᠎ᠨᠢ ᠵᠣᠬᠢᠶᠠᠮᠠᠯ ᠣᠶᠤᠨ ᠴᠢᠳᠠᠪᠤᠷᠢ᠎ᠶᠢᠨ ᠤᠯᠠᠷᠢᠨ ᠬᠤᠪᠢᠰᠬᠤ ᠵᠢᠮ᠎ᠡ ᠶᠣᠰᠣ᠎ᠶᠢ ᠣᠨᠣᠪᠴᠢᠲᠠᠶ ᠡᠵᠡᠮᠳᠡᠵᠦ᠍᠂ ᠠᠵᠤ ᠦᠢᠯᠡᠰ᠎ᠦᠨ ᠬᠤᠪᠢᠰᠤᠯᠲᠠ ᠪᠣᠯᠤᠨ ᠪᠥᠬᠥ᠌ ᠪᠥᠮᠪᠥᠷᠴᠡᠭ᠎ᠦᠨ ᠵᠠᠰᠠᠯᠲᠠ᠎ᠶᠢᠨ ᠬᠡᠷᠡᠭᠴᠡᠭᠡ᠎ᠳᠦ ᠭᠦᠨᠵᠡᠭᠡᠶ ᠬᠠᠷᠢᠭᠤᠯᠲᠠ ᠥᠭᠴᠡᠶ᠄ ᠨᠡᠭᠡᠭᠡᠯᠲᠡ ᠬᠢᠬᠦ᠌ ᠪᠣᠯ ᠰᠢᠨ᠎ᠡ᠎ᠶᠢ ᠡᠭᠦᠳᠬᠦ᠌᠎ᠶᠢᠨ ᠴᠢᠬᠤᠯᠠ ᠤᠷᠢᠲᠠᠯ ᠮᠥᠨ᠂ ᠰᠢᠨ᠎ᠡ᠎ᠶᠢ ᠡᠭᠦᠳᠬᠦ᠌ ᠪᠣᠯ ᠨᠡᠭᠡᠭᠡᠯᠲᠡ᠎ᠶᠢᠨ ᠥᠷᠲᠡᠭ᠎ᠦᠨ ᠲᠤᠰᠤᠯᠲᠠ ᠮᠥᠨ᠃ ᠭᠠᠭᠴᠠ ᠬᠦ᠌ ᠪᠡᠬᠢᠯᠡᠯᠳᠠ ᠵᠢ ᠡᠪᠳᠡᠵᠦ᠍᠂ ᠴᠢᠬᠤᠯᠠ ᠡᠯᠧᠮᠧᠨ᠋ᠲ᠎ᠢ ᠰᠠᠭᠠᠳ ᠦᠭᠡᠢ ᠨᠡᠪᠲᠡᠷᠡᠭᠦᠯᠪᠡᠯ ᠰᠠᠶᠢ ᠮᠡᠷᠭᠡᠵᠢᠯ ᠢ᠋ ᠦᠷᠭᠦᠯᠵᠢᠯᠡᠨ ᠰᠢᠨᠡᠴᠢᠯᠡᠨ ᠲᠡᠰ ᠲᠠᠪᠰᠢᠬᠦᠯᠵᠤ ᠰᠠᠭᠠᠳ᠎ᠢ ᠠᠷᠢᠯᠭᠠᠨ ᠵᠠᠮ᠎ᠢ ᠳᠡᠪᠢᠰᠴᠦ᠍ ᠴᠢᠳᠠᠨ᠎ᠠ᠂ ᠭᠠᠭᠴᠠ ᠬᠦ᠌ ᠬᠠᠮᠵᠢᠯᠴᠠᠨ ᠪᠣᠭᠣᠮᠲᠠ ᠰᠢᠪᠲᠤᠯᠵᠤ᠂ ᠦᠷ᠎ᠡ ᠪᠦᠲᠦᠭᠡᠯ᠎ᠢ ᠬᠠᠮᠲᠤ ᠪᠠᠷ ᠡᠳ᠋ᠯᠡᠪᠡᠯ ᠰᠠᠶᠢ ᠪᠦᠭᠦ᠌ ᠪᠥᠮᠪᠥᠷᠴᠡᠭ ᠤ᠋ᠨ ᠬᠠᠮᠲᠤᠷᠠᠯᠴᠠᠭ᠎ᠠ᠎ᠶᠢ ᠪᠣᠳᠠᠲᠠᠢ᠎ᠳᠤ ᠨᠠᠶ᠋ᠢᠳᠠᠪᠤᠷᠢᠵᠢᠭᠤᠯᠵᠤ ᠦᠷ᠎ᠡ ᠪᠦᠲᠦᠮᠵᠢ ᠭᠠᠷᠭᠠᠵᠤ ᠴᠢᠳᠠᠨ᠎ᠠ᠃

ᠲᠡᠷᠢᠭᠦᠯᠡᠭᠴᠢ ᠰᠢ ᠵᠢᠨ ᠫᠢᠩ᠄《ᠵᠣᠬᠢᠶᠠᠮᠠᠯ ᠤᠶᠤᠨ ᠴᠢᠳᠠᠪᠤᠷᠢ ᠪᠣᠯ ᠳᠡᠯᠡᠬᠡᠢ᠎ᠶᠢᠨ ᠠᠵᠤ ᠠᠬᠤᠢ᠎ᠶᠢᠨ ᠨᠡᠮᠡᠭᠳᠡᠯ᠎ᠦᠨ ᠰᠢᠨ᠎ᠡ ᠬᠥᠳᠡᠯᠭᠡᠭᠦᠷ ᠪᠠ ᠰᠢᠨ᠎ᠡ ᠬᠠᠭᠤᠴᠢᠨ ᠬᠥᠳᠡᠯᠭᠡᠬᠦ᠌ ᠡᠨᠧᠷᠭᠢ᠎ᠶᠢᠨ ᠰᠣᠯᠢᠭᠳᠠᠯ᠎ᠤᠨ ᠲᠦᠷᠭᠡᠳᠬᠡᠭᠦᠷ ᠮᠥᠨ᠂ 〈ᠲᠣᠭᠠᠴᠢᠯᠠᠭᠰᠠᠨ ᠶᠢᠷᠲᠢᠨᠴᠦ᠍〉 ᠡᠴᠡ 〈ᠹᠢᠽᠢᠺ᠎ᠦᠨ ᠶᠢᠷᠲᠢᠨᠴᠦ᠍〉 ᠲᠡᠶ᠋ᠢᠰᠢ ᠤᠷᠤᠭᠰᠢᠯᠠᠵᠤ ᠪᠠᠶ᠋ᠢᠨ᠎ᠠ》 ᠭᠡᠵᠤ ᠢᠯᠡ ᠲᠤᠳᠤ ᠵᠢᠭᠠᠵᠤ ᠭᠠᠷᠭᠠᠪᠠ᠃ ᠡᠨᠡ ᠨᠢ ᠵᠣᠬᠢᠶᠠᠮᠠᠯ ᠣᠶᠤᠨ ᠴᠢᠳᠠᠪᠤᠷᠢ᠎ᠶᠢᠨ ᠬᠡᠶ᠋ᠢᠰᠪᠦᠷᠢ ᠪᠠ ᠪᠣᠳᠠᠲᠤ᠌ ᠠᠬᠤᠶ᠎ᠶᠢ ᠠᠯᠤᠰᠯᠠᠭᠰᠠᠨ᠂ ᠪᠥᠬᠥ᠌ ᠪᠥᠮᠪᠥᠷᠴᠡᠭ᠎ᠦᠨ ᠬᠥᠭᠵᠢᠯᠲᠡ᠎ᠶᠢᠨ ᠣᠷᠣᠯᠠᠭᠤᠯᠵᠤ ᠪᠣᠯᠤᠰᠢ ᠥᠬᠡᠶ ᠪᠠᠶ᠋ᠢᠷᠢ ᠰᠠᠭᠤᠷᠢ᠎ᠶᠢ ᠭᠦᠨᠵᠡᠭᠡᠶ ᠢᠯᠡᠷᠡᠭᠦᠯᠵᠠᠢ ᠃

ᠶᠡᠬᠡ ᠬᠤᠷᠠᠯ᠎ᠤᠨ ᠠᠬᠤᠶ ᠲᠠᠯᠠᠪᠠᠶ᠎ᠳᠤ᠂ ᠪᠠᠷᠤᠭ 60 ᠬᠥᠮᠦᠨ ᠲᠦᠷᠰᠤᠳᠤ ᠮᠠᠰᠢᠨ ᠬᠥᠮᠦᠨ ᠰᠠᠶ᠋ᠢᠨ ᠳᠤᠷ᠎ᠠ᠎ᠶᠢᠨ ᠦᠢᠯᠡᠴᠢᠯᠡᠭᠡ ᠬᠠᠩᠭᠠᠵᠤ᠂ ᠤᠶᠤᠨᠲᠤ᠌ ᠲᠣᠨᠣᠭᠯᠠᠯ᠎ᠢ ᠪᠣᠳᠠᠲᠠᠶ ᠬᠡᠷᠡᠭᠯᠡᠵᠦ᠍᠂ ᠰᠢᠨ᠎ᠡ᠎ᠶᠢ ᠡᠭᠦᠳᠦᠭᠰᠡᠨ ᠦᠷ᠎ᠡ ᠪᠦᠲᠦᠭᠡᠯ᠎ᠨᠢ ᠣᠯᠠᠨ᠎ᠤ ᠡᠮᠦᠨ᠎ᠡ ᠲᠥᠪᠯᠡᠷᠡᠩᠭᠦᠶ ᠢᠯᠡᠷᠡᠭᠦᠯᠵᠦ᠍᠂ ᠵᠣᠬᠢᠶᠠᠮᠠᠯ ᠣᠶᠤᠨ ᠴᠢᠳᠠᠪᠤᠷᠢ᠎ᠨᠢ ᠨᠢᠭᠡᠨᠲᠡ ᠲᠤᠷᠰᠢᠯᠲᠠ᠎ᠶᠢᠨ ᠲᠠᠰᠤᠭ᠎ᠡᠴᠡ ᠭᠠᠷᠴᠤ᠌᠂ ᠠᠵᠤ ᠦᠢᠯᠡᠰ᠎ᠦᠨ ᠨᠢᠭᠡᠳᠦᠭᠡᠷ ᠹᠷᠣᠨᠲ᠎ᠲᠤ᠌ ᠦᠨᠳᠦᠰᠦᠯᠡᠵᠦ᠍᠂ ᠠᠵᠤ ᠦᠢᠯᠡᠰᠵᠢᠭᠰᠡᠨ᠂ ᠬᠡᠪᠴᠢᠶᠡᠵᠢᠭᠰᠡᠨ᠂ ᠲᠦᠭᠡᠮᠡᠯ ᠬᠠᠷᠠᠭᠠᠯᠵᠠᠯᠲᠤ᠌ ᠠᠵᠠ ᠲᠣᠬᠢᠶᠠᠯ ᠬᠦᠷᠴᠦ᠍ ᠢᠷᠡᠭᠰᠡᠨ᠎ᠢ ᠠᠮᠢᠳᠤᠯᠢᠭ᠎ᠢᠶᠠᠷ ᠭᠡᠷᠡᠴᠢᠯᠡᠪᠡ᠃

《ᠣᠯᠳᠠᠬᠤᠶ᠎ᠠ ᠪᠡᠷᠬᠡ ᠲᠡᠦᠬᠡᠲᠦ᠍ ᠴᠢᠨᠠᠷᠲᠠᠢ ᠠᠵᠠ ᠲᠣᠬᠢᠶᠠᠯ᠎ᠢ ᠠᠳᠬᠤᠬᠤ ᠬᠡᠷᠡᠭᠲᠡᠢ》᠂ ᠲᠡᠷᠢᠭᠦᠯᠡᠭᠴᠢ ᠰᠢ ᠵᠢᠨ ᠫᠢᠩ᠂《ᠨᠡᠭᠡᠭᠡᠯᠳᠡᠳᠦ ᠡᠬᠢ ᠺᠤᠳ᠋ ᠢ᠋ ᠨᠡᠭᠡᠭᠡᠯᠳᠠ ᠬᠢᠬᠦ᠌᠂ ᠬᠠᠮᠲᠤᠷᠠᠯᠴᠠᠭ᠎ᠠ ᠬᠢᠵᠦ᠍ ᠬᠠᠮᠲᠤ᠎ᠪᠠᠷ ᠡᠳ᠋ᠯᠡᠬᠦ᠌᠎ᠶᠢ ᠵᠣᠷᠢᠭᠵᠢᠭᠤᠯᠵᠤ᠂ ᠵᠣᠬᠢᠶᠠᠮᠠᠯ ᠤᠶᠤᠨ᠎ᠴᠢᠳᠠᠪᠤᠷᠢ᠎ᠶᠢᠨ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ ᠡᠭᠦᠳᠦᠯᠲᠡ᠂ ᠠᠵᠤ ᠦᠢᠯᠡᠰ᠎ᠦᠨ ᠬᠥᠭᠵᠢᠯᠲᠡ᠂ ᠠᠬᠤᠢ ᠪᠠᠶ᠋ᠢᠳᠠᠯ᠎ᠤᠨ ᠬᠡᠷᠡᠭᠯᠡᠭᠡ᠎ᠶᠢ ᠪᠦᠬᠦ᠌ ᠲᠠᠯ᠎ᠠ᠎ᠪᠠᠷ ᠠᠬᠢᠭᠤᠯᠵᠤ᠂ ᠤᠯᠠᠮᠵᠢᠯᠠᠯᠲᠤ᠌ ᠠᠵᠤ ᠦᠢᠯᠡᠰ᠎ᠢ ᠥᠭᠡᠷᠡᠴᠢᠯᠡᠨ ᠲᠡᠰ ᠳᠡᠪᠰᠢᠭᠦᠯᠬᠦ᠌᠂ ᠰᠢᠨ᠎ᠡ᠎ᠪᠡᠷ ᠮᠠᠨᠳᠤᠭᠰᠠᠨ ᠠᠵᠤ ᠦᠢᠯᠡᠰ᠎ᠢ ᠪᠣᠶ᠋ᠢᠵᠢᠭᠤᠯᠤᠨ ᠪᠤᠵᠠᠭᠠᠶ᠋ᠢᠷᠠᠭᠤᠯᠬᠤ᠂ ᠢᠷᠡᠭᠡᠳᠦᠢ᠎ᠶᠢᠨ ᠠᠵᠤ ᠦᠢᠯᠡᠰ᠎ᠦᠨ ᠤᠷᠢᠳᠠᠴᠢ ᠪᠠᠶ᠋ᠢᠷᠢᠰᠢᠭᠤᠯᠤᠯᠲᠠ᠎ᠶᠢ ᠬᠠᠮᠵᠢᠯᠴᠠᠨ ᠠᠬᠢᠭᠤᠯᠬᠤ ᠬᠡᠷᠡᠭᠲᠡᠢ》 ᠭᠡᠵᠦ᠍ ᠲᠣᠳᠣᠷᠬᠠᠢ ᠳᠤᠷᠠᠳᠪᠠ᠃

ᠡᠨᠡ ᠪᠣᠯ ᠮᠡᠷᠭᠡᠵᠢᠯ᠎ᠦᠨ ᠰᠢᠪᠲᠤᠯᠤᠯᠲᠠ᠂ ᠰᠢᠨ᠎ᠡ᠎ᠶᠢ ᠡᠭᠦᠳᠴᠦ᠍ ᠰᠢᠨᠡᠴᠢᠯᠡᠨ ᠲᠡᠰ ᠲᠠᠪᠰᠢᠬᠦᠯᠬᠦ ᠵᠠᠶ᠋ᠢᠯᠠᠰᠢ ᠦᠭᠡᠢ ᠠᠷᠭ᠎ᠠ ᠵᠠᠮ ᠪᠣᠯᠤᠨ᠎ᠠ —

ᠰᠠᠭᠤᠷᠢ ᠪᠤᠳᠤᠬᠤ ᠠᠷᠭ᠎ᠠ᠎ᠪᠠᠷ ᠪᠣᠭᠣᠮᠲᠠ ᠰᠢᠪᠲᠤᠯᠬᠤ᠂ ᠪᠤᠳᠤᠯᠳᠠ ᠵᠢᠨ ᠬᠦᠴᠦᠨ᠎ᠦ ᠰᠠᠭᠤᠷᠢ᠎ᠶᠢ ᠴᠣᠭᠴᠠᠯᠠᠬᠤ᠎ᠡᠴᠡ ᠶᠡᠬᠡ ᠵᠠᠭᠪᠤᠷ᠎ᠤᠨ ᠪᠣᠯᠪᠠᠰᠤᠷᠠᠯ᠎ᠢ ᠨᠠᠶ᠋ᠢᠳᠠᠪᠤᠷᠢᠵᠢᠭᠤᠯᠬᠤ᠂ ᠵᠣᠬᠢᠶᠠᠮᠠᠯ ᠤᠶᠤᠨ ᠴᠢᠳᠠᠪᠤᠷᠢ᠎ᠶᠢᠨ ᠪᠦᠬᠦ᠌ ᠠᠵᠤ ᠦᠢᠯᠡᠰ᠎ᠦᠨ ᠬᠡᠯᠬᠢᠶ᠎ᠡ᠎ᠶᠢ ᠲᠡᠰ ᠳᠡᠪᠰᠢᠭᠦᠯᠬᠦ᠌ ᠬᠦᠷᠲᠡᠯ᠎ᠡ᠂ ᠪᠦᠬᠦ᠌ ᠪᠥᠮᠪᠥᠷᠴᠡᠭ᠎ᠦᠨ ᠬᠡᠪᠴᠢᠶᠡᠨ᠎ᠦ ᠬᠠᠮᠵᠢᠯᠴᠠᠨ ᠬᠠᠮᠲᠤ᠎ᠪᠠᠷ ᠡᠭᠦᠳᠬᠦ᠌᠎ᠡᠴᠡ ᠰᠠᠯᠵᠤ ᠴᠢᠳᠠᠬᠤ ᠦᠭᠡᠢ ᠶᠤᠮ᠃

ᠲᠡᠷᠢᠭᠦᠯᠡᠭᠴᠢ ᠰᠢ ᠵᠢᠨ ᠫᠢᠩ ᠴᠠᠭ ᠦᠶ᠎ᠡ᠎ᠶᠢᠨ ᠶᠡᠬᠡ ᠬᠠᠨᠳᠤᠰᠢ᠎ᠶᠢ ᠰᠤᠳᠤᠯᠤᠨ ᠮᠠᠭᠠᠳᠯᠠᠵᠤ᠂ ᠳᠡᠯᠡᠬᠡᠢ ᠳ᠋ᠠᠬᠢᠨ᠎ᠤ ᠵᠠᠭᠤᠨ ᠵᠢᠯ᠎ᠳ᠋ᠤ ᠲᠤᠬᠢᠶᠠᠯᠳᠤᠭ᠎ᠠ ᠦᠭᠡᠢ ᠶᠡᠭᠡ ᠬᠤᠪᠢᠰᠤᠯᠲᠠ ᠲᠦᠷᠭᠡᠰᠤᠨ ᠤᠯᠠᠷᠢᠵᠤ᠂ ᠰᠢᠨ᠎ᠡ ᠨᠢᠭᠡ ᠡᠭᠡᠯᠵᠢ᠎ᠶᠢᠨ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠬᠤᠪᠢᠰᠬᠠᠯ ᠪᠣᠯᠤᠨ ᠠᠵᠤ ᠦᠢᠯᠡᠰ᠎ᠦᠨ ᠬᠤᠪᠢᠰᠤᠯᠲᠠ ᠲᠦᠷᠭᠡᠨ ᠰᠢᠪᠲᠤᠯᠤᠯᠲᠠ᠎ᠲᠠᠶ ᠪᠤᠯᠵᠥ᠍᠂ ᠪᠦᠬᠦ᠌ ᠪᠥᠮᠪᠥᠷᠴᠡᠭ᠎ᠦᠨ ᠵᠣᠬᠢᠶᠠᠮᠠᠯ ᠤᠶᠤᠨ ᠴᠢᠳᠠᠪᠤᠷᠢ᠎ᠶᠢᠨ ᠮᠡᠷᠭᠡᠵᠢᠯ᠎ᠦᠨ ᠰᠢᠨ᠎ᠡ ᠡᠭᠦᠳᠦᠯᠲᠡ ᠤᠷᠢᠳ ᠡᠮᠦᠨ᠎ᠡ ᠪᠠᠶ᠋ᠢᠭ᠎ᠠ ᠦᠭᠡᠢ ᠬᠥᠭᠵᠢᠶᠡᠨᠲᠡᠢ ᠬᠤᠭᠤᠴᠠᠭᠠᠨ᠎ᠳᠤ ᠣᠷᠣᠪᠠ ᠭᠡᠵᠦ ᠵᠢᠭᠠᠵᠤ ᠭᠠᠷᠭᠠᠪᠠ᠃

ᠡᠭᠦᠨ᠎ᠦ ᠵᠡᠷᠭᠡ ᠪᠡᠷ᠂ ᠮᠡᠷᠭᠡᠵᠢᠯ᠎ᠦᠨ ᠪᠡᠬᠢᠯᠡᠯᠲᠡ᠂ ᠲᠣᠭᠠᠴᠢᠯᠠᠭᠰᠠᠨ ᠬᠥᠭᠵᠢᠯᠲᠡ᠎ᠶᠢᠨ ᠵᠦᠷᠢᠶ᠎ᠠ ᠵᠡᠷᠭᠡ ᠪᠦᠬᠦ᠌ ᠪᠥᠮᠪᠥᠷᠴᠡᠭ᠎ᠦᠨ ᠴᠢᠨᠠᠷᠲᠠᠢ ᠥᠷᠢᠰᠥᠯᠳᠦᠭᠡᠨ ᠡᠳᠦᠷ ᠢᠷᠡᠬᠦᠶ᠎ᠡ ᠢᠯᠡᠷᠡᠪᠡ᠃ ᠵᠣᠬᠢᠶᠠᠮᠠᠯ ᠤᠶᠤᠨ ᠴᠢᠳᠠᠪᠤᠷᠢ᠎ᠶᠢᠨ ᠯᠠᠪᠳᠠᠭᠤᠨ᠎ᠢᠶᠠᠷ ᠬᠤᠯᠠ ᠠᠶᠠᠯᠠᠬᠤ᠎ᠶᠢ ᠠᠬᠢᠭᠤᠯᠬᠤ᠎ᠳᠤ ᠨᠡᠩ ᠴᠤ᠌ ᠨᠡᠭᠡᠭᠡᠯᠲᠡᠲᠡᠢ ᠪᠠᠭᠲᠠᠭᠠᠮᠵᠢᠲᠠᠢ ᠬᠥᠭᠵᠢᠯᠲᠡ᠎ᠶᠢᠨ ᠵᠠᠮ᠎ᠢ ᠪᠠᠲᠤ᠌ ᠰᠠᠬᠢᠬᠤ ᠬᠡᠷᠡᠭᠲᠡᠢ᠃

ᠳᠤᠮᠳᠠᠳᠤ ᠤᠯᠤᠰ ᠢᠮᠠᠭᠲᠠ ᠨᠡᠭᠡᠭᠡᠯᠲᠡᠲᠦ᠍ ᠣᠪᠣᠷ᠎ᠢᠶᠠᠷ ᠪᠦᠬᠦ᠌ ᠪᠥᠮᠪᠥᠷᠴᠡᠭ᠎ᠦᠨ ᠰᠢᠨ᠎ᠡ ᠡᠭᠦᠳᠦᠯᠲᠡ᠎ᠶᠢ ᠬᠦᠷᠢᠶᠡᠯᠡᠭᠰᠡᠭᠡᠷ ᠢᠷᠡᠪᠡ᠄ ᠨᠡᠭᠡᠭᠡᠯᠳᠡᠳᠦ ᠡᠬᠢ ᠺᠤᠳ᠋᠎ᠤᠨ ᠲᠤᠮᠤ ᠵᠠᠭᠪᠤᠷ᠎ᠤᠨ ᠪᠦᠬᠦ᠌ ᠪᠥᠮᠪᠥᠷᠴᠡᠭ᠎ᠦᠨ ᠪᠠᠭᠤᠯᠭᠠᠭᠰᠠᠨ ᠬᠡᠮᠵᠢᠶ᠎ᠡ 100 ᠳ᠋ᠦᠩᠰᠢᠭᠤᠷ ᠤᠳᠠᠭ᠎ᠠ᠎ᠶᠢ ᠳᠠᠪᠠᠵᠤ᠂ AtomGit ᠵᠡᠷᠭᠡ ᠨᠡᠭᠡᠭᠡᠯᠳᠡᠳᠦ ᠡᠬᠢ ᠺᠤᠳ᠋᠎ᠢ ᠨᠡᠶ᠋ᠢᠭᠡᠮ ᠲᠣᠭᠣᠷᠢᠭ᠎ᠲᠤ᠌ 1100 ᠲᠦᠮᠡ ᠭᠠᠷᠤᠢ ᠬᠡᠷᠡᠭᠯᠡᠭᠴᠢ ᠲᠠᠩᠰᠠᠯᠠᠭᠤᠯᠵᠤ᠂ ᠤᠯᠤᠰ᠎ᠲᠠᠭᠠᠨ ᠦᠢᠯᠡᠳᠪᠦᠷᠢᠯᠡᠭᠰᠡᠨ ᠲᠤᠮᠤ ᠵᠠᠭᠪᠤᠷ ᠨᠢᠭᠡᠨᠲᠡ 17 ᠲᠦᠮᠡ ᠭᠠᠷᠤᠢ ᠡᠭᠦᠰᠦᠮᠡᠯ ᠵᠠᠭᠪᠤᠷ᠎ᠢ ᠪᠤᠢ ᠪᠣᠯᠭᠠᠪᠠ ᠁ ᠨᠢᠭᠡ ᠪᠦᠯᠦᠭ ᠲᠣᠭ᠎ᠠ ᠪᠠᠷᠢᠮᠲᠠ᠎ᠶᠢᠨ ᠠᠷᠤ᠎ᠳᠤ᠂ ᠨᠡᠭᠡᠭᠡᠯᠳᠡᠳᠦ ᠡᠬᠢ ᠺᠤᠳ᠋᠎ᠤᠨ ᠠᠮᠢ ᠠᠬᠤᠢ᠎ᠶᠢᠨ ᠥᠷᠨᠢᠭᠦᠨ ᠬᠥᠭᠵᠢᠯᠲᠡ᠂ ᠨᠡᠩ ᠴᠤ᠌ ᠬᠠᠮᠲᠤᠷᠠᠯᠴᠠᠭ᠎ᠠ ᠬᠢᠵᠤ ᠬᠠᠮᠲᠤ᠎ᠪᠠᠷ ᠠᠰᠢᠭ ᠬᠦᠷᠳᠡᠬᠦ᠌ ᠣᠶ᠋ᠢᠯᠠᠭᠠᠭᠳᠠᠬᠤᠨ᠎ᠤ ᠠᠮᠢᠳᠤᠯᠢᠭ ᠦᠢᠯᠡᠳᠦᠯᠭᠡ ᠪᠤᠢ᠃

ᠲᠤᠰ ᠬᠤᠭᠤᠴᠠᠭᠠᠨ᠎ᠤ ᠶᠡᠬᠡ ᠬᠤᠷᠠᠯ᠎ᠡᠴᠡ ᠡᠮᠦᠨᠡᠬᠡᠨ᠂ ᠰᠢᠨ᠎ᠡ ᠨᠢᠭᠡ ᠦᠶ᠎ᠡ᠎ᠶᠢᠨ ᠵᠠᠭᠪᠤᠷ Kimi K3 ᠵᠢ ᠨᠡᠶ᠋ᠢᠲᠡᠯᠡᠵᠦ᠍᠂ ᠪᠦᠬᠦ᠌ ᠪᠥᠮᠪᠥᠷᠴᠡᠭ᠎ᠦᠨ ᠪᠣᠯᠵᠣᠯᠲᠤ᠌ ᠲᠣᠭ᠎ᠠ᠎ᠶᠢᠨ ᠬᠠᠮᠤᠭ᠎ᠤᠨ ᠶᠡᠬᠡ ᠨᠡᠭᠡᠭᠡᠯᠳᠡᠳᠦ ᠡᠬᠢ ᠺᠤᠳ᠋ ᠤ᠋ᠨ ᠵᠠᠭᠪᠤᠷ ᠪᠣᠯᠵᠠᠢ; ᠶᠡᠬᠡ ᠬᠤᠷᠠᠯ᠎ᠤᠨ ᠬᠤᠭᠤᠴᠠᠭᠠᠨ᠎ᠳᠤ᠂ ᠳᠤᠮᠳᠠᠳᠤ ᠤᠯᠤᠰ᠎ᠤᠨ ᠴᠠᠭ ᠠᠭᠤᠷ᠎ᠤᠨ ᠲᠣᠪᠴᠢᠶ᠎ᠠ ᠵᠣᠬᠢᠶᠠᠮᠠᠯ ᠣᠶᠤᠨ ᠴᠢᠳᠠᠪᠤᠷᠢ᠎ᠶᠢᠨ ᠴᠠᠭ ᠠᠭᠤᠷ᠎ᠤᠨ ᠦᠢᠯᠡᠴᠢᠯᠡᠭᠡᠨ᠎ᠦ ᠰᠢᠰᠲ᠋ᠧᠮ᠎ᠦᠨ 《ᠹᠸᠩ ᠾᠸ》 ᠲᠣᠮᠣ ᠬᠡᠯᠡᠨ᠎ᠦ ᠵᠠᠭᠪᠤᠷ᠎ᠢ ᠨᠡᠶ᠋ᠢᠲᠡᠯᠡᠭᠰᠡᠨ ᠪᠥᠭᠡᠳ 《ᠹᠸᠩ ᠾᠸ》 ᠪᠥᠬᠥ᠌ ᠪᠥᠮᠪᠥᠷᠴᠡᠭ᠎ᠦᠨ ᠨᠡᠭᠡᠭᠡᠯᠳᠡᠳᠦ ᠡᠬᠢ ᠺᠤᠳ᠋᠎ᠤᠨ ᠲᠥᠯᠥᠪᠯᠡᠭᠡ᠎ᠶᠢ ᠡᠬᠢᠯᠡᠭᠦᠯᠪᠡ᠃

ᠪᠡᠶ᠎ᠡ᠎ᠪᠡᠨ ᠳᠠᠭᠠᠭᠠᠵᠤ ᠰᠢᠨ᠎ᠡ᠎ᠶᠢ ᠡᠭᠦᠳᠬᠦ᠌᠎ᠡᠴᠡ ᠪᠦᠬᠦ᠌ ᠪᠥᠮᠪᠥᠷᠴᠡᠭ᠎ᠢᠶᠡᠷ᠎ᠢᠶᠡᠨ ᠬᠠᠮᠲᠤ᠎ᠪᠠᠷ ᠡᠳ᠋ᠯᠡᠬᠦ᠌ ᠬᠦᠴᠦᠨ ᠣᠯᠭᠣᠬᠤ ᠬᠦᠷᠲᠡᠯ᠎ᠡ᠂ ᠳᠤᠮᠳᠠᠳᠤ ᠤᠯᠤᠰ ᠦᠷᠭᠦᠯᠵᠢᠯᠡᠨ ᠵᠣᠬᠢᠶᠠᠮᠠᠯ ᠤᠶᠤᠨ᠎ᠴᠢᠳᠠᠪᠤᠷᠢ᠎ᠶᠢᠨ ᠰᠢᠨ᠎ᠡ᠎ᠶᠢ ᠡᠭᠦᠳᠬᠦ᠌ ᠲᠥᠰᠦᠯ ᠬᠠᠩᠭᠠᠵᠤ᠂ ᠪᠣᠳᠠᠲᠤ᠌ ᠠᠵᠢᠯᠯᠠᠭ᠎ᠠ ᠪᠠᠷ᠎ᠢᠶᠠᠨ᠄ ᠨᠡᠭᠡᠭᠡᠯᠲᠡ ᠬᠢᠵᠦ᠍ ᠬᠠᠮᠲᠤ᠎ᠪᠠᠷ ᠠᠰᠢᠭ ᠬᠦᠷᠲᠡᠬᠦ᠌ ᠨᠢ ᠬᠠᠮᠲᠤ᠎ᠶᠢᠨ ᠲᠠᠨᠢᠯᠲᠠ ᠪᠤᠯᠵᠤ᠂ ᠰᠢᠨ᠎ᠡ᠎ᠶᠢ ᠡᠭᠦᠳᠬᠦ᠌ ᠰᠢᠪᠲᠤᠯᠤᠯᠲᠠ ᠨᠢ ᠥᠨᠥᠴᠢᠨ ᠵᠠᠪᠢ ᠭᠠᠭᠴᠠᠭᠠᠷ ᠤᠷᠤᠭᠰᠢᠯᠠᠬᠤ ᠪᠢᠰᠢ ᠪᠤᠯᠵᠤ᠂ ᠬᠠᠷᠢᠨ ᠤᠯᠠᠨ ᠤᠷᠤᠰᠬᠠᠯ ᠨᠡᠶ᠋ᠢᠯᠡᠵᠦ᠍᠂ ᠰᠦᠷ ᠳᠠᠯᠠᠶ᠋ᠢᠴᠠᠲᠠᠢ ᠤᠷᠤᠭᠰᠢᠯᠠᠬᠤ ᠪᠣᠯᠤᠭᠰᠠᠨ᠎ᠢ ᠭᠡᠷᠡᠴᠢᠯᠡᠪᠡ᠃

ᠡᠨᠡ ᠪᠣᠯ ᠠᠵᠤ ᠦᠢᠯᠡᠰ᠎ᠦᠨ ᠲᠡᠰ ᠳᠡᠪᠰᠢᠬᠦ᠌᠂ ᠠᠵᠤ ᠠᠬᠤᠢ᠎ᠶᠢᠨ ᠬᠥᠭᠵᠢᠯᠲᠡ᠎ᠶᠢ ᠠᠬᠢᠭᠤᠯᠬᠤ ᠢᠯᠡ ᠲᠣᠳᠣ ᠤᠳᠤᠷᠢᠳᠤᠮᠵᠢ ᠮᠥᠨ —

ᠵᠣᠬᠢᠶᠠᠮᠠᠯ ᠣᠶᠤᠨ ᠴᠢᠳᠠᠪᠤᠷᠢ᠎ᠨᠢ ᠮᠡᠷᠭᠡᠵᠢᠯ᠎ᠦᠨ ᠰᠢᠨᠡᠴᠢᠯᠡᠯᠲᠡ ᠪᠣᠯᠤᠨ ᠠᠵᠤ ᠦᠢᠯᠡᠰ᠎ᠦᠨ ᠥᠷᠭᠡᠳᠬᠡᠯ ᠵᠡᠷᠭᠡ᠎ᠪᠡᠷ ᠶᠠᠪᠤᠭᠳᠠᠬᠤ ᠲᠦᠷᠭᠡᠨ ᠬᠥᠭᠵᠢᠯᠲᠡ᠎ᠶᠢᠨ ᠱᠠᠲᠤᠨ᠎ᠳᠤ ᠣᠷᠣᠵᠤ᠂ ᠨᠡᠭᠡᠭᠡᠯᠲᠡ᠎ᠨᠢ ᠠᠯᠢ ᠡᠷᠲᠡ ᠮᠡᠷᠭᠡᠵᠢᠯ᠎ᠦᠨ ᠨᠡᠪᠲᠡᠷᠡᠯᠴᠡᠭᠡ᠎ᠶᠢ ᠳᠠᠪᠠᠵᠤ᠂ ᠰᠢᠨ᠎ᠡ᠎ᠶᠢ ᠡᠭᠦᠳᠬᠦ᠌ ᠬᠡᠯᠬᠢᠶ᠎ᠡ᠂ ᠠᠵᠤ ᠦᠢᠯᠡᠰ᠎ᠦᠨ ᠬᠡᠯᠬᠢᠶ᠎ᠡ᠂ ᠬᠠᠩᠭᠠᠯᠭ᠎ᠠ᠎ᠶᠢᠨ ᠬᠡᠯᠬᠢᠶ᠎ᠡ᠂ ᠥᠷᠲᠡᠭ᠎ᠦᠨ ᠬᠡᠯᠬᠢᠶ᠎ᠡ ᠵᠡᠷᠭᠡ ᠪᠥᠬᠥ᠌ ᠲᠠᠯ᠎ᠠ᠎ᠶᠢᠨ ᠨᠡᠭᠡᠭᠡᠯᠲᠡᠲᠦ᠍ ᠬᠠᠮᠵᠢᠯᠴᠠᠭ᠎ᠠ ᠪᠣᠯᠤᠨ ᠥᠷᠭᠡᠳᠪᠡ᠃

《ᠤᠳᠠᠭ᠎ᠠ ᠪᠦᠷᠢ᠎ᠶᠢᠨ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠬᠤᠪᠢᠰᠬᠠᠯ ᠨᠢ ᠴᠥᠮ ᠬᠥᠮᠦᠨ ᠲᠥᠷᠥᠯᠬᠢᠲᠡᠨ᠎ᠦ ᠦᠢᠯᠡᠳᠪᠦᠷᠢᠯᠡᠯ ᠠᠮᠢᠳᠤᠷᠠᠯ᠎ᠤᠨ ᠠᠷᠭ᠎ᠠ ᠬᠡᠯᠪᠡᠷᠢ᠎ᠶᠢ ᠭᠦᠨᠵᠡᠭᠡᠢ ᠲᠠᠬᠢᠨ ᠪᠦᠷᠢᠯᠳᠦᠭᠦᠯᠵᠦ᠍᠂ ᠠᠵᠤ ᠠᠬᠤᠢ ᠨᠡᠶ᠋ᠢᠭᠡᠮ᠎ᠦᠨ ᠬᠥᠭᠵᠢᠯᠲᠡ᠎ᠶᠢᠨ ᠶᠡᠬᠡ ᠦᠰᠦᠷᠦᠯᠲᠡ᠎ᠶᠢ ᠠᠬᠢᠭᠤᠯᠳᠠᠭ》᠃ ᠲᠡᠷᠢᠭᠦᠯᠡᠭᠴᠢ ᠰᠢ ᠵᠢᠨ ᠫᠢᠩ ᠵᠣᠬᠢᠶᠠᠮᠠᠯ ᠣᠶᠤᠨ ᠴᠢᠳᠠᠪᠤᠷᠢ ᠪᠣᠯᠤᠨ ᠪᠣᠳᠠᠲᠤ᠌ ᠴᠣᠭᠴᠠ᠎ᠶᠢᠨ ᠠᠵᠤ ᠠᠬᠤᠶ᠎ᠶᠢᠨ ᠭᠦᠨᠵᠡᠭᠡᠶ ᠠᠭᠤᠰᠤᠯᠴᠠᠯ᠎ᠳᠤ ᠲᠣᠳᠣᠷᠬᠠᠶ ᠠᠷᠭ᠎ᠠ ᠵᠠᠮ ᠲᠣᠭᠲᠠᠭᠠᠵᠤ᠂ ᠤᠯᠠᠮᠵᠢᠯᠠᠯᠲᠤ᠌ ᠠᠵᠤ ᠦᠢᠯᠡᠰ᠎ᠢ ᠥᠭᠡᠷᠡᠴᠢᠯᠡᠨ ᠲᠠᠰ ᠳᠡᠪᠰᠢᠭᠦᠯᠬᠦ᠌᠂ ᠰᠢᠨ᠎ᠡ᠎ᠪᠡᠷ ᠮᠠᠨᠳᠤᠭᠰᠠᠨ ᠠᠵᠤ ᠦᠢᠯᠡᠰ᠎ᠢ ᠪᠣᠶ᠋ᠢᠵᠢᠭᠤᠯᠤᠨ ᠪᠤᠵᠠᠭᠠᠶ᠋ᠢᠷᠠᠭᠤᠯᠵᠤ᠂ ᠢᠷᠡᠭᠡᠳᠦᠶ᠎ᠶᠢᠨ ᠠᠵᠤ ᠦᠢᠯᠡᠰ᠎ᠦᠨ ᠠᠯᠤᠰ ᠬᠡᠲᠦ᠎ᠶᠢᠨ ᠪᠠᠶ᠋ᠢᠷᠢᠰᠢᠭᠤᠯᠤᠯᠲᠠ᠎ᠶᠢ ᠵᠢᠯᠣᠭᠣᠳᠤᠨ ᠬᠠᠮᠵᠢᠯᠴᠠᠭᠤᠯᠤᠨ ᠠᠬᠢᠭᠤᠯᠪᠠ᠃

ᠣᠷᠣᠨ ᠨᠤᠲᠤᠭ᠎ᠤᠨ ᠦᠢᠯᠡᠳᠦᠯᠭᠡ᠎ᠳᠦ ᠰᠠᠭᠤᠷᠢᠯᠠᠵᠤ᠂ ᠳᠤᠮᠳᠠᠳᠤ ᠤᠯᠤᠰ 《ᠵᠣᠬᠢᠶᠠᠮᠠᠯ ᠣᠶᠤᠨ ᠴᠢᠳᠠᠪᠤᠷᠢ +》 ᠠᠵᠢᠯᠯᠠᠭ᠎ᠠ᠎ᠶᠢ ᠪᠥᠬᠥ᠌ ᠲᠠᠯ᠎ᠠ᠎ᠪᠠᠷ ᠬᠡᠷᠡᠭᠵᠢᠭᠦᠯᠪᠡ᠃ ᠣᠳᠣᠬᠠᠨ᠎ᠳᠤ᠂ ᠵᠣᠬᠢᠶᠠᠮᠠᠯ ᠣᠶᠤᠨ ᠴᠢᠳᠠᠪᠤᠷᠢ᠎ᠨᠢ ᠨᠢᠭᠡᠨᠲᠡ ᠣᠶᠤᠨᠴᠢ ᠦᠢᠯᠡᠳᠬᠡᠯ᠂ ᠲᠠᠷᠢᠶᠠᠯᠠᠩ᠂ ᠡᠮᠴᠢᠯᠡᠭᠡ᠂ ᠮᠥᠩᠭᠥᠨ ᠭᠦᠢᠯᠭᠡᠭᠡ ᠵᠡᠷᠭᠡ ᠭᠤᠤᠯᠳᠠᠯᠭ᠎ᠠ᠎ᠲᠠᠶ ᠠᠵᠢᠯ ᠲᠥᠷᠥᠯ᠎ᠳᠦ ᠭᠦᠨᠵᠡᠭᠡᠶ ᠠᠭᠤᠰᠤᠯᠴᠠᠵᠤ᠂ 2025 ᠣᠨ᠎ᠳᠤ ᠵᠣᠬᠢᠶᠠᠮᠠᠯ ᠣᠶᠤᠨ ᠴᠢᠳᠠᠪᠤᠷᠢ᠎ᠶᠢᠨ ᠭᠤᠤᠯᠯᠠᠬᠤ ᠠᠵᠤ ᠦᠢᠯᠡᠰ᠎ᠦᠨ ᠬᠡᠪᠴᠢᠶ᠎ᠡ᠎ᠨᠢ 1.2 ᠲᠦᠮᠡᠨ ᠳ᠋ᠦᠩᠰᠢᠭᠤᠷ ᠲᠥᠭᠥᠷᠢᠭ᠎ᠢ ᠳᠠᠪᠠᠵᠤ᠂ ᠶᠡᠬᠡ ᠬᠡᠮᠵᠢᠶᠡᠨ᠎ᠦ ᠰᠢᠨ᠎ᠡ᠎ᠶᠢ ᠡᠭᠦᠳᠬᠦ᠌ ᠬᠡᠷᠡᠭᠯᠡᠯᠲᠡ ᠪᠣᠳᠠᠲᠠᠶ᠎ᠳᠤ ᠨᠠᠶ᠋ᠢᠳᠠᠪᠤᠷᠢᠵᠢᠭᠤᠯᠤᠭᠳᠠᠵᠤ᠂ ᠪᠣᠳᠠᠲᠤ᠌ ᠴᠣᠭᠴᠠ᠎ᠶᠢᠨ ᠠᠵᠤ ᠠᠬᠤᠶ᠎ᠶᠢᠨ ᠬᠥᠭᠵᠢᠯᠲᠡ᠎ᠶᠢᠨ ᠰᠢᠨ᠎ᠡ ᠬᠥᠳᠡᠯᠭᠡᠬᠦ᠌ ᠬᠦᠴᠦᠨ᠎ᠢ ᠦᠷᠭᠦᠯᠵᠢᠯᠡᠨ ᠬᠥᠭᠵᠢᠭᠡᠪᠡ᠃

ᠳᠡᠯᠡᠬᠡᠶ ᠳ᠋ᠠᠬᠢᠨ᠎ᠳᠤ ᠬᠠᠨᠳᠤᠭᠤᠯᠤᠨ᠂ ᠳᠤᠮᠳᠠᠳᠤ ᠤᠯᠤᠰ 《〈ᠵᠣᠬᠢᠶᠠᠮᠠᠯ ᠣᠶᠤᠨ ᠴᠢᠳᠠᠪᠤᠷᠢ +〉 ᠣᠯᠠᠨ ᠤᠯᠤᠰ᠎ᠤᠨ ᠬᠠᠮᠲᠤᠷᠠᠯᠴᠠᠭᠠᠨ᠎ᠤ ᠰᠠᠨᠠᠭᠠᠴᠢᠯᠠᠭ᠎ᠠ》 ᠵᠢ ᠰᠠᠨᠠᠭᠠᠴᠢᠯᠠᠵᠤ᠂ ᠡᠯ᠎ᠡ ᠤᠯᠤᠰ᠎ᠤᠨ᠎ᠬᠢᠨ ᠥᠪᠡᠷ᠎ᠦᠨ ᠤᠯᠤᠰ᠎ᠤᠨ ᠪᠠᠶ᠋ᠢᠳᠠᠯ᠎ᠲᠠᠶ᠎ᠪᠠᠨ ᠤᠶᠠᠯᠳᠤᠭᠤᠯᠤᠨ 《ᠵᠣᠬᠢᠶᠠᠮᠠᠯ ᠣᠶᠤᠨ ᠴᠢᠳᠠᠪᠤᠷᠢ +》 ᠠᠵᠢᠯᠯᠠᠭ᠎ᠠ᠎ᠶᠢ ᠢᠳᠡᠪᠬᠢᠲᠡᠶ ᠥᠷᠨᠢᠭᠦᠯᠵᠦ᠍᠂ ᠬᠠᠷᠢᠯᠴᠠᠨ ᠬᠦᠨᠳᠦᠳᠬᠡᠬᠦ᠌᠂ ᠬᠠᠷᠢᠯᠴᠠᠨ ᠠᠰᠢᠭᠲᠠᠶ ᠬᠠᠮᠲᠤ᠎ᠪᠠᠷ ᠠᠰᠢᠭ ᠭᠥᠷᠳᠡᠬᠦ᠌ ᠵᠠᠷᠴᠢᠮ ᠶᠣᠰᠣᠭᠠᠷ᠂ ᠲᠥᠷᠥ᠎ᠶᠢᠨ ᠪᠣᠳᠣᠯᠭ᠎ᠠ᠎ᠶᠢᠨ ᠰᠣᠯᠢᠯᠴᠠᠭ᠎ᠠ ᠪᠠ ᠪᠣᠳᠠᠲᠠᠶ᠎ᠶᠢ ᠡᠷᠬᠢᠮᠯᠡᠭᠰᠡᠨ ᠬᠠᠮᠲᠤᠷᠠᠯᠴᠠᠭ᠎ᠠ᠎ᠪᠠᠨ ᠴᠢᠩᠭᠠᠳᠬᠠᠵᠤ᠂ ᠬᠠᠮᠤᠭ᠎ᠤᠨ ᠰᠠᠶ᠋ᠢᠨ ᠦᠢᠯᠡᠳᠦᠯᠭᠡ ᠪᠠ ᠰᠢᠢᠳᠪᠦᠷᠢᠯᠡᠬᠦ᠌ ᠲᠥᠰᠦᠯ᠎ᠢᠶᠡᠨ ᠬᠤᠪᠢᠶᠠᠯᠴᠠᠨ ᠡᠳ᠋ᠯᠡᠬᠦ᠌᠎ᠶᠢ ᠰᠠᠨᠠᠭᠠᠴᠢᠯᠠᠪᠠ᠃ ᠨᠡᠭᠡᠭᠡᠯᠳᠡᠳᠦ ᠡᠬᠢ ᠺᠤᠳ᠋᠎ᠤᠨ ᠶᠡᠬᠡ ᠵᠠᠭᠪᠤᠷ᠎ᠤᠨ ᠪᠦᠬᠦ᠌ ᠪᠥᠮᠪᠥᠷᠴᠡᠭ᠎ᠤᠨ ᠬᠡᠷᠡᠭᠯᠡᠯᠲᠡ ᠡᠴᠡ ᠭᠠᠳᠠᠭᠠᠳᠤ᠎ᠳᠤ ᠤᠶᠤᠨᠲᠤ᠌ ᠦᠢᠯᠡᠳᠬᠡᠯ᠎ᠤᠨ ᠲᠥᠰᠦᠯ ᠬᠠᠩᠭᠠᠬᠤ ᠬᠦᠷᠲᠡᠯ᠎ᠡ᠂ ᠲᠠᠬᠢᠭᠠᠳ 《ᠨᠢᠭᠡ ᠪᠦᠰᠡ ᠨᠢᠭᠡ ᠵᠠᠮ》 ᠤ᠋ᠨ ᠲᠣᠭᠠᠴᠢᠯᠠᠭᠰᠠᠨ ᠬᠠᠮᠲᠤᠷᠠᠯᠴᠠᠭ᠎ᠠ ᠭᠦᠨᠵᠡᠭᠡᠶ᠋ᠢᠷᠡᠬᠦ᠌ ᠬᠦᠷᠲᠡᠯ᠎ᠡ᠂ ᠨᠡᠭᠡᠭᠡᠯᠳᠠ ᠬᠢᠵᠦ᠍ ᠬᠠᠷᠢᠯᠴᠠᠨ ᠨᠡᠪᠲᠡᠷᠡᠯᠴᠡᠬᠦ᠌ ᠳᠤᠮᠳᠠ ᠠᠵᠤ ᠦᠢᠯᠡᠰ᠎ᠢ ᠬᠠᠮᠲᠤ᠎ᠪᠠᠷ ᠬᠥᠭᠵᠢᠭᠦᠯᠵᠦ᠍᠂ ᠬᠥᠭᠵᠢᠵᠦ ᠬᠠᠮᠲᠤ᠎ᠪᠠᠷ ᠠᠰᠢᠭ ᠬᠦᠷᠳᠡᠬᠦ᠌᠎ᠶᠢ ᠪᠡᠶᠡᠯᠡᠭᠦᠯᠬᠦ᠌᠎ᠶᠢ ᠠᠬᠢᠭᠤᠯᠪᠠ᠃

ᠡᠨᠡ ᠪᠣᠯ  ᠵᠦᠷᠢᠶ᠎ᠠ ᠵᠠᠭᠠᠭ ᠎ᠢ ᠠᠷᠢᠯᠭᠠᠵᠤ᠂ ᠲᠦᠭᠡᠮᠡᠯ ᠬᠠᠷᠠᠭᠠᠯᠵᠠᠯᠳᠤ ᠪᠠᠭᠲᠠᠭᠠᠮᠵᠢᠲᠠᠢ ᠪᠠᠢᠬᠤ ᠴᠠᠭ ᠦᠶ᠎ᠡ᠎ᠶᠢᠨ ᠡᠭᠦᠷᠭᠡᠯᠡᠯ ᠮᠥᠨ —

《ᠡᠯ᠎ᠡ ᠤᠯᠤᠰ᠎ᠤᠨ ᠬᠢᠨ ᠬᠥᠮᠦᠨ᠎ᠢᠶᠡᠷ ᠦᠨᠳᠦᠰᠦ ᠪᠣᠯᠭᠠᠬᠤ᠂ ᠥᠭᠡᠳᠡᠷᠬᠡᠭ ᠴᠠᠶ᠋ᠢᠯᠭᠠᠨ ᠪᠠᠶ᠋ᠢᠬᠤ ᠣᠶ᠋ᠢᠯᠠᠭᠠᠭᠳᠠᠬᠤᠨ᠎ᠢ ᠪᠠᠷᠢᠮᠲᠠᠯᠠᠵᠤ᠂ ᠵᠣᠬᠢᠶᠠᠮᠠᠯ ᠤᠶᠤᠨ ᠴᠢᠳᠠᠪᠤᠷᠢ᠎ᠶᠢ ᠬᠠᠮᠲᠤ᠎ᠶᠢᠨ ᠬᠥᠭᠵᠢᠯ ᠴᠡᠴᠡᠭᠯᠡᠯ᠎ᠢ ᠠᠬᠢᠭᠤᠯᠬᠤ᠂ ᠬᠠᠮᠲᠤ᠎ᠶᠢᠨ ᠠᠮᠤᠷ ᠲᠦᠪᠰᠢᠨ᠎ᠢ ᠬᠠᠮᠠᠭᠠᠯᠠᠬᠤ ᠴᠢᠬᠤᠯᠠ ᠬᠥᠳᠡᠯᠭᠡᠬᠦ᠌ ᠬᠦᠴᠦᠨ᠎ᠦ ᠡᠬᠢ ᠰᠤᠷᠪᠤᠯᠵᠢ ᠪᠣᠯᠭᠠᠪᠠᠯ ᠵᠣᠬᠢᠨ᠎ᠠ》 ᠭᠡᠬᠦ ᠲᠡᠷᠢᠭᠦᠯᠡᠭᠴᠢ ᠰᠢ ᠵᠢᠨ ᠫᠢᠩ᠎ᠦᠨ ᠶᠠᠷᠢᠶ᠎ᠠ ᠢᠳᠡ ᠬᠦᠴᠦᠨ᠎ᠲᠡᠶ᠃

ᠵᠣᠬᠢᠶᠠᠮᠠᠯ ᠤᠶᠤᠨ ᠴᠢᠳᠠᠪᠤᠷᠢ ᠪᠣᠯ ᠪᠦᠬᠦ᠌ ᠬᠥᠮᠦᠨ ᠲᠥᠷᠥᠯᠬᠢᠲᠡᠨ᠎ᠦ ᠬᠠᠮᠲᠤ᠎ᠶᠢᠨ ᠤᠶᠤᠨ ᠤᠬᠠᠭᠠᠨ᠎ᠤ ᠲᠠᠯᠠᠰᠲᠤ᠌ ᠪᠠ ᠡᠷᠬᠢᠮ ᠨᠠᠨᠳᠢᠨ ᠡᠳ᠋ ᠪᠠᠶᠠᠯᠢᠭ ᠮᠥᠨ᠂ ᠪᠦᠬᠦ᠌ ᠪᠥᠮᠪᠥᠷᠴᠡᠭ᠎ᠦᠨ ᠬᠥᠭᠵᠢᠯᠲᠡ᠎ᠶᠢᠨ ᠵᠥᠷᠢᠢ᠎ᠡ᠎ᠶᠢ ᠶᠡᠬᠡᠰᠬᠡᠬᠦ᠌ ᠪᠠᠭᠠᠵᠢ ᠪᠤᠯᠵᠤ ᠪᠣᠯᠬᠤ ᠦᠭᠡᠢ᠃ ᠨᠡᠬᠡᠬᠡᠯᠳᠡ ᠬᠢᠵᠦ᠍ ᠬᠠᠮᠲᠤ ᠪᠠᠷ ᠠᠰᠢᠭ ᠬᠦᠷᠳᠡᠬᠦ᠌᠎ᠪᠡᠷ ᠵᠣᠬᠢᠶᠠᠮᠠᠯ ᠤᠶᠤᠨ᠎ᠴᠢᠳᠠᠪᠤᠷᠢ᠎ᠶᠢᠨ ᠰᠢᠨ᠎ᠡ᠎ᠶᠢ ᠡᠭᠦᠳᠦᠨ ᠬᠥᠭᠵᠢᠬᠦ᠌᠎ᠶᠢ ᠠᠬᠢᠭᠤᠯᠬᠤ ᠪᠣᠯ ᠠᠵᠤ ᠦᠢᠯᠡᠰ᠎ᠦᠨ ᠤᠷᠤᠭᠰᠢᠯᠠᠬᠤ ᠵᠠᠶ᠋ᠢᠯᠠᠰᠢ ᠦᠬᠡᠢ ᠱᠠᠭᠠᠷᠳᠠᠯᠭ᠎ᠠ ᠪᠣᠯᠬᠤ ᠪᠥᠭᠡᠳ ᠪᠦᠬᠦ᠌ ᠪᠥᠮᠪᠥᠷᠴᠡᠭ᠎ᠦᠨ ᠬᠥᠭᠵᠢᠯᠲᠡ᠎ᠶᠢᠨ ᠬᠦᠴᠢᠷ ᠠᠰᠠᠭᠤᠳᠠᠯ᠎ᠢ ᠰᠢ᠌ᠳᠪᠦᠷᠢᠯᠡᠬᠦ᠌᠂ ᠤᠯᠠᠨ ᠲᠠᠯᠠᠲᠤ᠌ ᠦᠵᠡᠯ᠎ᠢ ᠦᠢᠯᠡᠳᠦᠯᠭᠡᠵᠢᠭᠦᠯᠬᠦ᠌ ᠵᠠᠩᠭᠢᠯᠠᠭ᠎ᠠ᠎ᠶᠢᠨ ᠠᠷᠭ᠎ᠠ ᠬᠡᠮᠵᠢᠢ᠎ᠡ ᠪᠣᠯᠤᠨ᠎ᠠ᠃

ᠲᠤᠰ ᠬᠤᠭᠤᠴᠠᠭᠠᠨ᠎ᠤ ᠶᠡᠬᠡ ᠬᠤᠷᠠᠯ᠎ᠤᠨ ᠬᠤᠭᠤᠴᠠᠭᠠᠨ᠎ᠳᠤ᠂ ᠳᠤᠮᠳᠠᠳᠤ ᠤᠯᠤᠰ ᠰᠢᠷᠢᠰ ᠦᠷ᠎ᠡ ᠪᠦᠲᠦᠭᠡᠯ᠎ᠦᠨ ᠪᠢᠴᠢᠭ ᠮᠠᠲ᠋ᠧᠷᠢᠶᠠᠯ ᠪᠣᠯᠬᠤ《ᠵᠣᠬᠢᠶᠠᠮᠠᠯ ᠤᠶᠤᠨ᠎ᠴᠢᠳᠠᠪᠤᠷᠢ᠎ᠶᠢᠨ ᠬᠠᠮᠲᠤᠷᠠᠯᠴᠠᠨ ᠬᠥᠭᠵᠢᠬᠦ᠌ ᠠᠵᠢᠯᠯᠠᠭᠠᠨ᠎ᠤ ᠲᠥᠯᠥᠪᠯᠡᠭᠡ》᠂ 《ᠤᠯᠠᠨ ᠤᠯᠤᠰ᠎ᠤᠨ ᠵᠣᠬᠢᠶᠠᠮᠠᠯ ᠤᠶᠤᠨ᠎ᠴᠢᠳᠠᠪᠤᠷᠢ᠎ᠶᠢᠨ ᠯᠤᠭᠢᠭ᠎ᠤᠨ ᠵᠠᠰᠠᠯᠲᠠ᠎ᠶᠢᠨ ᠠᠵᠢᠯᠯᠠᠭᠠᠨ᠎ᠤ ᠲᠥᠯᠥᠪᠯᠡᠭᠡ》᠂《ᠤᠶᠤᠨᠲᠤ᠌ ᠴᠣᠭᠴᠠ᠎ᠶᠢᠨ ᠬᠠᠷᠢᠯᠴᠠᠨ ᠢᠲᠡᠭᠡᠯᠴᠡᠵᠦ᠍ ᠬᠠᠷᠢᠯᠴᠠᠨ ᠬᠣᠯᠪᠣᠭᠠᠯᠠᠵᠤ ᠬᠠᠷᠢᠯᠴᠠᠨ ᠠᠵᠢᠯᠯᠠᠬᠤ ᠪᠦᠬᠦ᠌ ᠪᠥᠮᠪᠥᠷᠴᠡᠭ᠎ᠦᠨ ᠬᠠᠮᠲᠤᠷᠠᠯᠴᠠᠭᠠᠨ᠎ᠤ ᠰᠠᠨᠠᠭᠠᠴᠢᠯᠠᠭ᠎ᠠ》 ᠵᠡᠷᠭᠡ᠎ᠶᠢ ᠬᠣᠶ᠋ᠢᠨ᠎ᠠ ᠬᠣᠶ᠋ᠢᠨ᠎ᠠ᠎ᠡᠴᠡ᠎ᠨᠢ ᠨᠡᠶ᠋ᠢᠲᠡᠯᠡᠵᠦ᠍᠂ ᠠᠯᠢ ᠤᠯᠠᠨ ᠲᠥᠰᠦᠯ᠂ ᠰᠠᠨᠠᠭᠠᠴᠢᠯᠠᠭ᠎ᠠ ᠨᠢ ᠴᠥᠮ ᠨᠡᠬᠡᠬᠡᠯᠳᠡ ᠬᠢᠵᠦ᠍ ᠬᠠᠮᠲᠤ ᠪᠠᠷ ᠠᠰᠢᠭ ᠬᠦᠷᠳᠡᠬᠦ᠌᠎ᠪᠡᠷ ᠰᠢᠨ᠎ᠡ᠎ᠶᠢ ᠡᠭᠦᠳᠬᠦ᠌ ᠬᠥᠭᠵᠢᠯᠲᠡ᠎ᠶᠢᠨ ᠬᠠᠨᠳᠤᠰᠢ᠎ᠶᠢ ᠠᠬᠢᠭᠤᠯᠵᠤ ᠪᠠᠶ᠋ᠢᠨ᠎ᠠ᠃

ᠤᠯᠠᠨ ᠵᠢᠡᠷ ᠵᠢᠡᠨ ᠬᠠᠮᠳᠤ ᠪᠡᠷ ᠴᠢᠷᠮᠠᠢᠨ ᠤᠷᠤᠭᠰᠢᠯᠠᠵᠤ᠂ ᠭᠠᠷ ᠬᠣᠯᠪᠣᠯᠴᠠᠨ ᠰᠢᠨ᠎ᠡ ᠠᠶᠠᠨ᠎ᠢᠶᠠᠨ ᠡᠬᠢᠯᠡᠭᠦᠯᠦᠨ᠎ᠡ᠃

《ᠵᠣᠬᠢᠶᠠᠮᠠᠯ ᠣᠶᠤᠨ ᠴᠢᠳᠠᠪᠤᠷᠢ᠎ᠶᠢᠨ ᠢᠷᠡᠭᠡᠳᠦᠶ ᠪᠣᠯ ᠶᠡᠷᠦ᠎ᠡᠴᠡ ᠭᠠᠭᠴᠠᠭᠠᠷ᠎ᠢᠶᠠᠨ ᠭᠠᠪᠰᠢᠭᠠᠶ᠋ᠢᠯᠠᠨ ᠤᠷᠤᠭᠰᠢᠯᠠᠬᠤ ᠥᠷᠢᠰᠥᠯᠳᠦᠭᠡᠨ ᠪᠢᠰᠢ᠂ ᠬᠠᠷᠢᠨ ᠭᠠᠷ ᠬᠣᠯᠪᠣᠯᠴᠠᠨ ᠬᠠᠮᠲᠤ᠎ᠪᠠᠷ ᠠᠰᠢᠭ ᠭᠥᠷᠳᠡᠬᠦ᠌ ᠶᠠᠪᠤᠳᠠᠯ ᠮᠥᠨ》᠂ 《ᠨᠡᠭᠡᠭᠡᠯᠲᠡ ᠬᠢᠵᠦ᠍ ᠬᠠᠮᠲᠤ᠎ᠪᠠᠷ ᠡᠳ᠋ᠯᠡᠬᠦ᠌ ᠪᠣᠯ ᠪᠥᠬᠥ᠌ ᠪᠥᠮᠪᠥᠷᠴᠡᠭ᠎ᠦᠨ ᠵᠣᠬᠢᠶᠠᠮᠠᠯ ᠣᠶᠤᠨ ᠴᠢᠳᠠᠪᠤᠷᠢ᠎ᠶᠢᠨ ᠰᠢᠨ᠎ᠡ᠎ᠶᠢ ᠡᠭᠦᠳᠬᠦ᠌ ᠪᠣᠭᠣᠷᠰᠣᠭ᠎ᠢ ᠪᠤᠵᠠᠭᠠᠶ᠋ᠢᠷᠠᠭᠤᠯᠬᠤ ᠴᠣᠷ᠎ᠤᠨ ᠭᠠᠭᠴᠠ ᠠᠷᠭ᠎ᠠ ᠵᠠᠮ ᠮᠥᠨ》᠂《ᠪᠥᠬᠥ᠌ ᠪᠥᠮᠪᠥᠷᠴᠡᠭ᠎ᠦᠨ ᠰᠢᠨᠵᠢᠯᠡᠬᠦ᠌ ᠤᠬᠠᠭᠠᠨ᠎ᠤ ᠰᠤᠳᠤᠯᠭᠠᠨ᠎ᠤ ᠴᠢᠳᠠᠪᠤᠷᠢᠲᠠᠨ᠂ ᠪᠤᠳᠤᠯᠲᠠ ᠵᠢᠨ ᠬᠦᠴᠦᠨ᠂ ᠲᠣᠭ᠎ᠠ ᠪᠠᠷᠢᠮᠲᠠ᠎ᠶᠢᠨ ᠡᠬᠢ ᠪᠠᠶᠠᠯᠢᠭ᠎ᠢ ᠬᠣᠯᠪᠣᠯᠳᠤᠭᠤᠯᠵᠤ᠂ ᠤᠤᠭᠠᠯ ᠡᠭᠦᠳᠦᠯᠲᠡ᠎ᠶᠢᠨ ᠮᠡᠷᠭᠡᠵᠢᠯ᠎ᠦᠨ ᠰᠢᠪᠲᠤᠯᠤᠯᠲᠠ᠎ᠶᠢ ᠦᠷᠭᠦᠯᠵᠢᠯᠡᠨ ᠪᠣᠶ ᠪᠣᠯᠭᠠᠨ᠎ᠠ》 ᠁ ᠬᠤᠷᠠᠯ᠎ᠤᠨ ᠲᠠᠯᠠᠪᠠᠶ᠎ᠶᠢᠨ ᠳᠣᠲᠣᠨ᠎ᠠ ᠭᠠᠳᠠᠨ᠎ᠠ᠂ ᠡᠯ᠎ᠡ ᠡᠲᠡᠭᠡᠳ᠎ᠦᠨ ᠬᠠᠮᠲᠤ᠎ᠶᠢᠨ ᠲᠠᠨᠢᠯᠲᠠ᠎ᠶᠢ ᠤᠯᠠᠮ ᠨᠢᠭᠡ ᠠᠯᠬᠤᠮ ᠨᠢᠭᠲᠠᠷᠠᠭᠤᠯᠪᠠ᠃

ᠳᠤᠮᠳᠠᠳᠤ ᠤᠯᠤᠰ ᠢᠮᠠᠭᠲᠠ ᠨᠡᠭᠡᠭᠡᠯᠲᠡ ᠬᠢᠵᠦ᠍ ᠬᠠᠮᠲᠤ᠎ᠪᠠᠷ ᠠᠰᠢᠭ ᠭᠥᠷᠳᠡᠬᠦ᠌ ᠣᠶ᠋ᠢᠯᠠᠭᠠᠭᠳᠠᠬᠤᠨ᠎ᠢ ᠪᠠᠲᠤ᠌ ᠰᠠᠬᠢᠵᠤ᠂ ᠰᠢᠨ᠎ᠡ᠎ᠶᠢ ᠡᠭᠦᠳᠬᠦ᠌ ᠬᠥᠭᠵᠢᠯᠲᠡ᠎ᠶᠢᠨ ᠵᠠᠮ᠎ᠢ ᠭᠦᠨᠵᠡᠭᠡᠶ᠋ᠢᠷᠡᠭᠦᠯᠵᠦ᠍᠂ ᠳᠡᠯᠡᠬᠡᠶ᠎ᠶᠢᠨ ᠡᠯ᠎ᠡ ᠤᠯᠤᠰ᠎ᠯᠤᠭ᠎ᠠ ᠭᠠᠷ ᠬᠣᠯᠪᠣᠯᠴᠠᠨ ᠵᠣᠬᠢᠶᠠᠮᠠᠯ ᠣᠶᠤᠨ ᠴᠢᠳᠠᠪᠤᠷᠢ᠎ᠶᠢᠨ ᠦᠭᠡᠳᠡᠷᠭᠡᠭ ᠴᠠᠢᠯᠭᠠᠨ  ᠬᠥᠭᠵᠢᠯᠲᠡ᠎ᠶᠢᠨ ᠴᠢᠭᠯᠡᠯ᠎ᠢ ᠬᠠᠮᠲᠤ᠎ᠪᠠᠷ ᠰᠠᠬᠢᠨ ᠬᠠᠮᠠᠭᠠᠯᠠᠵᠤ ᠪᠠᠢᠨ᠎ᠠ᠂ ᠡᠨᠡ᠎ᠨᠢ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠵᠢᠡᠷ ᠪᠥᠬᠥ᠌ ᠪᠥᠮᠪᠥᠷᠴᠡᠭ᠎ᠦᠨ ᠬᠥᠭᠵᠢᠯᠲᠡ᠎ᠳᠦ ᠨᠡᠩ ᠰᠠᠢᠳᠤᠷ ᠬᠦᠴᠦᠨ ᠤᠯᠭᠤᠵᠤ᠂ ᠡᠯ᠎ᠠ ᠲᠠᠯ᠎ᠠ ᠵᠢᠨ ᠬᠢᠨ ᠯᠤᠭᠡ ᠰᠠᠢᠨ ᠰᠠᠶ᠋ᠢᠬᠠᠨ ᠢᠷᠡᠭᠡᠳᠦᠶ᠎ᠶᠢ ᠬᠠᠮᠳᠤ ᠪᠡᠷ ᠴᠣᠭᠴᠠᠯᠠᠬᠤ ᠪᠤᠯᠤᠨ᠎ᠠ !

 (ᠰᠢᠨᠬᠤᠸᠠ ᠬᠤᠷᠢᠶ᠎ᠠ ᠵᠢᠨ ᠪᠡᠭᠡᠵᠢᠩ ᠤ᠋ᠨ 7 ᠰᠠᠷ᠎ᠠ ᠵᠢᠨ 18 ᠤ᠋ ᠴᠠᠬᠢᠯᠭᠠᠨ ᠮᠡᠳᠡᠭᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号