ᠤᠷᠳᠤᠰ ᠬᠤᠳᠠ ᠤᠶᠤᠨᠴᠢ ᠠᠭᠤᠷᠬᠠᠢ ᠶ᠋ᠢᠨ ᠪᠠᠢᠭᠤᠯᠤᠯᠳᠠ ᠵᠢ ᠦᠷᠬᠦᠯᠵᠢᠯᠡᠨ ᠠᠬᠢᠭᠤᠯᠵᠤ ᠪᠤᠢ
2026-07-22 09:59:24
ᠵᠣᠬᠢᠶᠠᠭ᠍ᠴᠢ᠄
ᠪᠤᠶᠠᠠᠡᠨᠡᠷᠢᠯ
ᠣᠩᠱᠢᠭ᠍ᠰᠠᠨ ᠣᠳᠠᠭ᠎ᠠ᠄
★★★☆☆

ᠣᠷᠳᠣᠰ ᠬᠤᠳᠠ ᠣᠢᠷ᠎ᠠ ᠵᠢᠨ ᠵᠢᠯ ᠡᠴᠡ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤ᠋ᠨ ᠰᠢᠨ᠎ᠡ ᠵᠢ ᠡᠭᠦᠳᠬᠦ ᠵᠢ ᠴᠢᠬᠤᠯᠠᠴᠢᠯᠠᠵᠤ᠂ ᠨᠡᠭᠦᠷᠡᠰᠦᠨ ᠤ᠋ ᠠᠵᠤ ᠦᠢᠯᠡᠰ ᠤ᠋ᠨ ᠬᠦᠮᠦᠨ ᠤ᠋ ᠬᠦᠴᠦ ᠪᠡᠷ ᠭᠤᠤᠯ ᠪᠤᠯᠭᠠᠵᠤ ᠪᠠᠢᠭᠰᠠᠨ ᠤᠯᠠᠮᠵᠢᠯᠠᠯᠲᠤ ᠬᠡᠯᠪᠡᠷᠢ ᠡᠴᠡ ᠣᠶᠤᠨᠴᠢ ᠠᠭᠤᠷᠬᠠᠢ ᠵᠢᠨ ᠪᠦᠳᠦᠭᠡᠨ ᠪᠠᠢᠭᠤᠯᠤᠯᠳᠠ ᠲᠡᠢᠰᠢ ᠬᠡᠯᠪᠡᠷᠢ ᠪᠡᠨ ᠬᠤᠪᠢᠷᠠᠭᠤᠯᠬᠤ ᠵᠢ ᠦᠷᠬᠦᠯᠵᠢᠯᠡᠨ ᠠᠬᠢᠭᠤᠯᠵᠤ᠂ ᠣᠶᠤᠨᠴᠢᠯᠠᠯᠳᠠ ᠪᠡᠷ ᠨᠡᠭᠦᠷᠡᠰᠦᠨ ᠠᠭᠤᠷᠬᠠᠢ ᠵᠢᠨ ᠠᠶᠤᠯᠭᠦᠢ ᠦᠢᠯᠡᠳᠪᠦᠷᠢᠯᠡᠯ ᠤ᠋ᠨ ᠰᠡᠷᠭᠡᠢᠯᠡᠯᠲᠡ ᠵᠢᠨ ᠱᠤᠭᠤᠮ ᠢ᠋ ᠪᠡᠬᠢᠵᠢᠭᠦᠯᠵᠦ᠂ ᠠᠵᠤ ᠦᠢᠯᠡᠰ ᠤ᠋ᠨ ᠬᠥᠭᠵᠢᠯᠲᠡ ᠵᠢᠨ ᠰᠢᠨ᠎ᠡ ᠪᠠᠢᠷᠢᠰᠢᠯ ᠢ᠋ ᠴᠣᠭᠴᠠᠯᠠᠵᠤ ᠪᠤᠢ᠃

ᠤᠢᠯᠠᠭᠠᠭᠰᠠᠨ ᠶ᠋ᠢᠡᠷ᠂ ᠤᠷᠳᠤᠰ ᠬᠤᠳᠠ ᠶ᠋ᠢᠨ ᠬᠡᠰᠡᠭ ᠵᠠᠳᠠᠭᠠᠢ ᠨᠡᠭᠦᠷᠡᠰᠦᠨ ᠠᠭᠤᠷᠬᠠᠢ ᠵᠢᠨ ᠣᠶᠤᠨᠴᠢᠯᠠᠭᠰᠠᠨ ᠦᠷ᠎ᠡ ᠪᠦᠲᠦᠮᠵᠢ ᠲᠣᠪᠣᠢᠮ᠎ᠠ ᠪᠠᠢᠨ᠎ᠠ᠃ ᠳᠤᠬᠠᠢᠯᠠᠪᠠᠯ ᠵᠡᠬᠦᠨᠭᠠᠷ ᠤ᠋ᠨ ᠡᠨᠧᠷᠬᠢ ᠶ᠋ᠢᠨ ᠪᠦᠯᠦᠭᠯᠡᠯ ᠤ᠋ᠨ ᠾᠧᠢ ᠳ᠋ᠠᠢ ᠭᠧᠦ ᠵᠠᠳᠠᠭᠠᠢ ᠨᠡᠭᠦᠷᠡᠰᠦᠨ ᠠᠭᠤᠷᠬᠠᠢ 100 ᠰᠠᠭᠤᠷᠢ ᠵᠢᠯᠣᠭᠣᠴᠢ ᠦᠭᠡᠢ ᠠᠭᠤᠷᠬᠠᠢ ᠵᠢᠨ ᠠᠴᠢᠶᠠᠨ ᠤ᠋ ᠮᠠᠰᠢᠨ ᠢ᠋ ᠣᠷᠣᠭᠤᠯᠤᠨ ᠠᠪᠴᠢᠷᠠᠭᠠᠳ ᠲᠡᠭᠡᠭᠡᠪᠦᠷᠢᠯᠡᠬᠦ ᠠᠵᠢᠯ ᠳ᠋ᠤ ᠬᠡᠷᠡᠭᠯᠡᠵᠤ᠂ ᠲᠡᠷᠭᠡ ︱ ᠵᠠᠮ ︱ ᠡᠭᠦᠯᠡ ᠵᠢ ᠨᠢᠭᠡ ᠴᠣᠭᠴᠠᠵᠢᠭᠤᠯᠤᠨ ᠬᠠᠮᠵᠢᠯᠴᠠᠬᠤ ᠪᠦᠲᠦᠴᠡ ᠬᠢᠭᠡᠳ ᠣᠶᠤᠨᠴᠢ ᠲᠣᠬᠢᠷᠠᠭᠤᠯᠬᠤ ᠰᠢᠰᠲᠧᠮ ᠳ᠋ᠤ ᠲᠦᠰᠢᠭᠯᠡᠨ᠂ ᠪᠦᠬᠦᠯᠢ ᠡᠳᠦᠷ ᠶ᠋ᠢᠡᠷ ᠬᠥᠮᠥᠨ ᠦᠭᠡᠢ ᠠᠵᠢᠯᠯᠠᠬᠤ ᠵᠢ ᠪᠡᠶᠡᠯᠡᠭᠦᠯᠵᠡᠢ᠃ ᠲᠣᠨᠣᠭ ᠲᠥᠬᠦᠭᠡᠷᠦᠮᠵᠢ ᠵᠢᠨ ᠠᠭᠤᠰᠤᠯᠴᠠᠯ ᠤ᠋ᠨ ᠳᠠᠯ᠎ᠠ ᠪᠡᠷ᠂ ᠣᠯᠠᠨ ᠲᠥᠷᠥᠯ ᠤ᠋ᠨ ᠷᠠᠳᠠᠷ᠂ ᠠᠵᠤ ᠦᠢᠯᠡᠳᠪᠦᠷᠢ ᠵᠢᠨ ᠰᠡᠬᠦᠳᠡᠷᠯᠡᠬᠦ ᠮᠠᠰᠢᠨ ᠵᠢᠴᠢ ᠪᠠᠢᠷᠢ ᠲᠣᠭᠲᠠᠭᠠᠬᠤ ᠮᠡᠷᠭᠡᠵᠢᠯ ᠵᠡᠷᠭᠡ ᠵᠢ ᠪᠥᠬᠥ ᠲᠠᠯᠠᠪᠤᠷ ᠲᠤ᠌ ᠰᠠᠭᠠᠳ ᠦᠭᠡᠢ ᠨᠡᠪᠳᠡᠷᠡᠬᠦᠯᠦᠨ᠂ ᠰᠠᠭᠠᠳ ᠢ᠋ ᠳᠠᠨᠢᠨ ᠮᠡᠳᠡᠷᠡᠵᠦ ᠵᠠᠢᠯᠠᠬᠤ ᠨᠤᠷᠮ᠎ᠠ ᠨᠢ 100% ᠳ᠋ᠤ ᠬᠦᠷᠴᠠᠢ᠃ ᠲᠣᠰ ᠣᠶᠤᠨᠴᠢᠯᠠᠭᠰᠠᠨ ᠵᠠᠭᠪᠤᠷ ᠲᠡᠭᠡᠭᠡᠪᠦᠷᠢ ᠵᠢᠨ ᠦᠷ᠎ᠡ ᠪᠦᠲᠦᠮᠵᠢ ᠵᠢ 25% ᠪᠡᠷ ᠳᠡᠭᠡᠭᠰᠢᠯᠡᠭᠦᠯᠵᠦ᠂ ᠲᠡᠷᠭᠡ ᠬᠥᠰᠬᠡ ᠵᠢᠨ ᠪᠦᠲᠦᠮᠵᠢᠲᠡᠢ ᠠᠵᠢᠯᠯᠠᠬᠤ ᠴᠠᠭ ᠢ᠋ 30% ᠡᠴᠡ ᠳᠡᠭᠡᠭᠰᠢ ᠤᠷᠲᠤᠳᠬᠠᠨ᠂ ᠡᠳᠦᠷ ᠪᠦᠷᠢ ᠲᠤᠬᠠᠢ ᠵᠢᠨ ᠲᠠᠯᠠᠪᠠᠢ᠎ᠳᠤ ᠠᠵᠢᠯᠯᠠᠵᠤ ᠪᠠᠢᠭ᠎ᠠ ᠬᠥᠮᠥᠨ ᠤ᠋ ᠳᠤᠭ᠎ᠠ ᠵᠢ 300 ᠴᠥᠭᠡᠳᠬᠡᠵᠦ᠂ ᠬᠥᠮᠥᠨ ᠮᠠᠰᠢᠨ ᠬᠠᠮᠳᠤ ᠪᠡᠷ ᠠᠵᠢᠯᠯᠠᠵᠤ ᠠᠶᠤᠯ ᠶᠡᠬᠡᠲᠡᠢ ᠪᠠᠢᠭᠰᠠᠨ ᠪᠠᠢᠳᠠᠯ ᠢ᠋ ᠡᠬᠢ ᠡᠭᠦᠰᠦᠯ ᠡᠴᠡ ᠨᠢ ᠰᠢᠢᠳᠪᠦᠷᠢᠯᠡᠪᠡ ᠃ ᠠᠭᠤᠷᠬᠠᠢ ᠶ᠋ᠢᠨ ᠬᠤᠳᠳᠤᠭ ᠳᠣᠲᠣᠷᠠᠬᠢ ᠨᠡᠭᠡᠭᠡᠨ ᠮᠠᠯᠲᠠᠬᠤ ᠮᠡᠷᠭᠡᠵᠢᠯ ᠢ᠋ ᠶᠡᠬᠡ ᠪᠡᠷ ᠰᠢᠨᠡᠴᠢᠯᠡᠵᠡᠢ᠄ ᠤᠯᠤᠰ ᠤ᠋ᠨ ᠡᠨᠧᠷᠬᠢ ᠶ᠋ᠢᠨ ᠪᠦᠯᠦᠭᠯᠡᠯ ᠤ᠋ᠨ ᠱᠧᠨ ᠳ᠋ᠦᠩ ᠨᠡᠭᠦᠷᠡᠰᠦᠨ ᠤ᠋ ᠪᠦᠯᠦᠭᠯᠡᠯ ᠤ᠋ᠨ ᠢᠦᠢ ᠵᠢᠶᠠ ᠯᠢᠶᠠᠩ ᠨᠡᠭᠦᠷᠡᠰᠦᠨ ᠠᠭᠤᠷᠬᠠᠢ ᠳᠤᠯᠭᠠᠭᠤᠷᠢ ᠪᠤᠰᠬᠠᠬᠤ ᠦᠬᠡᠢ ᠪᠡᠷ ᠳᠤᠷᠤᠭᠰᠢ ᠨᠡᠪᠳᠡᠷᠡᠬᠦᠯᠬᠦ ᠰᠢᠨ᠎ᠡ ᠮᠡᠷᠭᠡᠵᠢᠯ ᠢ᠋ ᠬᠡᠷᠡᠭᠯᠡᠭᠡᠳ᠂ ᠤᠯᠠᠮᠵᠢᠯᠠᠯᠲᠤ ᠶᠠᠷᠰᠢᠭ᠋ ᠲᠦᠪᠡᠭ ᠲᠡᠢ᠂ ᠠᠶᠤᠯ ᠲᠦᠭᠰᠢᠭᠦᠷᠢ ᠶᠡᠬᠡ ᠮᠣᠳᠣ ᠤᠪᠤᠭᠠᠯᠠᠵᠤ ᠲᠤᠯᠭᠠᠭᠤᠷᠢ ᠪᠤᠰᠬᠠᠬᠤ ᠠᠵᠢᠯ ᠢ᠋ ᠲᠠᠶᠠᠭᠳᠠᠨ᠂ ᠲᠤᠯᠭᠠᠭᠤᠷᠢᠯᠠᠨ ᠬᠠᠮᠠᠭᠠᠯᠠᠬᠤ ᠰᠢᠰᠲ᠋ᠧᠮ ᠳ᠋ᠤ ᠲᠦᠰᠢᠭᠯᠡᠵᠤ᠂ ᠳᠡᠭᠡᠪᠦᠷ ᠤ᠋ᠨ ᠳᠠᠷᠤᠯᠲᠠ ᠵᠢ ᠬᠠᠮᠵᠢᠯᠴᠠᠨ ᠳᠠᠭᠠᠭᠠᠵᠤ᠂ ᠠᠵᠢᠯᠯᠠᠭᠠᠨ ᠤ᠋ ᠠᠶᠤᠯ ᠲᠦᠭᠰᠢᠭᠦᠷᠢ ᠪᠣᠯᠣᠨ ᠠᠵᠢᠯ ᠬᠦᠳᠡᠯᠮᠦᠷᠢ ᠵᠢᠨ ᠡᠷᠴᠢᠮ ᠢ᠋ ᠶᠡᠬᠡ ᠪᠡᠷ ᠪᠠᠭᠤᠷᠠᠭᠤᠯᠤᠨ᠂ ᠪᠠᠷᠢᠯᠭ᠎ᠠ ᠪᠠᠷᠢᠬᠤ ᠵᠢᠴᠢ ᠰᠢᠯᠭᠠᠨ ᠠᠪᠬᠤ ᠦᠷ᠎ᠡ ᠪᠦᠲᠦᠮᠵᠢ ᠵᠢ ᠳᠡᠭᠡᠭᠰᠢᠯᠡᠭᠦᠯᠵᠦ᠂ ᠠᠮᠤᠷ ᠲᠦᠪᠰᠢᠨ ᠤ᠋ ᠬᠠᠮᠢᠶᠠᠷᠤᠯᠲᠠ ᠡᠵᠡᠮᠳᠡᠯ ᠪᠣᠯᠣᠨ ᠥᠪᠡᠷ ᠤ᠋ᠨ ᠦᠷᠳᠡᠭ ᠢ᠋ ᠪᠠᠭᠤᠷᠠᠭᠤᠯᠤᠨ ᠦᠷ᠎ᠡ ᠠᠰᠢᠭ᠋ ᠢ᠋ ᠨᠡᠮᠡᠭᠳᠡᠭᠦᠯᠬᠦ ᠵᠢ ᠵᠡᠷᠭᠡ ᠪᠡᠷ ᠪᠡᠶᠡᠯᠡᠭᠦᠯᠵᠡᠢ᠃ ᠣᠲᠣᠬᠠᠨ ᠪᠣᠯᠲᠠᠯ᠎ᠠ᠂ ᠪᠦᠬᠦ ᠬᠣᠲᠠ ᠳ᠋ᠤ ᠨᠢᠭᠡᠨᠲᠡ 158 ᠣᠶᠤᠨᠴᠢᠯᠠᠭᠰᠠᠨ ᠨᠡᠭᠦᠷᠡᠰᠦᠨ ᠠᠭᠤᠷᠬᠠᠢ᠂ 511 ᠣᠶᠤᠨᠴᠢᠯᠠᠭᠰᠠᠨ ᠮᠠᠯᠲᠠᠬᠤ ᠠᠵᠢᠯ ᠤ᠋ᠨ ᠲᠠᠯᠠᠪᠠᠢ ᠵᠢ ᠨᠢᠭᠡᠨᠳᠡ ᠪᠠᠢᠭᠤᠯᠵᠤ᠂ ᠵᠠᠳᠠᠭᠠᠢ ᠨᠡᠭᠦᠷᠡᠰᠦᠨ ᠠᠭᠤᠷᠬᠠᠢ ᠳ᠋ᠤ ᠬᠡᠷᠡᠭᠯᠡᠵᠦ ᠪᠠᠢᠭ᠎ᠠ ᠵᠢᠯᠣᠭᠣᠴᠢ ᠦᠭᠡᠢ ᠮᠠᠰᠢᠨ ᠲᠡᠷᠭᠡᠨ ᠤ᠋ ᠳᠤᠭ᠎ᠠ 195 ᠰᠠᠭᠤᠷᠢ ᠳ᠋ᠤ ᠬᠦᠷᠴᠦ᠂ 9 ᠤᠯᠤᠰ᠎ᠤᠨ ᠳᠡᠰ ᠤ᠋ᠨ ᠣᠶᠤᠨᠴᠢᠯᠠᠭᠰᠠᠨ ᠵᠢᠱ᠌ᠢᠶ᠎ᠡ ᠦᠵᠡᠭᠦᠯᠬᠦ ᠨᠡᠭᠦᠷᠡᠰᠦᠨ ᠠᠭᠤᠷᠬᠠᠢ ᠲᠠᠢ ᠪᠠᠢᠵᠤ᠂ ᠣᠶᠤᠨᠴᠢᠯᠠᠭᠰᠠᠨ ᠦᠢᠯᠡᠳᠪᠦᠷᠢᠯᠡᠯ ᠤ᠋ᠨ ᠴᠢᠳᠠᠪᠤᠷᠢ ᠨᠢ 87% ᠵᠢ ᠡᠵᠡᠯᠡᠭᠰᠡᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号