ᠲᠦᠬᠦᠭᠡᠷᠤᠮᠵᠢᠳᠤ ᠲᠠᠷᠢᠶᠠᠯᠠᠩ᠎ᠡᠴᠡ ᠰᠤᠨᠤᠯᠵᠠᠭᠰᠠᠨ ᠪᠠᠶᠠᠵᠢᠯ᠎ᠤᠨ ᠬᠠᠷᠭᠤᠢ
2026-07-22 10:15:59
ᠵᠣᠬᠢᠶᠠᠭ᠍ᠴᠢ᠄
ᠬᠠᠶ ᠵᠢᠶᠦ᠋ᠨ
ᠣᠩᠱᠢᠭ᠍ᠰᠠᠨ ᠣᠳᠠᠭ᠎ᠠ᠄
★★★☆☆

ᠰᠤᠷᠪᠤᠯᠵᠢᠯᠠᠭᠴᠢ ᠲᠦᠷᠦᠭᠦᠬᠡᠨ ᠤᠯᠠᠭᠠᠨᠴᠠᠪ ᠬᠤᠲᠠ ᠵᠢᠨ ᠰᠢᠩ ᠾᠧ ᠰᠢᠶᠠᠨ᠎ᠤ ᠳ᠋ᠢᠶᠠᠨ ᠽᠢ ᠪᠠᠯᠭᠠᠰᠤᠨ᠎ᠤ ᠰᠢ ᠸᠠᠨ ᠲᠠᠷᠢᠶᠠᠯᠠᠩ᠎ᠤᠨ ᠬᠤᠷᠰᠢᠶᠠᠨ᠎ᠳᠤ ᠬᠦᠷᠬᠦ᠎ᠳᠤ ᠬᠦᠯᠡᠮᠵᠢ ᠳ᠋ᠤᠨᠢ ᠠᠮᠢᠵᠢᠷᠠᠯ ᠵᠢᠡᠷ ᠪᠢᠯᠠᠭᠨ᠎ᠠ᠃ ᠬᠡᠯᠬᠢᠶᠡᠲᠦ ᠲᠥᠪᠡᠳ ᠬᠠᠰᠢ ᠵᠡᠯ᠎ᠡ ᠪᠡᠨ ᠲᠠᠭᠠᠭᠠᠵᠤ ᠶᠠᠳᠠᠲᠠᠯ᠎ᠠ ᠪᠠᠭᠰᠢᠷᠠᠨ ᠰᠠᠭᠤᠵᠦ᠂ ᠰᠤᠷᠭᠤᠭ ᠬᠢᠯᠦᠭᠡᠷ ᠯᠠᠵᠤᠤ ᠦᠩᠭᠡ ᠪᠤᠯᠢᠶᠠᠯᠳᠤᠨ ᠤᠷᠭᠤᠨ᠎ᠠ᠃ ᠲᠣᠰᠬᠣᠨ᠎ᠤ ᠠᠷᠠᠳ ᠡᠳᠡᠭᠡᠷ ᠢᠳᠡᠰᠢᠨ ᠨᠤᠭᠤᠭ᠎ᠠ ᠵᠢ ᠲᠡᠬᠦᠭᠡᠳ᠂ ᠢᠯᠭᠠᠨ ᠰᠠᠯᠭᠠᠵᠤ ᠶᠠᠭᠠᠷᠠᠯᠳᠤᠨ᠎ᠠ᠃

ᠳ᠋ᠢᠶᠠᠨ ᠽᠢ ᠪᠠᠯᠭᠠᠰᠤᠨ᠎ᠤ ᠠᠵᠢᠯᠲᠠᠨ ᠵᠠᠩ ᠶᠦᠩ ᠰᠢᠨ᠄ 《ᠮᠠᠨ᠎ᠤ ᠪᠠᠯᠭᠠᠰᠤ ᠥᠩᠭᠡᠷᠡᠭᠰᠡᠨ᠎ᠳᠦ ᠭᠤᠤᠯᠳᠠᠭᠤ ᠡᠷᠳᠡᠨᠢ ᠰᠢᠰᠢ᠂ ᠲᠥᠮᠥᠰᠥ᠍ ᠲᠠᠷᠢᠵᠤ᠂ ᠵᠢᠯ ᠳ᠋ᠡᠭᠡᠨ ᠵᠦᠳᠡᠷᠡᠭᠡᠳ ᠳᠡᠮᠡᠶ ᠤᠷᠤᠯᠭ᠎ᠠ ᠤᠯᠬᠤ ᠥᠬᠡᠶ ᠪᠠᠶ᠋ᠢᠯ᠎ᠠ᠃ ᠣᠳᠣᠬᠠᠨ᠎ᠳᠤ ᠲᠤᠮᠤ ᠬᠦᠯᠡᠮᠵᠢ᠎ᠶᠢᠨ ᠤᠨᠴᠠᠯᠢᠬᠳᠤ ᠲᠠᠷᠢᠮᠠᠯ᠎ᠢ ᠬᠥᠭᠵᠢᠭᠦᠯᠦᠭᠡᠳ᠂ 〈ᠲᠩᠷᠢ᠎ᠶᠢᠨ ᠴᠢᠷᠠᠢ᠎ᠶᠢ ᠬᠠᠷᠠᠵᠤ ᠠᠮᠢᠳᠤᠷᠠᠬᠤ〉 ᠡᠴᠡ ᠮᠤᠯᠲᠤᠷᠠᠭᠰᠠᠨ᠎ᠢᠶᠠᠷ ᠪᠠᠷᠠᠬᠤ ᠦᠭᠡᠢ ᠪᠠᠰᠠ ᠥᠨᠳᠥᠷ ᠨᠡᠮᠡᠯᠲᠡ ᠦᠷᠳᠡᠭ᠎ᠪᠦᠬᠦᠢ ᠵᠢᠮᠢᠰ ᠢᠳᠡᠰᠢᠨ ᠨᠣᠭᠣᠭ᠎ᠠ ᠲᠠᠷᠢᠵᠦ᠍᠂ ᠪᠣᠷᠣᠯᠠᠭᠤᠯᠭ᠎ᠠ ᠵᠢᠨ ᠲᠦᠯᠦᠭᠡ ᠵᠣᠪᠠᠬᠤ ᠤᠴᠢᠷ ᠦᠭᠡᠢ᠂ ᠠᠰᠢᠭ ᠣᠷᠣᠯᠭ᠎ᠠ ᠲᠠᠬᠢᠨ᠎ᠢᠶᠠᠷ ᠨᠡᠮᠡᠭᠳᠡᠵᠠᠢ︾ᠭᠡᠵᠦ᠍ ᠰᠤᠷᠪᠤᠯᠵᠢᠯᠠᠭᠴᠢ᠎ᠳᠤ ᠲᠠᠨᠢᠯᠴᠠᠭᠤᠯᠤᠯ᠎ᠠ᠃

ᠳ᠋ᠢᠶᠠᠨ ᠽᠢ ᠪᠠᠯᠭᠠᠰᠤ ᠣᠶ᠋ᠢᠷ᠎ᠠ᠎ᠶᠢᠨ ᠵᠢᠯ᠎ᠡᠴᠡ ᠲᠤᠬᠠᠶ᠎ᠶᠢᠨ ᠭᠠᠵᠠᠷ᠎ᠤᠨ ᠡᠯᠪᠡᠭ ᠡᠬᠢ ᠪᠠᠶᠠᠯᠢᠭ ᠲᠠᠭᠠᠨ ᠲᠦᠰᠢᠭᠯᠡᠨ ᠲᠥᠬᠦᠭᠡᠷᠦᠮᠵᠢᠲᠦ᠍ ᠲᠠᠷᠢᠶᠠᠯᠠᠩ ᠢ᠋ ᠬᠡᠪᠴᠢᠶᠡᠵᠢᠭᠦᠯᠦᠨ ᠬᠥᠭᠵᠢᠭᠦᠯᠬᠦ᠎ᠶᠢ ᠶᠡᠬᠡ᠎ᠪᠡᠷ ᠠᠬᠢᠭᠤᠯᠵᠤ᠂ ᠰᠢ ᠸᠠᠨ ᠲᠠᠷᠢᠶᠠᠯᠠᠩ᠎ᠤᠨ ᠬᠣᠷᠰᠢᠶ᠎ᠠ 89 ᠪᠠᠷᠢᠮᠵᠢᠶ᠎ᠠ ᠲᠣᠮᠣ ᠬᠦᠯᠡᠮᠵᠢ ᠪᠦᠲᠦᠭᠡᠨ ᠪᠠᠢᠭᠤᠯᠬᠤ ᠵᠢ ᠲᠦᠯᠬᠢᠨ ᠠᠬᠢᠭᠤᠯᠵᠤ᠂ 400 ᠭᠠᠷᠤᠶ ᠮᠥ᠍ ᠭᠠᠵᠠᠷ ᠰᠢᠷᠣᠶ ᠵᠢᠨ ᠬᠡᠷᠡᠭᠯᠡᠬᠦ ᠡᠷᠭᠡ ᠵᠢ ᠲᠠᠭᠠᠭᠠᠴᠢᠯᠨᠭᠤᠯᠤᠨ᠂ ᠳᠤᠯᠠᠭᠠᠨ ᠤ᠋ ᠬᠡᠮᠵᠢᠶ᠎ᠠ ᠵᠢ ᠡᠵᠡᠮᠳᠡᠬᠦ᠂ ᠨᠠᠷᠢᠯᠢᠭ ᠣᠨᠣᠴᠠᠲᠠᠶ ᠤᠰᠤᠯᠠᠬᠤ ᠵᠡᠷᠭᠡ ᠣᠲᠣ ᠦᠶ᠎ᠡ᠎ᠶᠢᠨ ᠲᠠᠷᠢᠶᠠᠯᠠᠩ᠎ᠤᠨ ᠮᠡᠷᠭᠡᠵᠢᠯ᠎ᠢ ᠪᠥᠬᠥ᠌ ᠲᠠᠯ᠎ᠠ᠎ᠪᠠᠷ ᠬᠡᠷᠡᠭᠯᠡᠵᠦ᠍᠂ ᠤᠯᠠᠮᠵᠢᠯᠠᠯᠲᠤ᠌ ᠪᠦᠳᠦᠭᠦᠯᠢᠭ ᠲᠠᠷᠢᠶᠠᠯᠠᠬᠤ ᠵᠠᠭᠪᠤᠷ᠎ᠠᠴᠠ ᠰᠠᠯᠪᠠ᠃ ᠰᠢ ᠸᠠᠨ ᠲᠠᠷᠢᠶᠠᠯᠠᠩ᠎ᠤᠨ ᠬᠣᠷᠰᠢᠶ᠎ᠠ ᠬᠡᠯᠬᠢᠶᠡᠲᠦ ᠲᠥᠪᠡᠳ ᠬᠠᠰᠢ᠂ ᠥᠩᠭᠡᠲᠦ᠍ ᠯᠠᠵᠤᠤ ᠵᠡᠷᠭᠡ ᠥᠨᠳᠥᠷ ᠨᠡᠮᠡᠯᠲᠡ ᠥᠷᠲᠡᠭᠲᠦ᠍ ᠵᠢᠮᠢᠰ ᠢᠳᠡᠰᠢᠨ ᠨᠣᠭᠣᠭ᠎ᠠ᠎ᠶᠢ ᠭᠤᠤᠯᠳᠠᠯᠭ᠎ᠠ᠎ᠲᠠᠶ ᠳᠠᠷᠢᠵᠤ᠂ ᠪᠦᠲᠦᠭᠡᠭᠳᠡᠬᠦᠨ ᠨᠢ ᠰᠢᠯᠢᠳᠡᠭ ᠴᠢᠨᠠᠷ ᠴᠢᠨᠰᠠᠭ᠎ᠠ᠎ᠪᠠᠷ᠎ᠢᠶᠠᠨ ᠪᠡᠭᠡᠵᠢᠩ᠂ ᠾᠧᠪᠧᠶ᠂ ᠱᠠᠨ ᠰᠢ ᠵᠡᠷᠭᠡ ᠭᠠᠵᠠᠷ᠎ᠲᠤ᠌ ᠪᠣᠷᠣᠯᠠᠭᠤᠯᠤᠭᠳᠠᠵᠤ᠂ ᠵᠠᠬ᠎ᠠ ᠳᠡᠯᠭᠡᠭᠦᠷ᠎ᠲᠦ᠍ ᠭᠠᠷᠬᠤ ᠬᠤᠭᠤᠴᠠᠭᠠᠨ᠎ᠳᠤ ᠡᠳᠦᠷ᠎ᠲᠦ᠍ 8000 ᠭᠠᠷᠤᠶ ᠵᠢᠩ ᠲᠡᠭᠦᠵᠦ᠍᠂ ᠵᠢᠯ᠎ᠦᠨ ᠵᠢᠮᠢᠰ ᠢᠳᠡᠰᠢᠨ ᠨᠣᠭᠣᠭ᠎ᠠ᠎ᠶᠢᠨ ᠤᠨᠠᠯᠲᠠ 80 ᠲᠦᠮᠡᠨ ᠵᠢᠩ᠎ᠳᠦ ᠬᠦᠷᠴᠦ᠍᠂ ᠪᠣᠷᠣᠯᠠᠭᠤᠯᠭ᠎ᠠ᠎ᠶᠢᠨ ᠬᠡᠮᠵᠢᠶ᠎ᠡ ᠨᠢ 200 ᠲᠦᠮᠡᠨ ᠲᠥᠭᠥᠷᠢᠭ᠎ᠢ ᠳᠠᠪᠠᠵᠠᠶ᠃

ᠬᠡᠷᠪᠡ ᠳ᠋ᠢᠶᠠᠨ ᠽᠢ ᠪᠠᠯᠭᠠᠰᠤᠨ᠎ᠤ ᠲᠦᠬᠦᠭᠡᠷᠤᠮᠵᠢᠳᠤ ᠲᠠᠷᠢᠶᠠᠯᠠᠩ᠎ᠢ 《ᠬᠡᠪᠴᠢᠶᠡᠵᠢᠭᠦᠯᠦᠨ ᠳᠠᠷᠢᠵᠤ᠂ ᠦᠨ᠎ᠡ ᠬᠠᠩᠰᠢ᠎ᠶᠢ ᠲᠣᠭᠲᠠᠪᠤᠷᠢᠵᠢᠭᠤᠯᠤᠨ᠂ ᠣᠷᠣᠯᠭ᠎ᠠ᠎ᠶᠢ ᠨᠡᠮᠡᠭᠳᠡᠭᠦᠯᠦᠭᠰᠡᠨ》 ᠥᠯᠢᠭᠡᠷ ᠵᠢᠱ᠌ᠢᠶ᠎ᠡ ᠭᠡᠵᠦ᠍ ᠬᠡᠯᠡᠬᠦ᠌᠎ᠳᠦ ᠭᠦᠷᠪᠡᠯ ᠰᠢᠩ ᠾᠧ ᠰᠢᠶᠠᠨ᠎ᠤ ᠴᠧᠩ ᠭᠤᠸᠠᠨ ᠪᠠᠯᠭᠠᠰᠤᠨ᠎ᠤ ᠲᠦᠬᠦᠭᠡᠷᠤᠮᠵᠢᠳᠤ ᠲᠠᠷᠢᠶᠠᠯᠠᠩ ᠪᠣᠯ 《ᠳᠡᠭᠡᠳᠦ ᠲᠠᠰᠵᠢᠭᠦᠯᠤᠨ ᠪᠣᠶ᠋ᠢᠵᠢᠭᠤᠯᠵᠤ᠂ ᠲᠦᠷᠤᠯ ᠲᠡᠮᠳᠡᠭ᠎ᠵᠢᠡᠷ ᠬᠦᠴᠦᠨ ᠨᠡᠮᠡᠷᠢᠯᠡᠭᠰᠡᠨ》 ᠥᠯᠢᠭᠡᠷ ᠳᠠᠭᠤᠷᠢᠶᠠᠯ ᠪᠣᠯᠤᠨ᠎ᠠ᠃ ᠴᠧᠩ ᠭᠤᠸᠠᠨ ᠪᠠᠯᠭᠠᠰᠤᠨ᠎ᠤ ᠡᠯ ᠱᠢ ᠰᠠᠨ ᠬᠤᠤ ᠲᠣᠰᠬᠣᠨ᠎ᠳᠤ ᠬᠦᠷᠬᠦ ᠳ᠋ᠤ ᠰᠢᠩ ᠾᠧ ᠰᠢᠶᠠᠨ᠎ᠤ ᠱᠠᠩ ᠫᠢᠨ ᠶᠢᠦ ᠶᠤᠸᠠᠨ ᠲᠠᠷᠢᠶᠠᠯᠠᠩ ᠮᠠᠯ ᠠᠵᠤ ᠠᠬᠤᠢ᠎ᠶᠢᠨ ᠲᠠᠷᠢᠶᠠᠴᠢᠨ᠎ᠤ ᠲᠤᠰᠬᠠᠢ ᠬᠤᠷᠰᠢᠶ᠎ᠠ᠎ᠶᠢᠨ ᠲᠤᠯᠠᠭᠠᠨ ᠬᠦᠯᠡᠮᠵᠢ ᠲᠡᠷᠢ ᠲᠡᠭᠰᠢ ᠵᠢᠭᠰᠠᠵᠤ᠂ 47 ᠳᠤᠯᠠᠭᠠᠨ ᠬᠦᠯᠡᠮᠵᠢ᠎ᠶᠢᠨ ᠳᠣᠲᠣᠷ᠎ᠠ 《ᠶᠠᠡᠭ ᠭᠤᠸᠠᠡᠭ ᠮᠧᠢ ᠬᠦᠢ》 ᠦᠵᠦᠮ᠎ᠦᠨ ᠵᠡᠯ᠎ᠡ ᠦᠷᠭᠦᠯᠵᠢᠯᠡᠨ᠂ 《ᠤᠷᠤᠰ 8 ᠨᠣᠮᠧᠷᠲᠤ᠌》 ᠢᠩᠲᠣᠣᠷ᠎ᠤᠨ ᠮᠣᠳᠣᠨ᠎ᠤ ᠰᠠᠯᠠᠭ᠎ᠠ ᠮᠥᠴᠢᠷ ᠨᠢ ᠢᠭᠴᠤ᠌ ᠰᠠᠬᠤᠯᠢᠭ ᠤᠷᠭᠤᠨ᠂ ᠡᠯᠪᠡᠭ ᠬᠤᠷᠢᠶᠠᠯᠲᠠ ᠵᠢ ᠬᠤᠷᠤᠢᠯᠠᠨ᠎ᠠ᠃

ᠤᠯᠠᠮᠵᠢᠯᠠᠯᠲᠤ᠌ ᠵᠢᠮᠢᠰ ᠢᠳᠡᠰᠢᠨ ᠨᠣᠭᠣᠭ᠎ᠠ ᠲᠠᠷᠢᠬᠤ ᠯᠤᠭ᠎ᠠ ᠠᠳᠠᠯᠢ ᠦᠭᠡᠢ ᠨᠢ ᠰᠢᠩ ᠾᠧ ᠰᠢᠶᠠᠨ᠎ᠤ ᠱᠠᠩ ᠫᠢᠨ ᠶᠢᠦ ᠶᠤᠸᠠᠨ ᠲᠠᠷᠢᠶᠠᠯᠠᠩ ᠮᠠᠯ ᠠᠵᠤ ᠠᠬᠤᠢ᠎ᠶᠢᠨ ᠲᠠᠷᠢᠶᠠᠴᠢᠨ᠎ᠤ ᠲᠤᠰᠬᠠᠢ ᠬᠤᠷᠰᠢᠶ᠎ᠠ ᠳᠡᠭᠡᠳᠦ ᠲᠡᠰ᠎ᠤᠨ ᠵᠢᠮᠢᠰ ᠲᠠᠷᠢᠬᠤ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠢᠩᠲᠣᠣᠷ᠂ ᠦᠵᠦᠮ ᠵᠡᠷᠭᠡ ᠤᠨᠴᠠᠯᠢᠬᠳᠤ ᠵᠢᠮᠢᠰ᠎ᠢ ᠭᠣᠣᠯᠳᠠᠯᠭ᠎ᠠ᠎ᠲᠠᠶ ᠪᠣᠶ᠋ᠢᠵᠢᠭᠤᠯᠵᠤ᠂ ᠡᠯ ᠱᠢ ᠰᠠᠨ ᠬᠤᠤ ᠲᠣᠰᠬᠣᠨ᠎ᠤ ᠪᠣᠬᠢᠷᠲᠤᠯ ᠦᠭᠡᠢ ᠲᠤᠮᠤ ᠢᠩᠲᠣᠣᠷ᠎ᠤᠨ ᠰᠠᠭᠤᠷᠢᠨ᠎ᠢᠶᠠᠷ ᠦᠯᠢᠭᠡᠷ ᠳᠠᠭᠤᠷᠢᠶᠠᠯ ᠪᠣᠯᠭᠠᠵᠤ᠂ ᠡᠷᠬᠢᠨ ᠲᠣᠭᠣᠷᠢᠨ᠎ᠤ ᠰᠢᠶᠠᠩ ᠪᠠᠯᠭᠠᠰᠤ ᠲᠣᠰᠬᠣᠨ᠎ᠤ ᠬᠥᠭᠵᠢᠯᠲᠡ᠎ᠶᠢᠨ ᠪᠠᠶ᠋ᠢᠷᠢᠰᠢᠯ᠎ᠢ ᠨᠥᠯᠥᠭᠡᠯᠡᠵᠦ᠍᠂ ᠥᠨᠳᠥᠷ ᠨᠡᠮᠡᠯᠲᠡ ᠦᠷᠳᠡᠭ᠎ᠲᠡᠶ ᠲᠦᠬᠦᠭᠡᠷᠤᠮᠵᠢᠳᠤ ᠲᠠᠷᠢᠶᠠᠯᠠᠩ᠎ᠤᠨ ᠵᠢᠱ᠌ᠢᠢ᠎ᠡ ᠦᠵᠡᠭᠦᠯᠬᠦ᠌ ᠲᠤᠭᠤᠷᠢᠭ ᠢ᠋ ᠪᠦᠬᠦ᠌ ᠬᠦᠴᠦᠨ᠎ᠢᠶᠡᠷ᠎ᠢᠶᠡᠨ ᠪᠠᠶ᠋ᠢᠭᠤᠯᠪᠠ᠃

《ᠪᠢᠳᠡ ᠪᠡᠭᠡᠵᠢᠩ ᠲᠢᠶᠠᠨᠵᠢᠨ ᠾᠸᠪᠸᠢ ᠵᠢᠨ ᠳᠡᠭᠡᠳᠦ ᠲᠡᠰ᠎ᠤᠨ ᠵᠠᠬ᠎ᠠ ᠳᠡᠯᠭᠡᠭᠦᠷ᠎ᠦᠨ ᠬᠡᠷᠡᠭᠴᠡᠭᠡ ᠳ᠋ᠤ ᠬᠠᠨᠳᠤᠭᠤᠯᠤᠨ ᠭᠤᠤᠯᠳᠠᠭᠤ ᠳᠡᠭᠡᠳᠦ ᠲᠡᠰ᠎ᠤᠨ ᠵᠢᠮᠢᠰ ᠲᠠᠷᠢᠵᠤ᠂ ᠴᠢᠨᠠᠷ ᠴᠢᠨᠰᠠᠭ᠎ᠠ᠎ᠳᠤ ᠲᠦᠰᠢᠭᠯᠡᠨ ᠵᠠᠬ᠎ᠠ ᠳᠡᠯᠭᠡᠭᠦᠷ ᠨᠡᠭᠡᠭᠡᠵᠦ᠍᠂ ᠲᠦᠷᠦᠯ ᠲᠡᠮᠳᠡᠭ᠎ᠢ ᠡᠭᠦᠳᠴᠠᠢ᠃ ᠲᠠᠷᠢᠶᠠᠯᠠᠬᠤ ᠶᠠᠪᠤᠴᠠ ᠳ᠋ᠡᠬᠢ ᠤᠶᠤᠨᠴᠢᠯᠠᠬᠰᠠᠨ ᠲᠦᠪᠰᠢᠨ᠎ᠢ ᠳᠡᠭᠡᠭᠰᠢᠯᠡᠭᠦᠯᠬᠦ᠌᠎ᠶᠢᠨ ᠲᠥᠯᠥᠭᠡ ᠮᠠᠨ ᠤ᠋ ᠰᠠᠭᠤᠷᠢᠨ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠣᠷᠣᠭᠤᠯᠤᠯᠲᠠ᠎ᠪᠠᠨ ᠨᠡᠮᠡᠭᠳᠡᠭᠦᠯᠵᠦ᠍᠂ ᠳ᠋ᠠᠢᠲ᠋ᠠ ᠪᠠᠢᠴᠠᠭᠠᠨ ᠬᠡᠮᠵᠢᠬᠦ ᠰᠢᠰᠲ᠋ᠧᠮ᠂ ᠠᠦ᠋ᠲ᠋ᠣ᠋᠎ᠳᠤᠯᠠᠭᠠᠨ᠎ᠢ ᠡᠵᠡᠮᠳᠡᠬᠦ᠌ ᠲᠥᠬᠥᠭᠡᠷᠦᠮᠵᠢ᠂ ᠲᠤᠮᠤ ᠬᠦᠯᠡᠮᠵᠢ᠎ᠶᠢᠨ ᠬᠥᠪᠥᠩ ᠬᠥᠨᠵᠢᠯᠡ᠎ᠶᠢ ᠠᠯᠤᠰ᠎ᠠᠴᠠ ᠡᠵᠡᠮᠳᠡᠬᠦ᠌ ᠲᠥᠬᠥᠭᠡᠷᠦᠮᠵᠢ᠎ᠶᠢ ᠤᠭᠰᠠᠷᠠᠵᠤ᠂ ᠲᠠᠷᠢᠶᠠᠯᠠᠬᠤ ᠪᠦᠬᠦ᠌ ᠶᠠᠪᠤᠴᠠ᠎ᠶᠢᠨ ᠤᠶᠤᠨᠴᠢᠯᠠᠬᠰᠠᠨ ᠬᠠᠮᠢᠶᠠᠷᠤᠯᠲᠠ ᠵᠢ ᠪᠡᠶᠡᠯᠡᠭᠦᠯᠵᠦ᠍᠂ ᠵᠢᠮᠢᠰ ᠲᠠᠷᠢᠬᠤ ᠦᠷ᠎ᠠ ᠪᠦᠲᠦᠮᠵᠢ ᠵᠢ ᠲᠡᠭᠡᠭᠰᠢᠯᠡᠭᠦᠯᠦᠯ᠎ᠡ᠃ ᠡᠭᠦᠨ᠎ᠦ ᠬᠠᠮᠲᠤ᠌ ᠰᠢᠯᠢᠳᠡᠭ ᠶᠠᠰᠤ ᠴᠢᠨᠠᠷ ᠬᠢᠭᠡᠳ ᠣᠨᠣᠪᠴᠢᠲᠠᠶ ᠪᠠᠶ᠋ᠢᠷᠢ ᠲᠣᠭᠲᠠᠭᠠᠯᠲᠠ᠎ᠳᠤ ᠲᠦᠰᠢᠭᠯᠡᠨ ᠬᠣᠷᠰᠢᠶ᠎ᠠ᠎ᠶᠢᠨ ᠪᠦᠲᠦᠭᠡᠭᠳᠡᠬᠦᠨ᠎ᠢ ᠪᠡᠭᠡᠵᠢᠩ ᠲᠢᠶᠠᠨᠵᠢᠨ ᠾᠧᠪᠧᠶ᠎ᠶᠢᠨ ᠳᠡᠭᠡᠳᠦ ᠲᠠᠰ᠎ᠤᠨ ᠵᠠᠬ᠎ᠠ ᠲᠡᠯᠭᠡᠭᠦᠷ ᠪᠠ ᠬᠠᠷᠢᠴᠠᠭᠠᠨ᠎ᠤ ᠡᠷᠦᠬᠡ᠎ᠲᠡᠶ ᠪᠦᠲᠦᠮᠵᠢᠲᠡᠶ ᠵᠣᠯᠭᠠᠭᠤᠯᠬᠤ᠎ᠶᠢᠨ ᠬᠠᠮᠲᠤ᠌ ᠰᠢᠭᠤᠳ ᠨᠡᠪᠲᠡᠷᠡᠭᠦᠯᠭᠡ᠎ᠪᠡᠷ ᠪᠠᠷᠠᠭ᠎ᠠ ᠪᠤᠷᠤᠯᠠᠭᠤᠯᠬᠤ ᠵᠡᠷᠭᠡ ᠡᠯᠧᠺᠲ᠋ᠷᠣᠨ ᠬᠤᠳᠠᠯᠳᠤᠭᠠᠨ᠎ᠤ ᠲᠠᠪᠴᠠᠩ᠎ᠢ ᠠᠰᠢᠭᠯᠠᠨ ᠲᠣᠭᠣᠷᠢᠨ ᠵᠢᠭᠤᠯᠴᠢᠯᠠᠨ ᠵᠢᠮᠢᠰ ᠲᠡᠭᠦᠬᠦ᠌᠂ ᠰᠦᠯᠵᠢᠶᠡᠨ ᠳᠡᠭᠡᠷ᠎ᠡ ᠠᠯᠳᠠᠷᠰᠢᠭᠤᠯᠬᠤ ᠵᠢ ᠨᠢᠭᠡ ᠴᠣᠭᠴᠠᠵᠢᠭᠤᠯᠤᠭᠰᠠᠨ 〈ᠲᠠᠯ᠎ᠠ ᠨᠤᠲᠤᠭ᠎ᠤᠨ ᠢᠩᠲᠣᠣᠷ᠎ᠤᠨ ᠨᠤᠲᠤᠭ〉 ᠤ᠋ᠨ ᠲᠦᠷᠦᠯ ᠲᠡᠮᠳᠡᠭ᠎ᠢ ᠡᠭᠦᠳᠴᠦ᠍᠂ ᠰᠣᠶᠣᠯ ᠵᠢᠭᠤᠯᠴᠢᠯᠠᠯ᠎ᠤᠨ ᠠᠭᠤᠰᠤᠯᠴᠠᠯ᠎ᠤᠨ ᠬᠡᠯᠬᠢᠶ᠎ᠡ᠎ᠶᠢ ᠲᠠᠰᠤᠷᠠᠯᠲᠠ ᠥᠬᠡᠶ ᠤᠷᠲᠤᠳᠬᠠᠵᠠᠢ᠃ ᠣᠳᠣ ᠮᠠᠨ ᠤ᠋ ᠪᠦᠲᠦᠭᠡᠭᠳᠡᠬᠦᠨ ᠤ᠋ ᠪᠣᠷᠣᠯᠠᠭᠤᠯᠭ᠎ᠠ ᠪᠡᠭᠡᠵᠢᠩ᠎ᠢᠶᠡᠷ ᠭᠤᠤᠯ ᠵᠠᠬ᠎ᠠ ᠳᠡᠯᠭᠡᠭᠦᠷ ᠪᠣᠯᠭᠠᠵᠤ᠂ ᠲᠠᠶ᠋ᠢᠶᠤᠸᠠᠨ᠂ ᠱ᠌ᠢ ᠵᠢᠶᠠ ᠵᠤᠸᠠᠩ᠂ ᠰᠢ ᠠᠨ᠂ ᠴᠧᠩᠳᠦ᠋᠂ ᠴᠦᠩᠴᠢᠩ ᠵᠡᠷᠭᠡ 35 ᠬᠣᠲᠠ᠎ᠶᠢ ᠬᠠᠮᠤᠷᠤᠭᠰᠠᠨ ᠪᠠᠶ᠋ᠢᠨ᠎ᠠ︾ᠬᠡᠵᠤ ᠰᠢᠩ ᠾᠧ ᠰᠢᠶᠠᠨ᠎ᠤ ᠱᠠᠩ ᠫᠢᠨ ᠶᠢᠦ ᠶᠤᠸᠠᠨ ᠲᠠᠷᠢᠶᠠᠯᠠᠩ ᠮᠠᠯ ᠠᠵᠤ ᠠᠬᠤᠢ᠎ᠶᠢᠨ ᠲᠠᠷᠢᠶᠠᠴᠢᠨ᠎ᠤ ᠲᠤᠰᠬᠠᠢ ᠬᠤᠷᠰᠢᠶ᠎ᠠ ᠵᠢᠨ ᠬᠠᠷᠢᠭᠤᠴᠠᠯᠭᠠᠳᠠᠨ ᠭᠤᠤ ᡁᠢ ᠸᠸᠨ ᠲᠠᠨᠢᠯᠴᠠᠭᠤᠯᠪᠠ᠃

ᠢᠷᠡᠭᠡᠳᠦᠶ᠎ᠶᠢᠨ ᠬᠥᠭᠵᠢᠯᠲᠡ᠎ᠶᠢᠨ ᠲᠤᠬᠠᠶ ᠭᠤᠤ ᡁᠢ ᠸᠸᠨ᠄ 《ᠵᠢᠱ᠌ᠢᠶ᠎ᠡ ᠦᠵᠡᠭᠦᠯᠦᠨ ᠬᠥᠲᠥᠯᠥᠨ ᠳᠠᠭᠠᠭᠤᠯᠬᠤ᠂ ᠮᠡᠷᠭᠡᠵᠢᠯ᠎ᠢᠶᠡᠷ ᠬᠠᠪᠰᠤᠷᠤᠨ ᠲᠡᠳᠬᠦᠬᠦ᠌᠎ᠪᠡᠷ ᠳᠠᠮᠵᠢᠨ ᠮᠠᠨ᠎ᠤ ᠬᠣᠷᠰᠢᠶ᠎ᠠ ᠲᠠᠯ᠎ᠠ ᠨᠤᠲᠤᠭ᠎ᠤᠨ ᠲᠣᠮᠣ ᠢᠩᠲᠣᠣᠷ ᠬᠢᠭᠡᠳ ᠶᠠᠡᠭ ᠭᠤᠸᠠᠡᠭ ᠮᠸᠢ ᠬᠦᠢ ᠦᠵᠦᠮ᠎ᠦᠨ ᠪᠠᠷᠢᠮᠵᠢᠶ᠎ᠠ ᠵᠢᠱ᠌ᠢᠶ᠎ᠡ ᠦᠵᠡᠭᠦᠯᠬᠦ᠌ ᠬᠦᠷᠢᠶᠡᠯᠡᠩ ᠪᠠᠶ᠋ᠢᠭᠤᠯᠬᠤ᠎ᠶᠢ ᠠᠬᠢᠭᠤᠯᠵᠤ᠂ ᠰᠢᠩ ᠾᠧ ᠰᠢᠶᠠᠨ᠎ᠤ ᠥᠪᠥᠷ ᠮᠣᠩᠭᠣᠯ᠎ᠤᠨ ᠣᠨᠴᠠᠯᠢᠭ᠎ᠲᠠᠶ ᠲᠠᠯ᠎ᠠ ᠨᠤᠲᠤᠭ᠎ᠤᠨ ᠳᠡᠭᠡᠳᠦ ᠲᠠᠰ᠎ᠤᠨ ᠵᠢᠮᠢᠰ ᠳᠠᠷᠢᠬᠤ ᠰᠠᠭᠤᠷᠢᠨ᠎ᠢ ᠪᠠᠶ᠋ᠢᠭᠤᠯᠬᠤ᠎ᠳᠤ ᠬᠦᠴᠦᠨ ᠨᠡᠮᠡᠷᠢᠯᠡᠵᠦ᠍᠂ ᠣᠨᠴᠠᠯᠢᠭᠲᠤ᠌ ᠲᠠᠷᠢᠶᠠᠯᠠᠩ᠎ᠤᠨ ᠣᠷᠣᠨ ᠪᠦᠰᠡ᠎ᠶᠢᠨ ᠲᠥᠷᠥᠯ ᠲᠡᠮᠳᠡᠭ ᠢ᠋ ᠪᠣᠶ᠋ᠢᠵᠢᠭᠤᠯᠤᠨ᠎ᠠ》 ᠬᠡᠵᠤ ᠶᠠᠷᠢᠪᠠ᠃

《ᠬᠡᠪᠴᠢᠶᠡᠵᠢᠭᠰᠡᠨ ᠵᠢᠮᠢᠰ ᠢᠳᠡᠰᠢᠨ ᠨᠣᠭᠣᠭ᠎ᠠ》 ᠡᠴᠡ 《ᠰᠣᠳᠣᠨ ᠰᠣᠷᠭᠣᠭ ᠵᠢᠮᠢᠰ》 ᠬᠦᠷᠲᠡᠯ᠎ᠡ᠂ ᠳ᠋ᠢᠶᠠᠨ ᠽᠢ ᠪᠠᠯᠭᠠᠰᠤ ᠪᠣᠯᠤᠨ ᠴᠧᠩ ᠭᠤᠸᠠᠨ ᠪᠠᠯᠭᠠᠰᠤ ᠰᠣᠯᠪᠢᠴᠠᠨ ᠬᠥᠭᠵᠢᠭᠰᠡᠨ ᠨᠢ ᠶᠠᠭ ᠰᠢᠩ ᠡᡁᠸ ᠰᠢᠶᠠᠨ᠎ᠤ ᠲᠦᠬᠦᠭᠡᠷᠤᠮᠵᠢᠳᠤ ᠲᠠᠷᠢᠶᠠᠯᠠᠩ᠎ᠤᠨ ᠪᠦᠬᠦ᠌ ᠣᠷᠣᠨ ᠪᠦᠰᠡ᠎ᠶᠢᠨ ᠪᠠᠶ᠋ᠢᠷᠢᠰᠢᠭᠤᠯᠤᠯᠲᠠ᠎ᠶᠢᠨ ᠠᠮᠢᠳᠤᠯᠢᠭ ᠬᠤᠷᠢᠶᠠᠩᠭᠤᠢ ᠳᠦᠷᠰᠦ ᠪᠣᠯᠤᠨ᠎ᠠ᠃ ᠥᠨᠥᠳᠦᠷ᠎ᠦᠨ ᠰᠢᠩ ᠾᠧ ᠰᠢᠶᠠᠨ᠎ᠳᠤ ᠲᠦᠬᠦᠭᠡᠷᠤᠮᠵᠢᠳᠤ ᠲᠠᠷᠢᠶᠠᠯᠠᠩ᠎ᠨᠢᠭᠡᠨᠲᠡ ᠲᠠᠷᠠᠬᠠᠶ ᠪᠤᠲᠠᠷᠬᠠᠶ ᠳᠠᠷᠢᠬᠤ᠎ᠠᠴᠠ ᠰᠦᠷᠦᠭᠯᠡᠨ ᠳᠠᠷᠢᠬᠤ ᠲᠡᠢᠰᠢ ᠬᠤᠪᠢᠷᠠᠵᠤ᠂ ᠤᠯᠠᠮᠵᠢᠯᠠᠯᠲᠤ᠌ ᠲᠠᠷᠢᠶᠠᠯᠠᠭ᠎ᠠ᠎ᠠᠴᠠ ᠣᠶᠤᠨᠴᠢ ᠲᠠᠷᠢᠶᠠᠯᠠᠭ᠎ᠠ ᠲᠡᠢᠰᠢ ᠬᠥᠭᠵᠢᠨ᠂ ᠲᠣᠰ ᠭᠠᠵᠠᠷ᠎ᠤᠨ ᠪᠣᠷᠣᠯᠠᠭᠤᠯᠭ᠎ᠠ᠎ᠠᠴᠠ ᠪᠥᠬᠥ᠌ ᠤᠯᠤᠰ ᠤ᠋ᠨ ᠵᠠᠬ᠎ᠠ ᠲᠡᠯᠭᠡᠭᠦᠷ ᠲᠡᠢᠰᠢ ᠪᠠᠢᠷᠢᠯᠠᠭᠤᠯᠵᠤ᠂ 《ᠰᠢᠶᠠᠨ᠎ᠳᠤ ᠠᠵᠤ ᠤᠢᠯᠡᠰ᠎ᠦᠨ ᠬᠦᠷᠢᠶᠡᠯᠡᠩ᠎ᠲᠡᠶ᠂ ᠰᠢᠶᠠᠩ᠎ᠳᠤ ᠵᠢᠱ᠌ᠢᠶ᠎ᠡ ᠦᠵᠡᠭᠦᠯᠬᠦ᠌ ᠬᠦᠯᠡᠮᠵᠢ᠎ᠲᠠᠶ᠂ ᠲᠣᠰᠬᠣᠨ᠎ᠳᠤ ᠲᠠᠷᠢᠮᠠᠯ᠎ᠤᠨ ᠴᠡᠭ᠎ᠲᠡᠶ》 ᠪᠥᠬᠥ᠌ ᠣᠷᠣᠨ ᠪᠦᠰᠡ᠎ᠶᠢᠨ ᠬᠥᠭᠵᠢᠯᠲᠡ᠎ᠶᠢᠨ ᠪᠠᠶ᠋ᠢᠷᠢᠰᠢᠯ᠎ᠢ ᠪᠦᠷᠢᠯᠳᠦᠭᠦᠯᠵᠡᠶ᠃

ᠰᠢᠩ ᠾᠧ ᠰᠢᠶᠠᠨ᠎ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠲᠣᠪᠴᠢᠶᠠᠨ᠎ᠤ ᠳᠠᠷᠤᠭ᠎ᠠ ᠾᠧᠦ ᡁᠢ ᠶᠦᠩ᠄ 《ᠲᠦᠬᠦᠭᠡᠷᠤᠮᠵᠢᠳᠤ ᠲᠠᠷᠢᠶᠠᠯᠠᠩ ᠪᠣᠯ ᠰᠢᠩ ᠾᠧ ᠰᠢᠶᠠᠨ᠎ᠤ ᠲᠠᠷᠢᠶᠠᠯᠠᠩ᠎ᠤᠨ ᠣᠳᠣᠬᠢᠴᠢᠯᠠᠯᠲᠠ᠎ᠶᠢ ᠠᠬᠢᠭᠤᠯᠬᠤ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠬᠦ᠌ ᠵᠠᠩᠭᠢᠯᠠᠭ᠎ᠠ᠎ᠶᠢᠨ ᠠᠷᠭ᠎ᠠ ᠵᠠᠮ ᠪᠤᠯᠤᠨ᠎ᠠ᠃ ᠪᠢᠳᠡ ᠡᠬᠢ ᠪᠠᠶᠠᠯᠢᠭ᠎ᠤᠨ ᠳᠠᠪᠠᠭᠤᠯᠢᠭ᠎ᠲᠠᠭᠠᠨ ᠰᠠᠭᠤᠷᠢᠯᠠᠵᠤ᠂ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠢᠶᠡᠷ ᠬᠦᠴᠦᠨ ᠨᠡᠮᠠᠷᠢᠯᠡᠵᠤ᠂ ᠬᠡᠪ ᠵᠠᠭᠪᠤᠷ᠎ᠤᠨ ᠰᠢᠨ᠎ᠡ᠎ᠶᠢ ᠡᠭᠦᠳᠬᠦ᠌᠂ ᠲᠥᠷᠥᠯ ᠲᠡᠮᠳᠡᠭ᠎ᠢᠶᠡᠷ ᠬᠥᠲᠥᠯᠥᠨ ᠳᠠᠭᠠᠭᠤᠯᠬᠤ᠎ᠶᠢ ᠪᠠᠷᠢᠮᠲᠠᠯᠠᠵᠤ᠂ ᠲᠥᠬᠦᠭᠡᠷᠦᠮᠵᠢᠲᠦ᠍ ᠲᠠᠷᠢᠶᠠᠯᠠᠩ᠎ᠤᠨ ᠬᠡᠪᠴᠢᠶ᠎ᠡ᠎ᠶᠢ ᠲᠠᠰᠤᠷᠠᠯᠲᠠ ᠥᠬᠡᠶ ᠥᠷᠭᠡᠳᠬᠡᠵᠦ᠍᠂ ᠬᠥᠭᠵᠢᠯᠲᠡ᠎ᠶᠢᠨ ᠶᠠᠰᠤ ᠴᠢᠨᠠᠷ ᠦᠷ᠎ᠡ ᠠᠰᠢᠭ᠎ᠢ ᠳᠡᠭᠡᠭᠰᠢᠯᠡᠭᠦᠯᠵᠦ᠍᠂ ᠪᠥᠬᠥ᠌ ᠰᠢᠶᠠᠨ᠎ᠤ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠶᠠᠰᠤ ᠴᠢᠨᠠᠷ᠎ᠢ ᠳᠡᠭᠡᠭᠰᠢᠯᠡᠭᠦᠯᠵᠦ᠍ ᠦᠷ᠎ᠡ ᠠᠰᠢᠭ᠎ᠢ ᠨᠡᠮᠡᠭᠳᠡᠭᠦᠯᠬᠦ᠌᠎ᠳᠦ ᠤᠳᠠᠭᠠᠨ ᠳᠠᠭᠠᠭᠠᠮᠠᠭᠠᠶ ᠬᠥᠳᠡᠯᠭᠡᠬᠦ᠌ ᠬᠦᠴᠦᠨ ᠨᠡᠮᠡᠷᠢᠯᠡᠨ᠎ᠡ》 ᠭᠡᠵᠦ᠍ ᠰᠤᠷᠪᠤᠯᠵᠢᠯᠠᠭᠴᠢ᠎ᠳᠤ ᠶᠠᠷᠢᠬᠰᠠᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号