ᠮᠡᠯᠡᠬᠡᠢᠳᠥ ᠪᠠᠯᠭᠠᠰᠤᠨ᠎ᠤ ᠪᠠᠷᠠᠭᠤᠨ ᠮᠡᠯᠡᠬᠡᠢᠳᠥ ᠲᠣᠰᠬᠣᠨ᠎ᠦ ᠭᠢᠨ ᠪᠤᠭᠤᠳᠠᠢ ᠪᠠᠨ ᠬᠠᠳᠤᠨ ᠬᠤᠷᠢᠶᠠᠨ᠎ᠠ
2026-07-22 10:10:49
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆


a0377e61-5291-49cb-ae44-48fcec14f6b5.png


7 ᠰᠠᠷ᠎ᠠ᠎ᠶᠢᠨ 15᠎ᠤ᠋ ᠡᠳᠦᠷ᠂ ᠲᠦᠩᠯᠢᠶᠣᠣ ᠬᠤᠳᠠ᠎ᠶᠢᠨ ᠬᠣᠷᠴᠢᠨ ᠲᠣᠭᠣᠷᠢᠭ᠋᠎ᠤᠨ ᠮᠡᠯᠡᠬᠡᠢᠳᠥ ᠪᠠᠯᠭᠠᠰᠤᠨ᠎ᠤ ᠪᠠᠷᠠᠭᠤᠨ ᠮᠡᠯᠡᠬᠡᠢᠳᠥ ᠲᠣᠰᠬᠣᠨ᠎ᠦ ᠭᠢᠨ ᠡᠷᠳᠡᠨᠢ ᠰᠢᠰᠢ ᠵᠢᠨ ᠲᠠᠷᠢᠶᠠᠨ ᠳᠤᠮᠳᠠ ᠠᠯᠠᠬᠯᠠᠨ ᠲᠠᠷᠢᠬᠰᠠᠨ ᠪᠤᠭᠤᠳᠠᠢ ᠪᠠᠨ ᠬᠠᠳᠤᠨ ᠬᠤᠷᠢᠶᠠᠵᠦ ᠪᠠᠢᠯ᠎ᠠ᠃ ᠡᠨᠡ ᠵᠢᠯ ᠪᠠᠷᠠᠭᠤᠨ ᠮᠡᠯᠡᠬᠡᠢᠳᠥ ᠲᠣᠰᠬᠣᠨ 3200 ᠮᠦ᠍ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠢ ᠡᠷᠭᠢᠯᠲᠡ᠎ᠳᠦ ᠣᠷᠣᠭᠤᠯᠵᠤ᠂ ᠠᠩᠬ᠎ᠠ ᠤᠳᠠᠭ᠎ᠠ 《ᠪᠤᠭᠤᠳᠠᠢ + ᠡᠷᠳᠡᠨᠢ ᠰᠢᠰᠢ + ᠰᠢᠷ᠎ᠠ ᠪᠤᠷᠴᠠᠭ》 ᠭᠡᠬᠦ ᠨᠢᠭᠡ ᠳᠠᠷᠢᠶᠠᠨ ᠭᠠᠵᠠᠷ ᠡᠴᠡ ᠭᠤᠷᠪᠠᠨᠲᠠ ᠬᠤᠷᠢᠶᠠᠬᠤ ᠲᠠᠷᠢᠮᠠᠯ᠎ᠤᠨ ᠵᠠᠭᠪᠤᠷ᠎ᠢ ᠲᠤᠷᠰᠢᠵᠤ ᠬᠡᠷᠡᠭᠵᠢᠭᠦᠯᠦᠨ᠂ ᠪᠤᠭᠤᠳᠠᠢ ᠪᠠᠨ ᠬᠠᠳᠤᠭᠰᠠᠨ᠎ᠤ ᠳᠠᠷᠠᠭ᠎ᠠ ᠳᠠᠷᠤᠢᠬᠠᠨ ᠰᠢᠷ᠎ᠠ ᠪᠤᠷᠴᠠᠭ ᠲᠠᠷᠢᠵᠦ᠂ ᠨᠢᠭᠡ ᠲᠠᠷᠢᠶᠠᠨ ᠭᠠᠵᠠᠷ ᠡᠴᠡ ᠭᠤᠷᠪᠠᠨ ᠤᠷᠤᠯᠭ᠎ᠠ ᠡᠭᠥᠳᠬᠥ ᠵᠢ ᠰᠥᠪᠡᠭᠴᠢᠯᠡᠵᠤ ᠪᠤᠢ᠃ ᠲᠥᠰᠥᠭᠡᠯᠡᠨ ᠪᠤᠳᠤᠭᠰᠠᠨ᠎ᠢᠶᠠᠷ᠂ ᠲᠣᠰ ᠵᠠᠭᠪᠤᠷ᠎ᠢ ᠬᠡᠷᠡᠭᠵᠢᠭᠦᠯᠦᠭᠰᠡᠨ᠎ᠦ ᠳᠠᠷᠠᠭ᠎ᠠ ᠨᠢᠭᠡ ᠮᠦ᠍ ᠲᠠᠷᠢᠶᠨᠨ᠎ᠭᠠᠵᠠᠷ ᠡᠴᠡ ᠪᠠᠷᠤᠭ 1800 ᠵᠢᠩ ᠡᠷᠳᠡᠨᠢ ᠰᠢᠰᠢ᠂ 700 ᠵᠢᠩ ᠪᠤᠭᠤᠳᠠᠢ᠂ 200 ᠵᠢᠩ ᠡᠴᠡ ᠳᠡᠭᠡᠭᠰᠢ᠎ᠰᠢᠷ᠎ᠠ ᠪᠤᠷᠴᠠᠭ ᠬᠤᠷᠢᠶᠠᠬᠤ ᠪᠤᠯᠤᠨ᠎ᠠ᠃

ᠰᠤᠷᠪᠤᠯᠵᠢᠯᠠᠭ᠍ᠴᠢ  ᠪᠦᠦ ᠴᠢᠩ ᠱᠧᠩ  ᠰᠡᠭᠥᠳᠡᠷᠯᠡᠪᠡ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号