ᠬᠦᠬᠡᠡᠡᠤᠳᠠ ᠪᠤᠭᠤᠳᠤ ᠬᠤᠳᠠ ᠵᠢᠨ ᠪᠠᠢᠴᠠᠭᠠᠬᠤ ᠬᠤᠷᠢᠶ᠎ᠠ ᠬᠠᠮᠳᠤᠷᠠᠨ ᠮᠡᠳᠡᠯᠬᠡ ᠵᠢᠨ ᠦᠮᠴᠢᠯᠡᠯ ᠤ᠋ᠨ ᠡᠷᠬᠡ ᠵᠢᠨ ᠬᠡᠷᠡᠭ ᠤ᠋ᠨ ᠡᠷᠬᠡᠳᠦ ᠬᠦᠮᠦᠰ ᠤ᠋ᠨ ᠨᠡᠷᠡᠰ᠎ᠢ ᠲᠠᠷᠤᠮᠠᠯᠯᠠᠨ ᠲᠠᠷᠬᠠᠭᠠᠵᠠᠢ
2026-07-22 15:35:55
ᠵᠣᠬᠢᠶᠠᠭ᠍ᠴᠢ᠄
ᠰᠢᠨᠡᠪᠢᠯᠢᠭ
ᠣᠩᠱᠢᠭ᠍ᠰᠠᠨ ᠣᠳᠠᠭ᠎ᠠ᠄
★★★☆☆

ᠣᠶ᠋ᠢᠷ᠎ᠠ᠎ᠳᠤ᠂ ᠬᠥᠬᠡᠡᠡᠣᠲᠠ ᠪᠠ ᠪᠤᠭᠤᠲᠤ᠌ ᠬᠣᠲᠠ᠎ᠶᠢᠨ ᠠᠷᠠᠳ ᠤ᠋ᠨ ᠪᠠᠶ᠋ᠢᠴᠠᠭᠠᠬᠤ ᠬᠣᠷᠢᠶ᠎ᠠ᠂ ᠳᠣᠲᠣᠭᠠᠳᠤ᠎ᠶᠢ ᠬᠠᠮᠠᠭᠠᠯᠠᠬᠤ ᠲᠣᠪᠴᠢᠶ᠎ᠠ᠂ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶᠢᠨ ᠲᠣᠪᠴᠢᠶ᠎ᠠ ᠬᠠᠮᠲᠤᠷᠠᠨ 《ᠬᠥᠬᠡᠡᠡᠣᠲᠠ ᠪᠤᠭᠤᠲᠤ᠌ ᠬᠣᠲᠠ᠎ᠶᠢᠨ ᠮᠡᠳᠡᠯᠭᠡ᠎ᠶᠢᠨ ᠦᠮᠴᠢᠯᠡᠯ ᠤ᠋ᠨ ᠡᠷᠬᠡ᠎ᠶᠢᠨ ᠬᠡᠷᠡᠭ᠎ᠦᠨ ᠡᠷᠬᠡᠲᠦ᠍ ᠬᠦᠮᠦᠰ ᠤ᠋ᠨ ᠨᠡᠷᠡᠰ》 ᠢ᠋ ᠳᠠᠷᠤᠮᠠᠯᠯᠠᠨ ᠲᠠᠷᠬᠠᠭᠠᠪᠠ᠃ ᠲᠣᠰ ᠨᠡᠷᠡᠰ ᠨᠢ ᠬᠣᠶᠠᠷ ᠭᠠᠵᠠᠷ᠎ᠤᠨ ᠭᠤᠤᠯ ᠪᠣᠯᠬᠤ ᠲᠠᠸᠠᠷ᠎ᠤᠨ ᠲᠡᠮᠳᠡᠭ᠎ᠦᠨ ᠡᠬᠢ ᠪᠠᠶᠠᠯᠢᠭ᠎ᠢ ᠡᠮᠬᠢᠯᠡᠵᠦ᠍᠂ ᠨᠡᠶ᠋ᠢᠲᠡ 567 ᠬᠤᠪᠢ ᠲᠠᠸᠠᠷ᠎ᠤᠨ ᠲᠡᠮᠳᠡᠭ᠎ᠦᠨ ᠮᠡᠳᠡᠭᠡ ᠵᠠᠩᠭᠢ᠎ᠶᠢ ᠬᠣᠷᠢᠶᠠᠨ ᠡᠮᠬᠢᠳᠬᠡᠵᠦ᠂ 95 ᠡᠷᠬᠡᠲᠦ᠍ ᠬᠥᠮᠦᠨ᠎ᠳᠦ ᠬᠣᠯᠪᠣᠭᠳᠠᠵᠠᠶ᠃ ᠲᠤᠰ ᠨᠡᠷᠡᠰ ᠲᠦ᠍ ᠲᠠᠸᠠᠷ᠎ᠤᠨ ᠲᠡᠮᠳᠡᠭ᠎ᠦᠨ ᠳᠠᠩᠰᠠᠯᠠᠭᠤᠯᠤᠭᠰᠠᠨ ᠦᠨᠡᠮᠯᠡᠯ᠎ᠦᠨ ᠳ᠋ᠤᠭᠠᠷ᠂ ᠬᠡᠷᠡᠭᠯᠡᠬᠦ᠌ ᠲᠠᠸᠠᠷ᠎ᠤᠨ ᠲᠥᠷᠥᠯ ᠢᠯᠭᠠᠯ᠂ ᠳᠠᠩᠰᠠᠯᠠᠭᠤᠯᠤᠭᠰᠠᠨ ᠡᠳᠦᠷ ᠬᠤᠭᠤᠴᠠᠭ᠎ᠠ ᠵᠢᠴᠢ ᠬᠦᠴᠦᠨ᠎ᠲᠡᠶ ᠬᠤᠭᠤᠴᠠᠭ᠎ᠠ ᠵᠡᠷᠭᠡ ᠵᠠᠩᠭᠢᠯᠠᠭ᠎ᠠ᠎ᠶᠢᠨ ᠬᠠᠤᠯᠢ ᠴᠠᠭᠠᠵᠠ᠎ᠶᠢᠨ ᠮᠡᠳᠡᠭᠡ ᠵᠠᠩᠭᠢ᠎ᠶᠢ ᠨᠠᠷᠢᠨ ᠲᠣᠳᠣᠷᠬᠠᠶ ᠵᠢᠭᠰᠠᠭᠠᠭᠰᠠᠨ ᠪᠥᠭᠡᠳ ᠡᠷᠬᠡᠲᠦ᠍ ᠬᠥᠮᠦᠨ᠎ᠦ ᠬᠠᠷᠢᠯᠴᠠᠬᠤ ᠠᠷᠭ᠎ᠠ ᠮᠠᠶᠢᠭ᠂ ᠬᠠᠶᠢᠭ ᠵᠡᠷᠭᠡ  ᠵᠢ ᠡᠮᠬᠢᠯᠡᠨ ᠤᠷᠤᠭᠤᠯᠪᠠ᠃

ᠲᠣᠰ ᠤᠳᠠᠭ᠎ᠠ ᠣᠷᠣᠨ ᠪᠦᠰᠡ᠂ ᠰᠠᠯᠠᠭ᠎ᠠ ᠮᠥᠴᠢᠷ ᠠᠯᠤᠰᠯᠠᠨ ᠬᠤᠯᠪᠤᠭᠠᠯᠠᠨ ᠬᠦᠳᠡᠯᠦᠯᠴᠡᠵᠦ ᠬᠠᠮᠳᠤᠷᠠᠨ ᠠᠵᠢᠯᠯᠠᠵᠦ ᠲᠤᠰ ᠨᠡᠷᠡᠰ᠎ᠢ  ᠭᠠᠷᠭᠠᠬᠰᠠᠨ ᠶᠠᠪᠤᠳᠠᠯ ᠪᠤᠯ  ᠬᠥᠬᠡᠡᠡᠣᠲᠠ᠂ ᠪᠤᠭᠤᠲᠤ᠌ ᠬᠣᠶᠠᠷ ᠭᠠᠵᠠᠷ᠎ᠤᠨ 《ᠬᠣᠲᠠᠴᠢᠯᠠᠯᠳᠠ》 ᠵᠢᠨ ᠬᠥᠭᠵᠢᠯᠲᠡ᠎ᠶᠢᠨ ᠪᠠᠶ᠋ᠢᠯᠳᠤᠬᠤ ᠪᠣᠳᠣᠯᠭ᠎ᠠ᠎ᠶᠢ ᠨᠠᠶ᠋ᠢᠳᠠᠪᠤᠷᠢᠵᠢᠭᠤᠯᠵᠤ᠂ ᠮᠡᠳᠡᠯᠭᠡ᠎ᠶᠢᠨ ᠦᠮᠴᠢᠯᠡᠯ ᠤ᠋ᠨ ᠡᠷᠬᠡ᠎ᠶᠢ ᠶᠡᠷᠦᠩᠬᠡᠶ᠋ᠢᠯᠡᠨ ᠬᠠᠮᠠᠭᠠᠯᠠᠬᠤ ᠲᠣᠭᠲᠠᠴᠠ᠎ᠶᠢᠨ ᠰᠢᠨ᠎ᠡ᠎ᠶᠢ ᠡᠭᠦᠳᠬᠦ᠌᠎ᠶᠢ ᠠᠬᠢᠭᠤᠯᠤᠬᠰᠠᠨ ᠪᠣᠳᠠᠲᠠᠶ᠎ᠶᠢ ᠡᠷᠬᠢᠮᠯᠡᠭᠰᠡᠨ ᠠᠷᠭ᠎ᠠ ᠬᠡᠮᠵᠢᠶ᠎ᠡ ᠪᠣᠯᠤᠨ᠎ᠠ᠃ ᠮᠡᠳᠡᠯᠭᠡ᠎ᠶᠢᠨ ᠦᠮᠴᠢᠯᠡᠯ ᠤ᠋ᠨ ᠡᠷᠬᠡ᠎ᠶᠢ ᠬᠠᠮᠠᠭᠠᠯᠠᠬᠤ ᠣᠷᠣᠨ ᠪᠦᠰᠡ ᠠᠯᠤᠰᠯᠠᠨ ᠬᠡᠷᠡᠭ ᠰᠢᠢᠳᠪᠦᠷᠢᠯᠡᠬᠦ ᠬᠠᠮᠵᠢᠯᠴᠠᠭ᠎ᠠ᠎ᠶᠢᠨ ᠳᠤᠮᠳᠠᠬᠢ ᠲᠦᠭᠵᠢᠷᠡᠯ ᠲᠠᠢ ᠬᠦᠴᠢᠷ ᠠᠰᠠᠭᠤᠳᠠᠯ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠪᠠᠷᠢᠮᠵᠢᠶᠠᠵᠢᠭᠰᠠᠨ᠂ ᠵᠢᠷᠤᠮᠵᠢᠭᠰᠠᠨ ᠨᠢᠭᠡᠳᠦᠯᠲᠡᠶ ᠡᠷᠬᠡᠲᠦ᠍ ᠬᠥᠮᠦᠨ᠎ᠦ ᠨᠡᠷᠡᠰ᠎ᠲᠦ᠍ ᠲᠦᠰᠢᠭᠯᠡᠨ᠂ ᠬᠣᠶᠠᠷ ᠭᠠᠵᠠᠷ᠎ᠤᠨ ᠰᠠᠯᠠᠭ᠎ᠠ ᠮᠥᠴᠢᠷ᠎ᠦᠨ ᠬᠣᠭᠣᠷᠣᠨᠳᠣᠬᠢ ᠮᠡᠳᠡᠭᠡ ᠵᠠᠩᠭᠢ᠎ᠶᠢ ᠬᠠᠮᠲᠤ᠎ᠪᠠᠷ ᠡᠳ᠋ᠯᠡᠬᠦ᠂ ᠰᠦᠪᠡᠭᠴᠢ᠎ᠶᠢ ᠬᠠᠷᠢᠯᠴᠠᠨ ᠨᠡᠪᠲᠡᠷᠡᠭᠦᠯᠬᠦ᠌᠂ ᠬᠡᠷᠡᠭ ᠰᠢᠢᠳᠪᠦᠷᠢᠯᠡᠬᠦ ᠳ᠋ᠸ᠋ ᠬᠠᠷᠢᠯᠴᠠᠨ ᠬᠠᠪᠰᠤᠷᠤᠯᠴᠠᠬᠤ ᠵᠠᠮ᠎ᠢ ᠬᠦᠴᠦᠯᠡᠨ ᠨᠡᠪᠲᠡᠷᠡᠭᠦᠯᠵᠦ᠍᠂ ᠣᠷᠣᠨ ᠪᠦᠰᠡ ᠠᠯᠤᠰᠯᠠᠭᠰᠠᠨ ᠮᠡᠳᠡᠯᠭᠡ᠎ᠶᠢᠨ ᠦᠮᠴᠢᠯᠡᠯ ᠤ᠋ᠨ ᠡᠷᠬᠡ᠎ᠶᠢᠨ ᠬᠡᠷᠡᠭ᠎ᠲᠦ᠍ ᠣᠷᠣᠰᠢᠵᠤ ᠪᠠᠶ᠋ᠢᠭ᠎ᠠ ᠬᠠᠮᠵᠢᠯᠴᠠᠨ ᠪᠠᠶ᠋ᠢᠴᠠᠭᠠᠬᠤ ᠨᠢ ᠤᠳᠠᠭᠠᠨ᠂ ᠡᠷᠬᠡ᠎ᠪᠡᠨ ᠬᠠᠮᠠᠭᠠᠯᠠᠬᠤ᠎ᠳᠤ ᠬᠦᠴᠢᠷᠲᠡᠶ᠂ ᠬᠠᠮᠠᠭᠠᠯᠠᠯᠲᠠ ᠨᠢ ᠲᠡᠩᠴᠡᠭᠦᠷᠢ ᠥᠬᠡᠶ ᠵᠡᠷᠭᠡ ᠠᠰᠠᠭᠤᠳᠠᠯ᠎ᠢ ᠰᠢᠢᠳᠪᠦᠷᠢᠯᠡᠬᠦ ᠳ᠋ᠸ᠋ ᠰᠢᠨ᠎ᠡ ᠰᠡᠳᠬᠢᠴᠡ ᠬᠠᠩᠭᠠᠬᠰᠠᠨ ᠪᠠᠢᠨ᠎ᠠ᠃

ᠤᠢᠯᠠᠭᠠᠬᠰᠠᠨ ᠵᠢᠡᠷ᠂ ᠬᠤᠢᠰᠢᠳᠠ ᠬᠣᠶᠠᠷ ᠭᠠᠵᠠᠷ᠎ᠤᠨ ᠬᠠᠮᠢᠶ᠎ᠠ ᠪᠥᠬᠥᠶ ᠰᠠᠯᠠᠭ᠎ᠠ ᠮᠥᠴᠢᠷ ᠨᠢ ᠬᠠᠤᠯᠢ ᠬᠡᠷᠡᠭᠵᠢᠭᠦᠯᠬᠦ᠌ ᠪᠠ ᠬᠣᠲᠠ ᠠᠯᠤᠰᠯᠠᠨ ᠬᠣᠯᠪᠣᠭᠠᠯᠠᠨ ᠬᠥᠳᠡᠯᠦᠯᠴᠡᠬᠦ᠌᠎ᠶᠢ ᠦᠷᠭᠦᠯᠵᠢᠯᠡᠨ ᠭᠦᠨᠵᠡᠭᠡᠶ᠋ᠢᠷᠡᠭᠦᠯᠵᠦ᠍᠂ ᠮᠡᠳᠡᠯᠭᠡ᠎ᠶᠢᠨ ᠥᠮᠴᠢᠯᠡᠯ᠎ᠦᠨ ᠡᠷᠬᠡ᠎ᠶᠢ ᠬᠠᠮᠠᠭᠠᠯᠠᠬᠤ ᠬᠠᠮᠲᠤᠷᠠᠯ ᠬᠦᠴᠦᠨ᠎ᠢ ᠲᠠᠰᠤᠷᠠᠯᠲᠠ ᠥᠬᠡᠶ ᠳᠡᠭᠡᠭᠰᠢᠯᠡᠭᠦᠯᠵᠦ᠍᠂ ᠦᠪᠦᠷ ᠮᠤᠩᠭᠤᠯ ᠤ᠋ᠨ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠦᠷᠭᠦᠯᠵᠢᠯᠡᠨ ᠰᠢᠯᠢᠳᠡᠭᠵᠢᠭᠦᠯᠬᠦ᠌᠎ᠳᠦ ᠨᠠᠩ ᠰᠠᠶ᠋ᠢᠲᠤᠷ ᠦᠢᠯᠡᠴᠢᠯᠡᠬᠦ ᠪᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号