ᠠᠷᠤ ᠬᠣᠷᠴᠢᠨ ᠬᠣᠰᠢᠭᠤᠨ᠎ᠤ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠶ᠋ᠢᠩᠭᠤ᠎ᠶᠢᠨ ᠬᠣᠷᠢᠶ᠎ᠠ 《ᠳᠥᠷᠪᠡᠨ ᠲᠠᠯ᠎ᠠ᠎ᠪᠠᠷ ᠬᠦᠴᠦᠯᠡᠵᠦ》 ᠲᠥᠷᠥᠯ ᠵᠦᠢᠯ ᠤ᠋ᠨ ᠨᠠᠢᠳᠠᠪᠤᠷᠢᠵᠢᠭᠤᠯᠤᠯᠳᠠ᠎ᠶᠢ ᠠᠬᠢᠭᠤᠯᠵᠦ ᠪᠣᠢ
2026-07-22 10:06:42
ᠵᠣᠬᠢᠶᠠᠭ᠍ᠴᠢ᠄
ᠴᠡᠩᠭᠡᠯ ᠰᠦᠨ ᠸᠸᠨ ᠶᠢᠩ
ᠣᠩᠱᠢᠭ᠍ᠰᠠᠨ ᠣᠳᠠᠭ᠎ᠠ᠄
★★★☆☆

ᠤᠢ᠍ᠢᠷ᠎ᠠ᠎ᠶᠢᠨ ᠵᠢᠯ᠎ᠡᠴᠡ ᠨᠠᠭᠠᠰᠢ᠂ ᠠᠷᠤ ᠬᠣᠷᠴᠢᠨ ᠬᠣᠰᠢᠭᠤᠨ᠎ᠤ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠶ᠋ᠢᠩᠭᠤ᠎ᠶᠢᠨ ᠬᠣᠷᠢᠶ᠎ᠠ ᠨᠢ ᠠᠷᠠᠳ᠎ᠤᠨ ᠠᠮᠢᠳᠤᠷᠠᠯ᠎ᠳᠤ ᠠᠩᠬᠠᠷᠤᠯ᠎ᠢᠶᠠᠨ ᠲᠥᠪᠯᠡᠷᠡᠭᠦᠯᠦᠨ 《ᠰᠡᠳᠦᠪ ᠳᠤᠷᠠᠳᠬᠤ᠂ ᠪᠢᠯᠧᠲ᠎ᠢᠶᠡᠷ ᠪᠠᠳᠤᠯᠠᠬᠤ᠂ ᠳᠠᠭᠠᠭᠤᠯᠤᠨ ᠪᠡᠶᠡᠯᠡᠬᠦᠯᠬᠦ᠂ ᠦᠷ᠎ᠡ ᠪᠦᠳᠦᠮᠵᠢ᠎ᠶᠢ ᠰᠢᠯᠭᠠᠬᠤ》 ᠲᠦᠷᠪᠡᠨ ᠳᠠᠯ᠎ᠠ ᠪᠠᠷ ᠬᠦᠴᠦᠯᠡᠬᠦ ᠠᠷᠭ᠎ᠠ᠎ᠶᠢ ᠰᠢᠨᠡᠴᠢᠯᠡᠨ ᠬᠡᠷᠡᠭᠵᠢᠬᠦᠯᠵᠦ᠂ ᠠᠷᠠᠳ᠎ᠤᠨ ᠰᠠᠨᠠᠯ᠎ᠢ ᠣᠢᠯᠠᠭᠠᠬᠣ᠂ ᠲᠦᠷᠦᠯ ᠵᠦᠢᠯ᠎ᠢ ᠲᠣᠬᠲᠠᠭᠠᠬᠣ᠂ ᠨᠠᠢᠲᠠᠪᠣᠷᠢᠵᠢᠭᠣᠯᠣᠯᠲᠠ᠎ᠶᠢ ᠠᠬᠢᠭᠣᠯᠬᠣ ᠬᠢᠨᠠᠯᠲᠠ ᠲᠠᠯᠪᠢᠵᠦ ᠦᠷ᠎ᠡ ᠪᠦᠲᠦᠮᠵᠢ᠎ᠶᠢ ᠠᠰᠠᠭᠣᠬᠣ ᠪᠦᠬᠦ ᠬᠡᠯᠬᠢᠶᠡᠵᠢᠯ ᠤ᠋ᠨ ᠪᠢᠲᠡᠭᠦᠦ ᠭᠣᠭᠴᠣᠭ᠎ᠠ᠎ᠶᠢ ᠪᠠᠢᠭᠤᠯᠵᠦ᠂ ᠠᠷᠠᠳ᠎ᠤᠨ ᠠᠮᠢᠲᠣᠷᠠᠯ᠎ᠤᠨ ᠪᠣᠲᠠᠲᠣ ᠶᠠᠪᠣᠲᠠᠯ᠎ᠤᠨ ᠲᠦᠷᠦᠯ ᠵᠦᠢᠯ᠎ᠤᠨ ᠨᠠᠢᠲᠠᠪᠣᠷᠢᠵᠢᠭᠣᠯᠣᠯᠲᠠ᠎ᠶᠢ ᠠᠬᠢᠭᠣᠯᠵᠦ ᠪᠣᠢ᠃

ᠠᠷᠣ ᠬᠣᠷᠴᠢᠨ ᠬᠣᠰᠢᠭᠣᠨ᠎ᠤ ᠠᠷᠠᠳ᠎ᠤᠨ ᠲᠦᠯᠦᠭᠡᠯᠡᠭᠴᠢᠳ᠎ᠤᠨ ᠶᠡᠬᠡ ᠬᠣᠷᠠᠯ᠎ᠤᠨ ᠪᠠᠢᠩᠭᠣ᠎ᠶᠢᠨ ᠬᠣᠷᠢᠶ᠎ᠠ ᠨᠢ ᠡᠩ ᠲᠡᠷᠢᠬᠦᠨ ᠳ᠋ᠦ ᠠᠷᠠᠳ ᠣᠯᠠᠨ᠎ᠤ ᠰᠠᠨᠠᠯ ᠪᠣᠲᠣᠯ᠎ᠢ ᠴᠣᠬᠯᠠᠭᠣᠯᠬᠣ᠎ᠶᠢ ᠠᠷᠠᠳ᠎ᠤᠨ ᠠᠮᠢᠲᠣᠷᠠᠯ᠎ᠤᠨ ᠪᠣᠲᠠᠲᠣ ᠶᠠᠪᠣᠲᠠᠯ᠎ᠤᠨ ᠲᠦᠷᠦᠯ ᠵᠦᠢᠯ᠎ᠤᠨ ᠡᠬᠢᠯᠡᠯᠲᠡ ᠪᠣᠯᠭᠠᠬᠣ᠎ᠶᠢ ᠪᠠᠷᠢᠮᠲᠠᠯᠠᠵᠦ᠂ ᠣᠯᠠᠨ ᠲᠦᠮᠡᠨ 《ᠰᠡᠳᠦᠪ ᠳᠤᠷᠠᠳᠴᠤ》 ᠴᠢᠭᠯᠡᠯ᠎ᠢ ᠳᠤᠭᠳᠠᠭᠠᠪᠠ; ᠣᠯᠠᠨ ᠠᠷᠭ᠎ᠠ ᠵᠠᠮ᠎ᠢᠶᠠᠷ ᠣᠯᠠᠨ ᠲᠦᠮᠡᠨ᠎ᠦ ᠰᠡᠳᠬᠢᠯ᠎ᠦᠨ ᠦᠭᠡ᠎ᠶᠢ ᠪᠥᠬᠥ ᠲᠠᠯ᠎ᠠ᠎ᠪᠠᠷ ᠰᠣᠨᠣᠰᠴᠤ᠂ ᠲᠥᠷᠥᠯ ᠵᠦᠢᠯ᠎ᠦᠨ ᠰᠡᠳᠦᠪ ᠰᠣᠩᠭᠣᠬᠤ᠎ᠶᠢ ᠣᠯᠠᠨ ᠲᠦᠮᠡᠨ᠎ᠦ ᠬᠡᠷᠡᠭᠴᠡᠭᠡ ᠱᠠᠭᠠᠷᠳᠠᠯᠭ᠎ᠠ᠎ᠲᠠᠢ ᠣᠨᠣᠪᠴᠢᠲᠠᠶ ᠵᠣᠯᠭᠠᠭᠤᠯᠬᠤ᠎ᠶᠢ ᠪᠠᠲᠤᠯᠠᠪᠠ᠃ ᠲᠠᠬᠢᠪᠠᠯ ᠠᠷᠠᠳ ᠤ᠋ᠨ ᠳᠦᠯᠦᠭᠡᠯᠡᠭᠴᠢᠳ《ᠪᠢᠯᠸᠲ ᠢ᠋ᠶ᠋ᠠᠷ ᠪᠠᠳᠤᠯᠠᠵᠤ》 ᠳᠦᠷᠦᠯ ᠵᠦᠢᠯ ᠢ᠋ ᠳᠤᠭᠳᠠᠭᠠᠪᠠ; 《ᠢᠯᠡ ᠳᠤᠳᠤ᠂ ᠡᠷᠬᠡ ᠲᠡᠭᠰᠢ᠂ ᠲᠥᠪ ᠭᠤᠤᠯᠴᠢ》 ᠵᠠᠷᠴᠢᠮ᠎ᠢ ᠴᠢᠩᠭ᠎ᠠ ᠵᠢᠷᠤᠮᠯᠠᠨ᠂ ᠲᠦᠯᠦᠭᠡᠯᠡᠭᠴᠢᠳ ᠢ᠋ ᠵᠣᠬᠢᠶᠠᠨ ᠪᠠᠶ᠋ᠢᠭᠤᠯᠵᠤ ᠠᠷᠠᠳ᠎ᠤᠨ ᠠᠮᠢᠳᠤᠷᠠᠯ ᠤ᠋ᠨ ᠪᠣᠳᠠᠲᠤ ᠶᠠᠪᠤᠳᠠᠯ᠎ᠦᠨ ᠲᠥᠷᠥᠯ ᠵᠦᠢᠯ᠎ᠦᠨ ᠰᠠᠨᠠᠭᠤᠯᠭ᠎ᠠ᠎ᠶᠢᠨ ᠨᠠᠷᠢᠨ ᠬᠠᠭᠤᠳᠠᠰᠤ᠎ᠳᠤ ᠵᠥᠷᠢᠶᠡᠲᠦ ᠲᠣᠭᠠᠨ᠎ᠤ ᠪᠢᠯᠧᠲ ᠦᠭᠴᠦ᠂ ᠣᠨ᠎ᠤ ᠠᠷᠠᠳ᠎ᠤᠨ ᠠᠮᠢᠳᠤᠷᠠᠯ ᠤ᠋ᠨ ᠪᠣᠳᠠᠲᠤ ᠶᠠᠪᠤᠳᠠᠯ ᠤ᠋ᠨ ᠲᠥᠷᠥᠯ ᠵᠦᠢᠯ᠎ᠢ ᠳᠤᠭᠳᠠᠭᠠᠬᠰᠠᠨ ᠪᠠᠢᠨ᠎ᠠ᠃ ᠭᠣᠷᠪᠠᠲᠣᠭᠠᠷ ᠲᠦ᠍᠂ ᠵᠠᠰᠠᠭ ᠤ᠋ᠨ ᠣᠷᠳᠣᠨ 《ᠳᠠᠭᠠᠭᠤᠯᠤᠨ ᠪᠡᠶᠡᠯᠡᠬᠦᠯᠵᠦ》 ᠨᠠᠢᠳᠠᠪᠤᠷᠢᠵᠢᠭᠤᠯᠤᠯᠳᠠ ᠶ᠋ᠢ ᠠᠬᠢᠭᠤᠯᠪᠠ; ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ᠎ᠤᠨ ᠲᠥᠷᠥᠯ ᠵᠦᠢᠯ᠎ᠢ ᠲᠣᠭᠲᠠᠭᠠᠭᠰᠠᠨ᠎ᠤ ᠳᠠᠷᠠᠭ᠎ᠠ᠂ ᠵᠠᠰᠠᠭ᠎ᠤᠨ ᠣᠷᠳᠣᠨ᠎ᠤ ᠰᠠᠨᠠᠭᠠᠴᠢᠯᠠᠭ᠎ᠠ᠎ᠠᠴᠠ᠎ᠪᠠᠨ 《ᠳᠠᠭᠠᠭᠤᠯᠤᠨ ᠪᠡᠶᠡᠯᠡᠬᠦᠯᠬᠦ》᠎ᠶ᠋ᠢ ᠢᠳᠡᠪᠬᠢᠲᠡᠶ ᠠᠬᠢᠭᠤᠯᠵᠤ᠂ ᠵᠠᠰᠠᠭ᠎ᠤᠨ ᠣᠷᠳᠣᠨ᠎ᠤ ᠭᠤᠤᠯ ᠴᠣᠭᠴᠠ᠎ᠶᠢᠨ ᠬᠠᠷᠢᠭᠤᠴᠠᠯᠭ᠎ᠠ᠎ᠶᠢ ᠪᠣᠳᠠᠲᠠᠶ᠋ᠢᠵᠢᠭᠤᠯᠤᠨ᠂ ᠲᠥᠷᠥᠯ ᠵᠦᠢᠯ᠎ᠢ ᠥᠨᠳᠥᠷ ᠪᠦᠲᠦᠮᠵᠢᠲᠡᠶ ᠠᠬᠢᠭᠤᠯᠵᠤ᠂ ᠲᠣᠭᠲᠠᠭᠰᠠᠨ ᠬᠤᠭᠤᠴᠠᠭᠠᠨ᠎ᠳᠤ ᠨᠠᠶ᠋ᠢᠳᠠᠪᠤᠷᠢᠵᠢᠭᠤᠯᠬᠤ᠎ᠶᠢ ᠪᠠᠲᠤᠯᠠᠪᠠ᠃ ᠲᠦᠷᠪᠡᠲᠦᠭᠡᠷ ᠲᠦ᠍᠂ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ 《ᠦᠷ᠎ᠡ ᠪᠦᠳᠦᠮᠵᠢ᠎ᠶᠢ ᠰᠢᠯᠭᠠᠵᠤ》 ᠶᠠᠰᠤ ᠴᠢᠨᠠᠷ᠎ᠢ ᠪᠠᠳᠤᠯᠠᠪᠠ; 《ᠨᠢᠭᠡ ᠲᠦᠷᠦᠯ ᠵᠦᠢᠯ᠂ ᠨᠢᠭᠡ ᠲᠣᠰᠬᠠᠢ ᠡᠩᠨᠡᠭᠡ᠂ ᠨᠡᠢᠳᠡᠮ ᠮᠦᠷᠲᠡᠨ ᠲᠠᠭᠠᠬᠣ》 ᠵᠠᠷᠴᠢᠮ ᠶᠣᠰᠣᠭᠠᠷ ᠲᠦᠷᠦᠯ ᠵᠦᠢᠯ᠎ᠤᠨ ᠪᠦᠬᠦ ᠶᠠᠪᠣᠴᠠ ᠳ᠋ᠦ ᠬᠢᠨᠠᠯᠲᠠ ᠲᠠᠯᠪᠢᠵᠦ᠂ ᠲᠦᠷᠦᠯ ᠵᠦᠢᠯ ᠨᠢ ᠵᠢᠱᠶ᠋ᠭᠰᠡᠨ ᠬᠠᠷᠠᠯᠲᠠ ᠳ᠋ᠦ ᠬᠦᠷᠦᠭᠰᠡᠨ ᠡᠰᠡᠬᠦ᠂ ᠣᠯᠠᠨ ᠲᠦᠮᠡᠨ ᠰᠡᠳᠬᠢᠯ ᠬᠠᠨᠣᠮᠵᠢᠲᠠᠢ ᠪᠠᠢᠬᠣ ᠡᠰᠡᠬᠦ ᠵᠡᠷᠭᠡ ᠦᠷ᠎ᠡ ᠪᠦᠳᠦᠮᠵᠢ᠎ᠶ᠋ᠢ ᠭᠣᠣᠯᠲᠠᠯᠭ᠎ᠠ ᠲᠠᠢ ᠰᠢᠯᠭᠠᠵᠤ᠂ ᠴᠢᠩᠭ᠎ᠠ ᠬᠦᠴᠦᠲᠡᠶ ᠬᠢᠨᠠᠯᠲᠠ᠎ᠪᠠᠷ ᠲᠠᠮᠵᠢᠭᠣᠯᠣᠨ ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ᠎ᠤᠨ ᠲᠥᠷᠥᠯ ᠵᠦᠢᠯ᠎ᠦᠨ ᠶᠠᠰᠤ ᠴᠢᠨᠠᠷ ᠪᠠ ᠠᠬᠢᠴᠠ᠎ᠶᠢ ᠪᠠᠲᠤᠯᠠᠬᠰᠠᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号