ᠥᠪᠥᠷ ᠮᠣᠩᠭᠣᠯ ᠵᠤᠨ᠎ᠤ ᠠᠮᠠᠷᠠᠯᠲᠠ᠎ᠶᠢᠨ ᠬᠤᠭᠤᠴᠠᠭᠠᠨ᠎ᠤ 《ᠠᠵᠢᠯᠴᠢᠨ᠎ᠤ ᠡᠪᠯᠡᠯ ᠬᠡᠦᠬᠡᠳ ᠬᠠᠷᠠᠬᠤ》 ᠦᠢᠯᠡᠴᠢᠯᠡᠭᠡ᠎ᠶᠢ ᠡᠬᠢᠯᠡᠭᠦᠯᠪᠡ
2026-07-22 09:25:00
ᠵᠣᠬᠢᠶᠠᠭ᠍ᠴᠢ᠄
ᠬᠠᠨ ᠯᠢᠩ ᠯᠢᠩ
ᠣᠩᠱᠢᠭ᠍ᠰᠠᠨ ᠣᠳᠠᠭ᠎ᠠ᠄
★★★☆☆

7 ᠰᠠᠷ᠎ᠠ᠎ᠶᠢᠨ 20᠎ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠢ ᠡᠪᠯᠡᠯ᠎ᠡᠴᠡ ᠭᠣᠣᠯᠯᠠᠨ ᠡᠷᠭᠢᠯᠡᠵᠦ᠂ ᠬᠥᠬᠡᠬᠣᠲᠠ᠎ᠶᠢᠨ ᠠᠵᠢᠯᠴᠢᠨ᠎ᠤ ᠶᠡᠷᠦᠩᠬᠡᠢ ᠡᠪᠯᠡᠯ᠎ᠡᠴᠡ ᠳᠠᠭᠠᠭᠠᠴᠢᠯᠠᠨ ᠡᠷᠭᠢᠯᠡᠭᠰᠡᠨ 2026 ᠣᠨ᠎ᠤ ᠥᠪᠥᠷ ᠮᠣᠩᠭᠣᠯ᠎ᠤᠨ ᠠᠵᠢᠯᠴᠢᠨ᠎ᠤ ᠡᠪᠯᠡᠯ᠎ᠦᠨ ᠬᠠᠢᠷ᠎ᠠ ᠬᠠᠯᠠᠮᠵᠢᠳᠤ ᠨᠠᠢᠳᠠᠨ ᠬᠠᠮᠢᠶᠠᠷᠤᠭᠤᠯᠬᠤ ᠠᠩᠭᠢ᠎ᠶᠢᠨ ᠡᠬᠢᠯᠡᠯᠲᠡ᠎ᠶᠢᠨ ᠶᠣᠰᠣᠯᠠᠯ ᠬᠥᠬᠡᠬᠣᠲᠠ᠎ᠳᠤ ᠶᠠᠪᠤᠭᠳᠠᠵᠤ᠂ ᠪᠥᠬᠥ ᠣᠷᠣᠨ᠎ᠤ ᠡᠯ᠎ᠡ ᠠᠢᠮᠠᠭ ᠬᠣᠲᠠ ᠢ᠋ᠢᠨ ᠬᠢᠨ ᠵᠣᠨ᠎ᠤ ᠠᠮᠠᠷᠠᠯᠲᠠ᠎ᠶᠢᠨ ᠬᠤᠭᠤᠴᠠᠭᠠᠨ᠎ᠤ 《ᠠᠵᠢᠯᠴᠢᠨ᠎ᠤ ᠡᠪᠯᠡᠯ ᠬᠡᠦᠬᠡᠳ ᠬᠠᠷᠠᠬᠤ》 ᠦᠢᠯᠡᠴᠢᠯᠡᠭᠡ᠎ᠶᠢ ᠵᠡᠷᠭᠡ ᠪᠡᠷ ᠡᠬᠢᠯᠡᠭᠦᠯᠪᠡ᠃

ᠡᠬᠢᠯᠡᠯᠲᠡ᠎ᠶᠢᠨ ᠶᠣᠰᠣᠯᠠᠯ ᠳᠡᠭᠡᠷ᠎ᠡ᠂ ᠬᠦᠬᠡᠬᠤᠳᠠ ᠵᠢᠨ ᠭᠦᠸᠧ ᠰᠢᠩ ᠪᠠᠭ᠎ᠠ ᠰᠤᠷᠭᠠᠭᠤᠯᠢ ᠢ᠋ᠢᠨ ᠬᠢᠨ ᠠᠵᠢᠯᠴᠢᠨ᠎ᠤ ᠡᠪᠯᠡᠯ᠎ᠦᠨ ᠲᠣᠭᠲᠠᠭᠰᠠᠨ ᠴᠡᠭ᠎ᠦᠨ ᠳᠠᠭᠠᠭᠠᠴᠢᠯᠠᠨ ᠡᠷᠬᠢᠯᠡᠬᠦ ᠰᠤᠷᠭᠠᠭᠤᠯᠢ᠎ᠶᠢᠨ ᠨᠢᠭᠡ ᠪᠤᠯᠤᠬᠰᠠᠨ᠎ᠤ ᠬᠤᠪᠢ᠎ᠪᠠᠷ ᠰᠣᠯᠢᠯᠴᠠᠬᠤ ᠦᠭᠡ ᠬᠡᠯᠡᠵᠦ᠂ ᠬᠡᠦᠬᠡᠳ᠎ᠦᠳ ᠪᠥᠵᠢᠭ᠂ ᠤᠷᠠᠨ ᠤᠩᠰᠢᠯᠭ᠎ᠠ᠂ ᠨᠠᠢᠷᠠᠯ ᠳᠠᠭᠤᠤ ᠵᠡᠷᠭᠡ ᠤᠷᠠᠨ ᠰᠠᠢᠬᠠᠨ᠎ᠤ ᠲᠣᠭᠯᠠᠯᠲᠠ ᠭᠠᠷᠭᠠᠵᠤ᠂ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠢ ᠡᠪᠯᠡᠯ᠂ ᠬᠥᠬᠡᠬᠣᠲᠠ᠎ᠶᠢᠨ ᠠᠵᠢᠯᠴᠢᠨ᠎ᠤ ᠶᠡᠷᠦᠩᠬᠡᠢ ᠡᠪᠯᠡᠯ᠎ᠡᠴᠡ ᠨᠠᠢᠳᠠᠨ ᠬᠠᠮᠢᠶᠠᠷᠤᠭᠤᠯᠬᠤ ᠰᠤᠷᠤᠭ᠍ᠴᠢᠳ᠎ᠤᠨ 30 ᠲᠥᠯᠥᠭᠡᠯᠡᠭᠴᠢ᠎ᠳᠦ ᠵᠤᠨ᠎ᠤ ᠠᠮᠠᠷᠠᠯᠲᠠ᠎ᠶᠢᠨ ᠬᠤᠭᠤᠴᠠᠭᠠᠨ᠎ᠤ ᠨᠠᠢᠳᠠᠨ ᠬᠠᠮᠢᠶᠠᠷᠤᠭᠤᠯᠬᠤ ᠪᠡᠯᠡᠭ ᠭᠠᠷᠳᠠᠭᠤᠯᠪᠠ᠃ 《ᠠᠵᠢᠯᠴᠢᠨ᠎ᠤ ᠡᠪᠯᠡᠯ᠎ᠦᠨ ᠭᠠᠷᠭᠠᠭᠰᠠᠨ ᠬᠠᠢᠷ᠎ᠠ ᠬᠠᠯᠠᠮᠵᠢᠲᠦ ᠨᠠᠢᠳᠠᠨ ᠬᠠᠮᠢᠶᠠᠷᠤᠭᠤᠯᠬᠤ ᠦᠢᠯᠡᠴᠢᠯᠡᠭᠡ ᠨᠢ ᠠᠪᠤ ᠡᠵᠢ ᠨᠢ ᠬᠤᠶᠠᠭᠤᠯᠠ ᠪᠠᠨ ᠠᠵᠢᠯ ᠲᠠᠢ ᠭᠡᠷ ᠪᠦᠯᠢ᠂ ᠰᠢᠨ᠎ᠡ ᠠᠵᠢᠯ ᠣᠯᠭᠣᠯᠲᠠ ᠶ᠋ᠢᠨ ᠬᠡᠯᠪᠡᠷᠢ ᠢ᠋ᠢᠨ ᠬᠥᠳᠡᠯᠮᠦᠷᠢᠴᠢᠨ᠎ᠦ ᠭᠡᠷ ᠪᠦᠯᠢ ᠶ᠋ᠢᠨ ᠠᠮᠠᠷᠠᠯᠲᠠ ᠶ᠋ᠢᠨ ᠬᠤᠭᠤᠴᠠᠭᠠᠨ᠎ᠤ ᠠᠰᠠᠷᠠᠨ ᠬᠠᠷᠠᠬᠤ ᠬᠦᠴᠢᠷ ᠠᠰᠠᠭᠤᠳᠠᠯ ᠢ᠋ ᠪᠦᠲᠦᠮᠵᠢᠲᠡᠶ᠎ᠪᠡᠷ ᠨᠠᠮᠳᠠᠭᠤᠯᠵᠤ᠂ ᠣᠯᠠᠨ ᠢ᠋ ᠰᠠᠨᠠᠭ᠎ᠠ ᠠᠮᠤᠷ ᠠᠵᠢᠯᠯᠠᠭᠤᠯᠵᠤ᠂ ᠭᠡᠷ᠎ᠦᠨ ᠠᠬᠠᠮᠠᠳ᠎ᠤᠨ ᠰᠠᠨᠠᠭᠠᠰᠢᠷᠠᠯ ᠢ᠋ ᠠᠷᠢᠯᠭᠠᠵᠠᠢ》 ᠬᠡᠵᠦ ᠨᠠᠢᠳᠠᠨ ᠬᠠᠮᠢᠶᠠᠷᠤᠭᠤᠯᠬᠤ ᠠᠩᠭᠢ᠎ᠶᠢᠨ ᠭᠡᠷ᠎ᠦᠨ ᠠᠬᠠᠮᠠᠳ᠎ᠤᠨ ᠲᠥᠯᠥᠭᠡᠯᠡᠭᠴᠢ ᠬᠡᠯᠡᠪᠠ᠃

ᠡᠨᠡ ᠵᠢᠯ᠂ ᠥᠪᠥᠷ ᠮᠣᠩᠭᠣᠯ᠎ᠤᠨ ᠡᠯ᠎ᠡ ᠱᠠᠲᠤᠨ᠎ᠤ ᠠᠵᠢᠯᠴᠢᠨ᠎ᠤ ᠡᠪᠯᠡᠯ ᠠᠵᠢᠯᠲᠠᠨ ᠠᠵᠢᠯᠴᠢᠨ᠎ᠤ ᠦᠷ᠎ᠡ ᠬᠡᠦᠬᠡᠳ᠎ᠦᠨ ᠠᠮᠠᠷᠠᠯᠲᠠ᠎ᠶᠢᠨ ᠬᠤᠭᠤᠴᠠᠭᠠᠨ᠎ᠤ ᠨᠠᠢᠳᠠᠨ ᠬᠠᠮᠢᠶᠠᠷᠤᠭᠤᠯᠬᠤ ᠦᠢᠯᠡᠴᠢᠯᠡᠭᠡᠨ᠎ᠦ ᠬᠠᠮᠤᠷᠬᠤ ᠬᠡᠪᠴᠢᠶ᠎ᠡ ᠵᠢ ᠨᠠᠷᠢᠯᠢᠭ᠋ ᠣᠨᠣᠴᠠᠲᠠᠢ᠎ᠪᠠᠷ ᠥᠷᠭᠡᠳᠬᠡᠵᠦ᠂ ᠠᠵᠢᠯ᠎ᠤᠨ ᠪᠠᠢᠷᠢ᠎ᠳᠤ ᠪᠠᠢᠭ᠎ᠠ ᠠᠵᠢᠯᠲᠠᠨ ᠠᠵᠢᠯᠴᠢᠨ᠎ᠤ ᠦᠷ᠎ᠡ ᠬᠡᠦᠬᠡᠳ᠎ᠲᠦ ᠦᠢᠯᠡᠴᠢᠯᠡᠭᠰᠡᠨ ᠰᠠᠭᠤᠷᠢᠨ ᠳᠡᠭᠡᠷ᠎ᠡ᠂ ᠬᠦᠴᠢᠷᠳᠡᠯ᠎ᠲᠠᠢ ᠠᠵᠢᠯᠲᠠᠨ ᠠᠵᠢᠯᠴᠢᠨ᠂ ᠬᠥᠯᠥᠰᠦᠨ ᠠᠵᠢᠯᠴᠢᠨ᠂ ᠬᠥᠳᠡᠯᠮᠦᠷᠢ᠎ᠶᠢᠨ ᠵᠢᠱ᠌ᠢᠶᠡᠴᠢ ᠤᠷᠠᠨ ᠲᠠᠷᠬᠠᠨ᠂ ᠰᠢᠨ᠎ᠡ ᠠᠵᠢᠯ ᠣᠯᠭᠣᠯᠲᠠ᠎ᠶᠢᠨ ᠬᠡᠯᠪᠡᠷᠢ᠎ᠶᠢᠨ ᠬᠥᠳᠡᠯᠮᠦᠷᠢᠴᠢᠨ ᠵᠡᠷᠭᠡ ᠬᠦᠮᠦᠰ᠎ᠤᠨ ᠦᠷ᠎ᠡ ᠬᠡᠦᠬᠡᠳ᠎ᠤᠨ ᠨᠠᠢᠳᠠᠨ ᠬᠠᠮᠢᠶᠠᠷᠤᠭᠤᠯᠬᠤ ᠬᠡᠷᠡᠭᠴᠡᠭᠡ᠎ᠳ᠋ᠤ ᠭᠣᠣᠯᠳᠠᠯᠭ᠎ᠠ᠎ᠲᠠᠢ᠎ᠬᠠᠨᠳᠤᠭᠤᠯᠵᠦ᠂ ᠠᠵᠢᠯᠲᠠᠨ ᠠᠵᠢᠯᠴᠢᠨ᠎ᠤ ᠠᠰᠠᠷᠠᠨ ᠬᠠᠷᠠᠭᠠᠯᠵᠠᠬᠤ ᠳᠠᠷᠤᠯᠲᠠ᠎ᠶᠢ ᠬᠥᠩᠭᠡᠷᠡᠭᠦᠯᠵᠦ᠂ ᠦᠷ᠎ᠡ ᠬᠡᠦᠬᠡᠳ᠎ᠢ ᠠᠮᠠᠷᠠᠯᠲᠠ᠎ᠶᠢᠨ ᠬᠤᠭᠤᠴᠠᠭᠠᠨ᠎ᠳᠤ ᠬᠠᠷᠠᠵᠤ ᠬᠠᠮᠢᠶᠠᠷᠬᠤ ᠬᠥᠮᠥᠨ ᠦᠭᠡᠢ ᠪᠠᠢᠬᠤ ᠪᠣᠳᠠᠲᠦ ᠬᠦᠴᠢᠷ ᠠᠰᠠᠭᠤᠳᠠᠯ᠎ᠢ ᠲᠣᠬᠢᠲᠠᠢ ᠰᠢᠢᠳᠪᠦᠷᠢᠯᠡᠬᠦ ᠪᠤᠯᠤᠨ᠎ᠡ᠃

ᠨᠠᠢᠳᠠᠨ ᠬᠠᠮᠢᠶᠠᠷᠤᠭᠤᠯᠬᠤ ᠦᠢᠯᠡᠴᠢᠯᠡᠭᠡᠨ᠎ᠦ ᠡᠲᠡᠭᠡᠳ ᠨᠢ ᠭᠣᠣᠯᠳᠠᠭᠤ ᠠᠵᠢᠯᠲᠠᠨ ᠠᠵᠢᠯᠴᠢᠨ᠎ᠤ 6 — 12 ᠨᠠᠰᠤᠨ᠎ᠤ ᠦᠷ᠎ᠡ ᠬᠡᠦᠬᠡᠳ ᠪᠠᠢᠵᠦ᠂ ᠨᠠᠢᠳᠠᠨ ᠬᠠᠮᠢᠶᠠᠷᠤᠭᠤᠯᠬᠤ ᠬᠢᠴᠢᠶᠡᠯ ᠨᠢ ᠪᠠᠭᠠᠴᠤᠳ ᠬᠡᠦᠬᠡᠳ᠎ᠦᠨ ᠶᠣᠰᠣ᠌ ᠮᠣᠷᠠᠯ ᠣᠶᠤᠨ ᠤᠬᠠᠭᠠᠨ ᠪᠡᠶ᠎ᠡ ᠮᠠᠬᠠᠪᠤᠳ ᠭᠤᠸ᠋᠎ᠠ ᠰᠠᠢᠬᠠᠨ ᠬᠥᠳᠡᠯᠮᠦᠷᠢ ᠵᠡᠷᠭᠡ ᠪᠦᠬᠦ ᠲᠠᠯ᠎ᠠ ᠵᠢ ᠬᠠᠮᠤᠷᠴᠤ᠂ ᠬᠤᠪᠢᠰᠬᠠᠯ᠎ᠤᠨ ᠬᠥᠮᠦᠵᠢᠯ᠂ ᠰᠢᠯᠢᠳᠡᠭ ᠤᠯᠠᠮᠵᠢᠯᠠᠯᠲᠤ ᠰᠣᠶᠣᠯ᠂ ᠰᠢᠨᠵᠢᠯᠡᠬᠦ ᠤᠬᠠᠭᠠᠨ᠎ᠢ ᠲᠦᠭᠡᠮᠡᠯᠵᠢᠭᠦᠯᠬᠦ ᠵᠡᠷᠭᠡ ᠬᠢᠴᠢᠶᠡᠯ ᠥᠷᠨᠢᠭᠦᠯᠵᠦ᠂ ᠤᠰᠤᠨ᠎ᠳᠤ ᠵᠢᠪᠬᠦ᠎ᠶᠢ ᠰᠡᠷᠭᠡᠢᠯᠡᠬᠦ᠂ ᠵᠠᠮ ᠬᠠᠷᠢᠯᠴᠠᠭᠠᠨ᠎ᠤ ᠠᠮᠤᠷ ᠲᠦᠪᠰᠢᠨ᠂ ᠭᠠᠯ ᠰᠡᠷᠬᠡᠢᠯᠡᠵᠦ ᠭᠠᠯ ᠤᠨᠲᠠᠷᠠᠭᠠᠬᠤ ᠠᠮᠤᠷ ᠲᠦᠪᠰᠢᠨ ᠵᠡᠷᠭᠡ ᠠᠮᠤᠷ ᠲᠦᠪᠰᠢᠨ᠎ᠦ ᠬᠥᠮᠦᠵᠢᠯ᠎ᠢ ᠪᠠᠢᠩᠭᠤᠵᠢᠭᠤᠯᠤᠨ ᠥᠷᠨᠢᠭᠦᠯᠦᠨ᠎ᠡ᠃ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠢ ᠡᠪᠯᠡᠯ ᠨᠢ ᠦᠢᠯᠡᠳᠦᠯ᠎ᠢᠶᠡᠨ ᠰᠠᠢᠲᠤᠷ ᠪᠠᠳᠠᠷᠠᠭᠤᠯᠤᠬᠰᠠᠨ᠂ ᠵᠢᠱ᠌ᠢᠶ᠎ᠡ ᠦᠵᠡᠭᠦᠯᠦᠨ ᠰᠠᠢᠲᠦᠷ ᠬᠥᠲᠥᠯᠥᠨ ᠳᠠᠭᠠᠭᠤᠯᠤᠬᠰᠠᠨ 30 ᠠᠮᠠᠷᠠᠯᠲᠠ᠎ᠶᠢᠨ ᠬᠤᠭᠤᠴᠠᠭᠠᠨ᠎ᠤ ᠠᠵᠢᠯᠲᠠᠨ ᠠᠵᠢᠯᠴᠢᠨ᠎ᠤ ᠦᠷ᠎ᠡ ᠬᠡᠦᠬᠡᠳ᠎ᠦᠨ ᠬᠠᠢᠷ᠎ᠠ ᠬᠠᠯᠠᠮᠵᠢᠲᠦ ᠨᠠᠢᠳᠠᠨ ᠬᠠᠮᠢᠶᠠᠷᠤᠭᠤᠯᠬᠤ ᠠᠩᠭᠢ ᠪᠦᠷᠢ᠎ᠳᠦ 3 ᠲᠦᠮᠡᠨ ᠲᠥᠭᠥᠷᠢᠭ᠎ᠦᠨ ᠲᠤᠰᠬᠠᠢ ᠨᠥᠬᠥᠪᠦᠷᠢ ᠣᠯᠭᠣᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号