ᠦᠪᠦᠷ ᠮᠤᠡᠭᠭᠤᠯ ᠤ᠋ᠨ ᠦᠪᠡᠷᠲᠡᠭᠡᠨ ᠵᠠᠰᠠᠬᠤ ᠤᠷᠤᠨ ᠤ᠋ ᠴᠠᠭ ᠠᠭᠤᠷ ᠤ᠋ᠨ ᠲᠤᠪᠴᠢᠶ᠎ᠠ ᠡᠴᠡ ᠤᠢᠯᠠᠭᠠᠭᠰᠠᠨ ᠢ᠋ᠢᠡᠷ᠂ ᠦᠶᠡᠷ ᠤ᠋ᠨ ᠬᠤᠭᠤᠴᠠᠭᠠᠨ ᠳ᠋ᠤ ᠤᠷᠤᠬᠰᠠᠨ ᠡᠴᠡ ᠨᠠᠭᠠᠰᠢ ᠦᠪᠤᠷ ᠮᠤᠩᠭᠤᠯ ᠤ᠋ᠨ ᠴᠠᠭ ᠠᠭᠤᠷ ᠤ᠋ᠨ ᠪᠠᠶ᠋ᠢᠳᠠᠯ ᠨᠠᠷᠢᠨ ᠪᠤᠳᠤᠯᠢᠶᠠᠨᠲᠠᠢ ᠪᠤᠯᠵᠤ᠂ ᠬᠤᠪᠢᠷᠠᠯᠲᠠ ᠶᠡᠬᠡᠲᠡᠢ᠂ ᠭᠡᠨᠡᠳᠲᠡ ᠢ᠋ᠢᠨ ᠴᠢᠨᠠᠷ᠂ ᠬᠡᠰᠡᠭ ᠭᠠᠵᠠᠷ ᠤ᠋ᠨ ᠴᠢᠨᠠᠷ ᠢ᠋ᠢᠡᠷ ᠴᠢᠩᠭ᠎ᠠ ᠪᠠᠢᠵᠤ᠂ ᠦᠶᠡᠷ ᠢ᠋ ᠰᠡᠷᠭᠡᠢᠯᠡᠬᠦ ᠳᠠᠷᠤᠯᠲᠠ ᠦᠷᠭᠦᠯᠵᠢᠯᠡᠨ ᠨᠡᠮᠡᠭᠳᠠᠪᠡ᠃ ᠡᠬᠦᠨ ᠳ᠋ᠤ ᠥᠪᠡᠷᠲᠡᠭᠡᠨ ᠵᠠᠰᠠᠬᠤ ᠣᠷᠣᠨ ᠤ᠋ ᠴᠠᠭ ᠠᠭᠤᠷ ᠤ᠋ᠨ ᠲᠣᠪᠴᠢᠶ᠎ᠠ ᠲᠤᠰᠬᠠᠶ ᠰᠡᠳᠦᠪᠲᠦ᠍ ᠬᠤᠷᠠᠯ ᠬᠢᠵᠤ᠂《ᠲᠤᠯᠤᠭᠠᠨ ᠰᠠᠷ᠎ᠠ ᠢ᠋ᠢᠨ ᠰᠡᠭᠦᠯᠴᠢ ᠨᠠᠶ᠋ᠮᠠᠨ ᠰᠠᠷ᠎ᠠ ᠢ᠋ᠢᠨ ᠡᠬᠢᠨ》ᠤ᠋ ᠦᠶᠡᠷ ᠢ᠋ ᠰᠡᠷᠭᠡᠶ᠋ᠢᠯᠡᠬᠦ᠌ ᠵᠠᠩᠭᠢᠯᠠᠭ᠎ᠠ ᠢ᠋ᠢᠨ ᠬᠤᠭᠤᠴᠠᠭᠠᠨ ᠳ᠋ᠡᠬᠢ ᠴᠠᠭ ᠠᠭᠤᠷ ᠤ᠋ᠨ ᠦᠢᠯᠡᠴᠢᠯᠡᠭᠡᠨ ᠤ᠋ ᠪᠠᠲᠤᠯᠠᠭ᠎ᠠ ᠢ᠋ᠢᠨ ᠠᠵᠢᠯ ᠢ᠋ ᠳᠠᠬᠢᠨᠲᠠ ᠴᠢᠡᠭᠭᠠᠳᠬᠠᠨ ᠨᠠᠷᠢᠯᠢᠭᠵᠢᠭᠤᠯᠤᠭᠰᠠᠨ ᠪᠠᠢᠨ᠎ᠠ᠃
ᠤᠢᠯᠠᠭᠠᠭᠰᠠᠨ ᠵᠢᠡᠷ᠂ ᠪᠥᠬᠥ᠌ ᠣᠷᠣᠨ ᠤ᠋ ᠡᠯ᠎ᠡ ᠱᠠᠲᠤᠨ ᠤ᠋ ᠴᠠᠭ ᠠᠭᠤᠷ ᠤ᠋ᠨ ᠰᠠᠯᠠᠭ᠎ᠠ ᠮᠥᠴᠢᠷ ᠤ᠋ᠨ ᠬᠢᠨ ᠲᠤᠬᠠᠶ᠋ᠢᠯᠠᠭᠰᠠᠨ ᠠᠵᠢᠯ ᠤ᠋ᠨ ᠵᠢᠷᠤᠮᠵᠢᠯ ᠤ᠋ᠨ ᠴᠢᠨᠠᠷ ᠢ᠋ ᠦᠷᠭᠦᠯᠵᠢᠯᠡᠨ ᠴᠢᠩᠭᠠᠷᠠᠭᠤᠯᠵᠤ᠂ ᠠᠵᠢᠯ ᠤ᠋ᠨ ᠬᠠᠷᠢᠭᠤᠴᠠᠯᠭ᠎ᠠ ᠵᠢ ᠪᠣᠳᠠᠲᠠᠶ᠋ᠢᠵᠢᠭᠤᠯᠤᠨ ᠨᠠᠷᠢᠯᠢᠬᠵᠢᠭᠤᠯᠵᠤ᠂ ᠲᠤᠬᠠᠶ᠋ᠢᠯᠠᠭᠰᠠᠨ ᠠᠵᠢᠯ ᠤ᠋ᠨ ᠶᠠᠪᠤᠴᠠ ᠢ᠋ᠢᠨ ᠵᠢᠷᠤᠭ ᠲᠥᠯᠥᠪᠯᠡᠭᠡ ᠵᠢ ᠪᠦᠬᠦ᠌ ᠲᠠᠯ᠎ᠠ ᠪᠠᠷ ᠴᠢᠩᠭᠠᠳᠬᠠᠨ᠂ ᠴᠠᠭ ᠠᠭᠤᠷ ᠤ᠋ᠨ ᠪᠠᠶ᠋ᠢᠳᠠᠯ ᠤ᠋ᠨ ᠬᠤᠪᠢᠷᠠᠯᠲᠠ ᠵᠢ ᠨᠢᠭᠲᠠ ᠠᠵᠢᠭᠯᠠᠵᠤ᠂ ᠡᠯ᠎ᠡ ᠲᠦᠷᠦᠯ ᠤ᠋ᠨ ᠠᠵᠢᠭᠯᠠᠨ ᠬᠡᠮᠵᠢᠬᠦ᠌ ᠰᠢᠰᠲ᠋ᠧᠮ ᠵᠢᠴᠢ ᠲᠠᠭᠠᠯᠳᠠ ᠲᠥᠬᠥᠭᠡᠷᠦᠮᠵᠢ ᠢ᠋ᠢ ᠲᠣᠭᠲᠠᠮᠠᠯ ᠬᠤᠭᠤᠴᠠᠭ᠎ᠠ ᠲᠠᠢ ᠪᠡᠷ ᠲᠣᠭᠣᠷᠢᠨ ᠪᠠᠶ᠋ᠢᠴᠠᠭᠠᠬᠤ᠂ ᠬᠠᠮᠠᠭᠠᠯᠠᠬᠤ ᠪᠠ ᠬᠢᠨᠠᠨ ᠡᠵᠡᠮᠳᠡᠬᠦ᠌ ᠠᠵᠢᠯ ᠢ᠋ ᠰᠠᠶ᠋ᠢᠲᠤᠷ ᠬᠢᠵᠦ᠍᠂ ᠪᠠᠲᠤᠯᠠᠭ᠎ᠠ ᠢ᠋ᠢᠨ ᠴᠠᠭᠴᠢ ᠴᠢᠨᠠᠷ ᠢ᠋ ᠦᠨᠡᠨ ᠬᠦ᠌ ᠳᠡᠭᠡᠭᠰᠢᠯᠡᠭᠦᠯᠵᠤ ᠪᠠᠢᠨ᠎ᠠ; ᠤᠷᠢᠳᠴᠢᠯᠠᠨ ᠮᠡᠳᠡᠭᠡᠯᠡᠵᠦ᠍ ᠰᠡᠷᠡᠮᠵᠢᠯᠡᠭᠦᠯᠬᠦ᠌ ᠬᠢᠭᠡᠳ ᠪᠠᠴᠢᠮ ᠪᠠᠶ᠋ᠢᠳᠠᠯ ᠢ᠋ ᠠᠷᠭᠠᠴᠠᠭᠠᠬᠤ ᠬᠠᠮᠲᠤᠷᠠᠨ ᠬᠥᠳᠡᠯᠦᠯᠴᠡᠬᠦ᠌ ᠲᠦᠪᠰᠢᠨ ᠢ᠋ ᠳᠡᠭᠡᠭᠰᠢᠯᠡᠭᠦᠯᠵᠦ᠍᠂ ᠦᠶᠡᠷ ᠤ᠋ᠨ ᠬᠤᠭᠤᠴᠠᠭᠠᠨ ᠤ᠋ ᠪᠠᠲᠤᠯᠠᠭ᠎ᠠ ᠪᠠ ᠭᠠᠮᠰᠢᠭ ᠤ᠋ᠨ ᠡᠮᠦᠨᠡᠬᠢ ᠰᠡᠷᠡᠮᠵᠢᠯᠡᠭᠦᠯᠬᠦ᠌ ᠠᠵᠢᠯ ᠳ᠋ᠠᠬᠢ ᠰᠢᠨ᠎ᠡ ᠬᠡᠯᠪᠡᠷᠢ ᠢ᠋ᠢᠨ ᠣᠶᠤᠨᠴᠢ ᠮᠡᠷᠭᠡᠵᠢᠯ ᠤ᠋ᠨ ᠲᠤᠬᠠᠶ᠋ᠢᠯᠠᠭᠰᠠᠨ ᠠᠵᠢᠯ ᠤ᠋ᠨ ᠬᠡᠷᠡᠭᠯᠡᠯᠲᠡ ᠵᠢ ᠴᠢᠩᠭᠠᠳᠬᠠᠨ᠂ ᠣᠬᠣᠷ ᠬᠤᠭᠤᠴᠠᠭᠠᠨ ᠤ᠋ ᠰᠢᠷᠦᠭᠦᠨ ᠪᠣᠷᠣᠭᠠᠨ᠂ ᠠᠶᠤᠩᠭᠠᠲᠤ᠌ ᠪᠣᠷᠣᠭᠠᠨ᠂ ᠶᠡᠬᠡ ᠰᠠᠯᠬᠢ᠂ ᠮᠥᠨᠳᠥᠷ᠂ ᠬᠣᠶ ᠰᠠᠯᠬᠢ ᠵᠢ ᠬᠢᠨᠠᠨ ᠬᠡᠮᠵᠢᠵᠦ᠍ ᠰᠡᠷᠡᠮᠵᠢᠯᠡᠭᠦᠯᠬᠦ᠌ ᠴᠢᠳᠠᠪᠤᠷᠢ ᠪᠠᠨ ᠴᠢᠩᠭᠠᠷᠠᠭᠤᠯᠵᠤ ᠪᠠᠢᠨ᠎ᠠ᠃ ᠪᠠᠰᠠ ᠤᠷᠢᠳᠴᠢᠯᠠᠨ ᠮᠡᠳᠡᠭᠡᠯᠡᠵᠦ᠍ ᠤᠷᠢᠳᠴᠢᠯᠠᠨ ᠰᠡᠷᠡᠮᠵᠢᠯᠡᠭᠦᠯᠬᠦ᠌ ᠬᠠᠮᠵᠢᠯᠴᠠᠭ᠎ᠠ ᠵᠢ ᠴᠢᠩᠭᠠᠳᠬᠠᠨ᠂ ᠦᠨᠳᠦᠰᠦᠨ ᠱᠠᠲᠤᠨ ᠤ᠋ ᠤᠷᠢᠳᠴᠢᠯᠠᠨ ᠰᠡᠷᠡᠮᠵᠢᠯᠡᠭᠦᠯᠬᠦ᠌ ᠦᠢᠯᠡᠴᠢᠯᠡᠭᠡᠨ ᠤ᠋ ᠰᠠᠨᠠᠭᠠᠴᠢᠯᠠᠭᠠᠲᠤ᠌ ᠴᠢᠨᠠᠷ ᠢ᠋ ᠳᠡᠭᠡᠭᠰᠢᠯᠡᠭᠦᠯᠵᠤ᠂ ᠤᠷᠢᠳᠴᠢᠯᠠᠨ ᠰᠡᠷᠡᠮᠵᠢᠯᠡᠭᠦᠯᠬᠦ᠌ ᠲᠦᠪᠰᠢᠨ ᠢ᠋ ᠬᠠᠮᠤᠭ ᠤ᠋ᠨ ᠶᠡᠬᠡ ᠬᠡᠮᠵᠢᠶ᠎ᠡ ᠪᠡᠷ ᠳᠡᠭᠡᠭᠰᠢᠯᠡᠭᠦᠯᠵᠤ ᠪᠠᠢᠨ᠎ᠠ᠃
ᠦᠪᠡᠷᠳᠡᠬᠡᠨ ᠵᠠᠰᠠᠬᠤ ᠤᠷᠤᠨ ᠤ᠋ ᠴᠠᠭ ᠠᠭᠤᠷ ᠤ᠋ᠨ ᠲᠤᠪᠴᠢᠶ᠎ᠠ ᠡᠴᠡ ᠪᠦᠬᠦ ᠤᠷᠤᠨ ᠤ᠋ ᠡᠯ᠎ᠠ ᠱᠠᠳᠤᠨ ᠤ᠋ ᠴᠠᠭ ᠠᠭᠤᠷ ᠤ᠋ᠨ ᠰᠠᠯᠠᠭ᠎ᠠ ᠮᠦᠴᠢᠷ ᠢ᠋ 《131631》 ᠠᠬᠢᠨ ᠳᠠᠪᠰᠢᠬᠤ ᠬᠡᠯᠪᠡᠷᠢ ᠢ᠋ᠢᠨ ᠴᠠᠭ ᠠᠭᠤᠷ ᠤ᠋ᠨ ᠦᠢᠯᠡᠴᠢᠯᠡᠭᠡᠨ ᠤ᠋ ᠡᠯ᠎ᠡ ᠭᠣᠭᠴᠣᠭ᠎ᠠ ᠢ᠋ᠢᠨ ᠪᠠᠷᠢᠮᠵᠢᠶᠠᠵᠢᠭᠤᠯᠤᠯᠲᠠ᠂ ᠵᠢᠷᠤᠮᠵᠢᠭᠤᠯᠤᠯᠲᠠ ᠪᠠ ᠳᠦᠷᠢᠮᠵᠢᠭᠦᠯᠦᠯᠲᠡ ᠵᠢ ᠠᠬᠢᠭᠤᠯᠤᠨ ᠴᠠᠭ ᠠᠭᠤᠷ ᠤ᠋ᠨ ᠭᠠᠮᠰᠢᠭ ᠢ᠋ ᠰᠡᠷᠭᠡᠶ᠋ᠢᠯᠡᠵᠦ᠍ ᠭᠠᠮᠰᠢᠭ ᠢ᠋ ᠪᠠᠭᠠᠰᠬᠠᠬᠤ ᠴᠢᠳᠠᠪᠤᠷᠢ ᠵᠢ ᠳᠡᠭᠡᠭᠰᠢᠯᠡᠭᠦᠯᠵᠤ᠂ ᠠᠵᠢᠯ ᠲᠥᠷᠥᠯ ᠢ᠋ ᠨᠢᠭᠡᠳᠦᠯᠲᠡᠶ ᠲᠦᠯᠦᠪᠵᠢᠭᠦᠯᠬᠦ ᠪᠠ ᠲᠣᠭ᠎ᠠ ᠪᠠᠷᠢᠮᠲᠠ ᠵᠢ ᠬᠠᠮᠲᠤ ᠪᠡᠷ ᠡᠳ᠋ᠯᠡᠬᠦ ᠢ᠋ᠢ ᠴᠢᠩᠭᠠᠳᠬᠠᠨ ᠤᠰᠤᠨ ᠠᠰᠢᠭᠯᠠᠯᠲᠠ᠂ ᠪᠠᠶ᠋ᠢᠭᠠᠯᠢ ᠢ᠋ᠢᠨ ᠡᠬᠢ ᠪᠠᠶᠠᠯᠢᠭ᠂ ᠪᠠᠴᠢᠮ ᠪᠠᠶ᠋ᠢᠳᠠᠯ ᠢ᠋ ᠠᠷᠭᠠᠴᠠᠭᠠᠬᠤ ᠬᠠᠮᠢᠶᠠᠷᠤᠯᠲᠠ᠂ ᠲᠠᠷᠢᠶᠠᠯᠠᠩ ᠮᠠᠯ ᠠᠵᠤ ᠠᠬᠤᠶ᠂ ᠵᠠᠮ ᠬᠠᠷᠢᠯᠴᠠᠭ᠎ᠠ ᠵᠡᠷᠭᠡ ᠰᠠᠯᠠᠭ᠎ᠠ ᠮᠥᠴᠢᠷ ᠯᠤᠭᠡ ᠢ᠋ᠢᠨ ᠬᠠᠮᠲᠤᠷᠠᠯᠴᠠᠭ᠎ᠠ ᠢ᠋ᠢ ᠭᠦᠨᠵᠡᠭᠡᠶ᠋ᠢᠷᠡᠭᠦᠯᠬᠦ ᠬᠡᠷᠡᠭᠳᠠᠢ; ᠳᠡᠭᠡᠳᠦ ᠳᠣᠤᠷᠠᠳᠤ ᠱᠠᠲᠤᠨ ᠤ᠋ ᠬᠢᠨ ᠬᠠᠮᠲᠤᠷᠠᠨ ᠬᠥᠳᠡᠯᠦᠯᠴᠡᠵᠤ᠂ ᠦᠪᠡᠷᠳᠡᠬᠡᠨ ᠵᠠᠰᠠᠬᠤ ᠣᠷᠣᠨ ᠤ᠋ ᠴᠠᠭ ᠠᠭᠤᠷ ᠤ᠋ᠨ ᠲᠣᠪᠴᠢᠶ᠎ᠠ ᠢ᠋ᠢᠨ ᠡᠯ᠎ᠡ ᠰᠢᠭᠤᠳ ᠬᠠᠷᠢᠶ᠎ᠠ ᠨᠢᠭᠡᠴᠢ᠂ ᠠᠶ᠋ᠢᠮᠠᠭ ᠬᠣᠲᠠ ᠢ᠋ᠢᠨ ᠴᠠᠭ ᠠᠭᠤᠷ ᠤ᠋ᠨ ᠲᠣᠪᠴᠢᠶ᠎ᠠ ᠴᠠᠭ ᠲᠤᠬᠠᠶ ᠳ᠋ᠤᠨᠢ ᠬᠣᠰᠢᠭᠤ ᠰᠢᠶᠠᠨ ᠤ᠋ ᠴᠠᠭ ᠠᠭᠤᠷ ᠤ᠋ᠨ ᠲᠣᠪᠴᠢᠶ᠎ᠠ ᠳ᠋ᠤ ᠮᠡᠷᠭᠡᠵᠢᠯ᠂ ᠦᠢᠯᠡᠳᠬᠦᠨ ᠵᠢᠴᠢ ᠭᠠᠮᠰᠢᠭ ᠡᠴᠡ ᠡᠮᠦᠨᠡᠬᠢ ᠵᠢᠯᠣᠭᠣᠳᠣᠯᠭ᠎ᠠ ᠵᠢ ᠬᠦᠷᠭᠡᠵᠦ᠍᠂ ᠬᠣᠰᠢᠭᠤ ᠰᠢᠶᠠᠨ ᠤ᠋ ᠴᠠᠭ ᠠᠭᠤᠷ ᠤ᠋ᠨ ᠰᠠᠯᠠᠭ᠎ᠠ ᠮᠥᠴᠢᠷ ᠨᠢ ᠳᠡᠭᠡᠳᠦ ᠱᠠᠲᠤᠨ ᠤ᠋ ᠦᠢᠯᠡᠳᠬᠦᠨ ᠢ᠋ ᠭᠦᠢᠴᠡᠳ ᠬᠡᠷᠡᠭᠯᠡᠨ᠂ ᠵᠢᠵᠢᠭᠦᠷᠯᠡᠨ ᠰᠠᠬᠢᠬᠤ ᠪᠠ ᠲᠣᠬᠢᠶᠠᠯ ᠢ᠋ ᠦᠵᠡᠨ ᠰᠢᠢᠳᠪᠦᠷᠢᠯᠡᠬᠦ ᠢ᠋ᠢ ᠴᠢᠩᠭᠠᠳᠬᠠᠵᠤ᠂ ᠲᠣᠭᠲᠠᠭᠠᠯ ᠶᠣᠰᠣᠭᠠᠷ ᠪᠦᠲᠦᠮᠵᠢᠲᠡᠶ ᠪᠠᠲᠤᠯᠠᠭ᠎ᠠ ᠬᠠᠡᠭᠭᠠᠬᠤ ᠬᠡᠷᠡᠭᠳᠠᠢ ᠬᠡᠵᠤ ᠱᠠᠭᠠᠷᠳᠠᠪᠠ᠃