ᠵᠤᠨ᠎ᠤ ᠠᠮᠠᠷᠠᠯᠲᠠ᠎ᠶᠢᠨ ᠬᠤᠭᠤᠴᠠᠭᠠᠨ᠎ᠤ 《ᠠᠵᠢᠯᠴᠢᠨ᠎ᠤ ᠡᠪᠯᠡᠯ ᠬᠡᠦᠬᠡᠳ ᠬᠠᠷᠠᠬᠤ》 ᠦᠢᠯᠡᠴᠢᠯᠡᠭᠡ ᠡᠬᠢᠯᠡᠯ᠎ᠠ
2026-07-22 16:41:53
ᠵᠣᠬᠢᠶᠠᠭ᠍ᠴᠢ᠄
ᠮᠠ ᠹᠠᠩ
ᠣᠩᠱᠢᠭ᠍ᠰᠠᠨ ᠣᠳᠠᠭ᠎ᠠ᠄
★★★☆☆

ᠡᠪᠦᠯ ᠵᠤᠨ᠎ᠤ ᠠᠮᠠᠷᠠᠯᠲᠠ᠎ᠶᠢᠨ ᠬᠤᠭᠤᠴᠠᠭ᠎ᠠ ᠪᠤᠯᠤᠮᠠᠭᠴᠠ 《ᠬᠡᠦᠬᠡᠳ᠎ᠢ ᠬᠡᠨ ᠬᠠᠷᠠᠬᠤ ᠪᠤᠢ ?》 ᠬᠡᠵᠦ ᠠᠵᠢᠯ ᠤᠯᠠᠨᠲᠠᠢ ᠬᠦᠮᠦᠰ ᠵᠤᠪᠠᠵᠦ ᠡᠬᠢᠯᠡᠳᠡᠭ᠃ 7 ᠰᠠᠷ᠎ᠠ᠎ᠶᠢᠨ 20᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠢ ᠡᠪᠯᠡᠯ᠎ᠡᠴᠡ ᠭᠣᠣᠯᠯᠠᠨ ᠡᠷᠭᠢᠯᠡᠵᠦ᠂ ᠬᠥᠬᠡᠬᠣᠲᠠ᠎ᠶᠢᠨ ᠠᠵᠢᠯᠴᠢᠨ᠎ᠤ ᠶᠡᠷᠦᠩᠬᠡᠢ ᠡᠪᠯᠡᠯ᠎ᠡᠴᠡ ᠳᠠᠭᠠᠭᠠᠴᠢᠯᠠᠨ ᠡᠷᠭᠢᠯᠡᠭᠰᠡᠨ 2026 ᠣᠨ᠎ᠤ ᠥᠪᠥᠷ ᠮᠣᠩᠭᠣᠯ᠎ᠤᠨ ᠠᠵᠢᠯᠴᠢᠨ᠎ᠤ ᠡᠪᠯᠡᠯ᠎ᠦᠨ ᠬᠠᠢᠷ᠎ᠠ ᠬᠠᠯᠠᠮᠵᠢᠳᠤ ᠨᠠᠢᠳᠠᠨ ᠬᠠᠮᠢᠶᠠᠷᠬᠤ ᠠᠩᠭᠢ᠎ᠶᠢᠨ ᠡᠬᠢᠯᠡᠯᠲᠡ᠎ᠶᠢᠨ ᠶᠣᠰᠣᠯᠠᠯ ᠬᠥᠬᠡᠬᠣᠲᠠ᠎ᠳᠤ ᠶᠠᠪᠤᠭᠳᠠᠵᠤ᠂ ᠪᠥᠬᠥ ᠣᠷᠣᠨ᠎ᠤ ᠡᠯ᠎ᠡ ᠠᠢᠮᠠᠭ ᠬᠣᠲᠠ ᠵᠣᠨ᠎ᠤ ᠠᠮᠠᠷᠠᠯᠲᠠ᠎ᠶᠢᠨ ᠬᠤᠭᠤᠴᠠᠭᠠᠨ᠎ᠤ 《ᠠᠵᠢᠯᠴᠢᠨ᠎ᠤ ᠡᠪᠯᠡᠯ᠎ᠦᠨ ᠬᠡᠦᠬᠡᠳ ᠬᠠᠷᠠᠬᠤ》 ᠦᠢᠯᠡᠴᠢᠯᠡᠭᠡ᠎ᠶᠢ ᠵᠡᠷᠭᠡᠪᠡᠷ ᠡᠬᠢᠯᠡᠭᠦᠯᠪᠡ ᠃   ᠡᠬᠢᠯᠡᠯᠲᠡ᠎ᠶᠢᠨ ᠶᠣᠰᠣᠯᠠᠯ ᠳᠡᠭᠡᠷ᠎ᠡ᠂ ᠭᠦᠸᠧ ᠰᠢᠩ ᠪᠠᠭ᠎ᠠ ᠰᠤᠷᠭᠠᠭᠤᠯᠢ ᠵᠢᠨ ᠬᠢᠨ ᠠᠵᠢᠯᠴᠢᠨ᠎ᠤ ᠡᠪᠯᠡᠯ ᠡᠴᠡ ᠲᠣᠭᠲᠠᠭᠠᠭᠰᠠᠨ ᠳᠠᠭᠠᠭᠠᠴᠢᠯᠠᠨ ᠡᠷᠬᠢᠯᠡᠬᠦ ᠴᠡᠭ᠎ᠦᠨ  ᠨᠢᠭᠡ ᠪᠣᠯᠤᠭᠰᠠᠨ᠎ᠤ ᠬᠤᠪᠢ᠎ᠪᠠᠷ ᠰᠣᠯᠢᠯᠴᠠᠭᠠᠨ᠎ᠤ ᠶᠠᠷᠢᠶ᠎ᠠ ᠲᠠᠯᠪᠢᠵᠤ᠂ ᠬᠡᠦᠬᠡᠳ᠎ᠦᠳ ᠪᠥᠵᠢᠭ᠂ ᠤᠷᠠᠨ ᠤᠩᠰᠢᠯᠭ᠎ᠠ᠂ ᠨᠠᠢᠷᠠᠯ ᠳᠠᠭᠤᠤ ᠵᠡᠷᠭᠡ ᠤᠷᠠᠨ ᠰᠠᠢᠬᠠᠨ᠎ᠤ ᠲᠣᠭᠯᠠᠯᠲᠠ ᠭᠠᠷᠭᠠᠵᠠᠢ᠂ ᠥᠪᠡᠷᠲᠡᠭᠡᠨ ᠵᠠᠰᠠᠬᠤ ᠣᠷᠣᠨ᠎ᠤ ᠠᠵᠢᠯᠴᠢᠨ ᠎ᠤ ᠶᠡᠷᠦᠩᠬᠡᠢ ᠡᠪᠯᠡᠯ᠂ ᠬᠥᠬᠡᠬᠣᠲᠠ᠎ᠶᠢᠨ ᠠᠵᠢᠯᠴᠢᠨ᠎ᠤ ᠶᠡᠷᠦᠩᠬᠡᠢ ᠡᠪᠯᠡᠯ ᠡᠴᠡ ᠨᠠᠢᠳᠠᠨ ᠬᠠᠮᠢᠶᠠᠷᠤᠭᠤᠯᠬᠤ 30 ᠰᠤᠷᠤᠭ᠍ᠴᠢᠳ᠎ᠤᠨ ᠲᠥᠯᠥᠭᠡᠯᠡᠭᠴᠢ᠎ᠳᠦ ᠵᠤᠨ᠎ᠤ ᠠᠮᠠᠷᠠᠯᠲᠠ᠎ᠶᠢᠨ ᠬᠤᠭᠤᠴᠠᠭᠠᠨ᠎ᠤ ᠨᠠᠢᠳᠠᠨ ᠬᠠᠮᠢᠶᠠᠷᠤᠭᠤᠯᠬᠤ ᠪᠡᠯᠡᠭ ᠬᠦᠷᠭᠡᠪᠡ᠃《ᠠᠵᠢᠯᠴᠢᠨ᠎ᠤ ᠡᠪᠯᠡᠯ᠎ᠦᠨ ᠭᠠᠷᠭᠠᠭᠰᠠᠨ ᠬᠠᠢᠷ᠎ᠠ ᠬᠠᠯᠠᠮᠵᠢᠳᠤ ᠨᠠᠢᠳᠠᠨ ᠬᠠᠮᠢᠶᠠᠷᠬᠤ ᠦᠢᠯᠡᠴᠢᠯᠡᠭᠡ ᠨᠢ ᠡᠴᠢᠬᠡ ᠡᠬᠡ ᠨᠢ ᠬᠤᠶᠠᠭᠤᠯᠠ ᠪᠡᠨ ᠠᠵᠢᠯ ᠳᠠᠢ ᠭᠡᠷ ᠪᠦᠯᠢ᠂ ᠰᠢᠨ᠎ᠡ ᠠᠵᠢᠯ ᠣᠯᠭᠣᠯᠲᠠ ᠶ᠋ᠢᠨ ᠬᠡᠯᠪᠡᠷᠢ ᠪᠦᠬᠦᠢ ᠬᠥᠳᠡᠯᠮᠦᠷᠢᠴᠢᠨ᠎ᠦ ᠭᠡᠷ ᠪᠦᠯᠢ  ᠶ᠋ᠢᠨ ᠠᠮᠠᠷᠠᠯᠲᠠ ᠶ᠋ᠢᠨ ᠬᠤᠭᠤᠴᠠᠭᠠᠨ᠎ᠳᠡᠬᠢ ᠠᠰᠠᠷᠠᠨ ᠬᠠᠷᠠᠬᠤ  ᠬᠦᠴᠢᠷ ᠠᠰᠠᠭᠤᠳᠠᠯ ᠢ᠋ ᠪᠦᠲᠦᠮᠵᠢᠲᠡᠶ᠎ᠪᠡᠷ ᠨᠠᠮᠳᠠᠭᠤᠯᠵᠤ᠂ ᠣᠯᠠᠨ  ᠢ᠋ ᠰᠠᠨᠠᠭ᠎ᠠ ᠠᠮᠤᠷ ᠠᠵᠢᠯᠯᠠᠭᠤᠯᠬᠤ ᠪᠤᠯᠵᠠᠢ》 ᠬᠡᠵᠤ ᠨᠠᠢᠳᠠᠨ ᠬᠠᠮᠢᠶᠠᠷᠬᠤ ᠠᠩᠭᠢ᠎ᠶᠢᠨ  ᠭᠡᠷ᠎ᠦᠨ ᠠᠬᠠᠮᠠᠳ᠎ᠤᠨ ᠲᠥᠯᠥᠭᠡᠯᠡᠭᠴᠢ  ᠬᠡᠯᠡᠯ᠎ᠠ᠃

ᠡᠨᠡ ᠵᠢᠯ ᠥᠪᠥᠷ ᠮᠣᠩᠭᠣᠯ᠎ᠤᠨ ᠡᠯ᠎ᠡ ᠱᠠᠲᠤᠨ᠎ᠤ ᠠᠵᠢᠯᠴᠢᠨ᠎ᠤ ᠡᠪᠯᠡᠯ ᠠᠵᠢᠯᠲᠠᠨ ᠠᠵᠢᠯᠴᠢᠨ ᠎ᠤ ᠦᠷ᠎ᠡ ᠬᠡᠦᠬᠡᠳ ᠎ᠦᠨ ᠠᠮᠠᠷᠠᠯᠲᠠ ᠎ᠶᠢᠨ ᠬᠤᠭᠤᠴᠠᠭᠠᠨ᠎ᠤ ᠨᠠᠢᠳᠠᠨ ᠬᠠᠮᠢᠶᠠᠷᠤᠭᠤᠯᠬᠤ ᠦᠢᠯᠡᠴᠢᠯᠡᠭᠡᠨ ᠎ᠦ ᠬᠠᠮᠤᠷᠬᠤ ᠬᠡᠪᠴᠢᠶ᠎ᠠ ᠵᠢ ᠨᠠᠷᠢᠯᠢᠭ᠋ ᠣᠨᠣᠴᠠᠲᠠᠢ᠎ᠪᠠᠷ ᠥᠷᠭᠡᠳᠬᠡᠵᠦ᠂ ᠠᠵᠢᠯ᠎ᠤᠨ ᠪᠠᠢᠷᠢ᠎ᠳᠤ ᠪᠠᠢᠭ᠎ᠠ ᠠᠵᠢᠯᠲᠠᠨ ᠠᠵᠢᠯᠴᠢᠨ᠎ᠤ ᠦᠷ᠎ᠡ ᠬᠡᠦᠬᠡᠳ᠎ᠲᠦ ᠦᠢᠯᠡᠴᠢᠯᠡᠬᠦ ᠰᠠᠭᠤᠷᠢᠨ ᠳᠡᠭᠡᠷ᠎ᠡ᠂ ᠬᠦᠴᠢᠷᠳᠡᠯᠲᠠᠢ ᠠᠵᠢᠯᠲᠠᠨ ᠠᠵᠢᠯᠴᠢᠨ᠂ ᠬᠥᠯᠥᠰᠦᠨ ᠠᠵᠢᠯᠴᠢᠨ᠂ ᠬᠥᠳᠡᠯᠮᠦᠷᠢ᠎ᠶᠢᠨ ᠵᠢᠱ᠌ᠢᠶᠡᠴᠢ ᠤᠷᠠᠨ ᠲᠠᠷᠬᠠᠨ᠂ ᠰᠢᠨ᠎ᠡ ᠠᠵᠢᠯ ᠣᠯᠭᠣᠯᠲᠠ᠎ᠶᠢᠨ ᠬᠡᠯᠪᠡᠷᠢ᠎ᠶᠢᠨ ᠬᠥᠳᠡᠯᠮᠦᠷᠢᠴᠢᠨ ᠵᠡᠷᠭᠡ ᠬᠦᠮᠦᠰ᠎ᠤᠨ ᠦᠷ᠎ᠡ ᠬᠡᠦᠬᠡᠳ ᠎ᠤᠨ ᠨᠠᠢᠳᠠᠨ ᠬᠠᠮᠢᠶᠠᠷᠤᠭᠤᠯᠬᠤ ᠬᠡᠷᠡᠭᠴᠡᠭᠡ ᠎ᠶᠢ ᠭᠣᠣᠯᠳᠠᠯᠭ᠎ᠠ᠎ᠲᠠᠢ᠎ᠪᠠᠷ ᠬᠠᠷᠠᠭᠠᠯᠵᠠᠵᠤ᠂ ᠠᠵᠢᠯᠲᠠᠨ ᠠᠵᠢᠯᠴᠢᠨ᠎ᠤ ᠠᠰᠠᠷᠠᠨ ᠬᠠᠷᠠᠭᠠᠯᠵᠠᠬᠤ ᠳᠠᠷᠤᠯᠲᠠ᠎ᠶᠢ ᠬᠥᠩᠭᠡᠷᠡᠭᠦᠯᠵᠦ᠂ ᠦᠷ᠎ᠡ ᠬᠡᠦᠬᠡᠳ᠎ᠢ ᠠᠮᠠᠷᠠᠯᠲᠠ᠎ᠶᠢᠨ ᠬᠤᠭᠤᠴᠠᠭᠠᠨ᠎ᠳᠤ ᠬᠠᠷᠠᠵᠤ ᠬᠠᠮᠢᠶᠠᠷᠬᠤ ᠬᠥᠮᠥᠨ ᠦᠭᠡᠢ ᠪᠠᠢᠬᠤ ᠪᠣᠳᠠᠲᠠᠢ ᠬᠦᠴᠢᠷ ᠠᠰᠠᠭᠤᠳᠠᠯ᠎ᠢ ᠲᠣᠬᠢᠲᠠᠢ ᠰᠢᠢᠳᠪᠦᠷᠢᠯᠡᠨ᠎ᠡ᠃

ᠨᠠᠢᠳᠠᠨ ᠬᠠᠮᠢᠶᠠᠷᠤᠭᠤᠯᠬᠤ ᠦᠢᠯᠡᠴᠢᠯᠡᠭᠡᠨ᠎ᠦ ᠡᠲᠡᠭᠡᠳ ᠨᠢ ᠭᠣᠣᠯᠳᠠᠭᠤ 6  ᠠ᠋ᠴᠠ 12 ᠨᠠᠰᠤᠨ᠎ᠤ ᠠᠵᠢᠯᠲᠠᠨ ᠠᠵᠢᠯᠴᠢᠨ᠎ᠤ ᠦᠷ᠎ᠡ ᠬᠡᠦᠬᠡᠳ ᠪᠣᠯᠣᠨ᠎ᠠ᠂ ᠨᠠᠢᠳᠠᠨ ᠬᠠᠮᠢᠶᠠᠷᠬᠤ ᠬᠢᠴᠢᠶᠡᠯ ᠨᠢ ᠪᠠᠭᠠᠴᠤᠳ ᠬᠡᠦᠬᠡᠳ᠎ᠦᠨ ᠶᠣᠰᠣ᠌ ᠮᠣᠷᠠᠯ ᠣᠶᠤᠨ ᠤᠬᠠᠭᠠᠨ ᠪᠡᠶ᠎ᠡ ᠮᠠᠬᠠᠪᠤᠳ ᠭᠤᠸ᠎ᠠ ᠰᠠᠢᠬᠠᠨ ᠬᠥᠳᠡᠯᠮᠦᠷᠢ ᠵᠡᠷᠭᠡ ᠪᠥᠬᠥ ᠲᠠᠯ᠎ᠠ ᠵᠢ ᠬᠠᠮᠤᠷᠴᠤ᠂ ᠬᠤᠪᠢᠰᠬᠠᠯ᠎ᠤᠨ ᠰᠤᠷᠭᠠᠨ ᠬᠥᠮᠦᠵᠢᠯ᠂ ᠰᠢᠯᠢᠳᠡᠭ ᠤᠯᠠᠮᠵᠢᠯᠠᠯᠲᠤ ᠰᠣᠶᠣᠯ᠂ ᠰᠢᠨᠵᠢᠯᠡᠬᠦ ᠤᠬᠠᠭᠠᠨ᠎ᠢ ᠲᠦᠭᠡᠮᠡᠯᠵᠢᠭᠦᠯᠬᠦ ᠵᠡᠷᠭᠡ ᠬᠢᠴᠢᠶᠡᠯ᠎ᠢ ᠥᠷᠨᠢᠭᠦᠯᠵᠦ᠂ ᠤᠰᠤᠨ᠎ᠳᠤ ᠵᠢᠪᠬᠦ᠎ᠶᠢ ᠰᠡᠷᠭᠡᠢᠯᠡᠬᠦ᠂ ᠵᠠᠮ ᠬᠠᠷᠢᠯᠴᠠᠭᠠᠨ᠎ᠤ ᠠᠮᠤᠷ ᠲᠦᠪᠰᠢᠨ᠂ ᠭᠠᠯ ᠤᠨᠲᠠᠷᠠᠭᠠᠬᠤ ᠠᠮᠤᠷ ᠲᠦᠪᠰᠢᠨ ᠵᠡᠷᠭᠡ ᠠᠮᠤᠷ ᠲᠦᠪᠰᠢᠨ᠎ᠦ ᠬᠥᠮᠦᠵᠢᠯ᠎ᠢ ᠪᠠᠢᠩᠭᠤᠵᠢᠭᠤᠯᠤᠨ ᠥᠷᠨᠢᠭᠦᠯᠦᠨ᠎ᠡ᠃ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠢ ᠡᠪᠯᠡᠯ ᠨᠢ ᠦᠢᠯᠡᠳᠦᠯ᠎ᠢᠶᠡᠨ ᠰᠠᠢᠲᠤᠷ ᠪᠠᠳᠠᠷᠠᠭᠤᠯᠤᠬᠰᠠᠨ᠂ ᠵᠢᠱ᠌ᠢᠶ᠎ᠡ ᠦᠵᠡᠭᠦᠯᠦᠨ ᠰᠠᠢᠳᠤᠷ ᠬᠥᠲᠥᠯᠥᠨ ᠳᠠᠭᠠᠭᠤᠯᠤᠬᠰᠠᠨ 30 ᠬᠠᠢᠷ᠎ᠠ ᠬᠠᠯᠠᠮᠵᠢᠳᠤ ᠨᠠᠢᠳᠠᠨ ᠬᠠᠮᠢᠶᠠᠷᠤᠭᠤᠯᠬᠤ ᠠᠩᠭᠢ ᠪᠦᠷᠢ᠎ᠳᠦ 3 ᠲᠦᠮᠡᠨ ᠲᠥᠭᠥᠷᠢᠭ ᠎ᠦᠨ ᠲᠤᠰᠬᠠᠢ ᠨᠥᠬᠥᠪᠦᠷᠢ ᠣᠯᠭᠣᠨ᠎ᠠ᠃


ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号