31 ᠮᠤᠵᠢ ᠣᠷᠣ ᠎ᠤ ᠳᠡᠭᠡᠷ᠎ᠡ ᠬᠠᠭᠠᠰ ᠵᠢᠯ ᠎ᠦᠨ ᠬᠥᠮᠥᠨ ᠳᠤᠮᠳᠠᠴᠢ᠎ᠶᠢᠨ ᠡᠵᠡᠮᠳᠡᠵᠦ ᠪᠣᠯᠬᠤ ᠣᠷᠣᠯᠭ᠎ᠠ᠎ᠶᠢ ᠨᠡᠢᠲᠡᠯᠡᠪᠡ
2026-07-22 16:52:29
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠣᠢᠷ᠎ᠠ᠎ᠳᠤ ᠤᠯᠤᠰ᠎ᠤᠨ ᠲᠣᠭ᠎ᠠ ᠪᠦᠷᠢᠳᠬᠡᠯ᠎ᠦᠨ ᠲᠣᠪᠴᠢᠶ᠎ᠠ᠎ᠶᠢᠨ ᠰᠦᠯᠵᠢᠶ᠎ᠡ 31 ᠮᠤᠵᠢ ᠣᠷᠣᠨ ᠎ᠤ 2026 ᠣᠨ᠎ᠤ ᠳᠡᠭᠡᠷ᠎ᠡ ᠬᠠᠭᠠᠰ ᠵᠢᠯ ᠎ᠦᠨ ᠰᠠᠭᠤᠭᠠᠯᠢ ᠠᠷᠠᠳ᠎ᠤᠨ ᠬᠥᠮᠥᠨ ᠳᠤᠮᠳᠠᠴᠢ᠎ᠶᠢᠨ ᠡᠵᠡᠮᠳᠡᠵᠦ ᠪᠣᠯᠬᠤ ᠣᠷᠣᠯᠭ᠎ᠠ᠎ᠶᠢᠨ ᠪᠠᠢᠳᠠᠯ᠎ᠢ ᠨᠡᠢᠲᠡᠯᠡᠪᠡ᠃  

ᠳᠡᠭᠡᠷ᠎ᠡ ᠬᠠᠭᠠᠰ ᠵᠢᠯ᠎ᠳᠦ᠂ ᠪᠥᠬᠥ ᠤᠯᠤᠰ᠎ᠤᠨ ᠰᠠᠭᠤᠭᠠᠯᠢ ᠠᠷᠠᠳ᠎ᠤᠨ ᠬᠥᠮᠥᠨ ᠳᠤᠮᠳᠠᠴᠢ᠎ᠶᠢᠨ ᠡᠵᠡᠮᠳᠡᠵᠦ ᠪᠣᠯᠬᠤ ᠣᠷᠣᠯᠭ᠎ᠠ 22981 ᠲᠥᠭᠥᠷᠢᠭ᠎ᠲᠦ ᠬᠦᠷᠴᠦ᠂ ᠲᠦᠷᠦᠭᠦᠦ ᠵᠢᠯ᠎ᠦᠨ ᠠᠳᠠᠯᠢ ᠬᠤᠭᠤᠴᠠᠭᠠᠨ ᠎ᠤ ᠬᠢ᠎ᠡᠴᠡ 4.2%᠎ᠢᠶᠠᠷ ᠨᠡᠮᠡᠭᠳᠡᠵᠦ᠂ ᠨᠡᠮᠡᠭᠳᠡᠯ᠎ᠦᠨ ᠬᠤᠷᠳᠤᠴᠠ ᠨᠢ ᠨᠢᠭᠡᠳᠦᠭᠡᠷ ᠤᠯᠠᠷᠢᠯ ᠎ᠤᠨ ᠬᠢ ᠎ᠡᠴᠡ   ᠵᠠᠭᠤᠨ᠎ᠤ ᠬᠠᠷᠢᠴᠠᠯ ᠵᠢᠨᠷ  0.2 ᠬᠤᠪᠢ ᠳᠡᠭᠡᠭᠰᠢᠯᠡᠵᠡᠢ᠃

ᠮᠤᠵᠢ ᠣᠷᠣᠨ ᠬᠤᠪᠢᠶᠠᠵᠤ ᠦᠵᠡᠪᠡᠯ᠂ ᠡᠨᠡ ᠵᠢᠯ᠎ᠦᠨ ᠲᠦᠷᠦᠭᠦᠦ ᠬᠠᠭᠠᠰ ᠵᠢᠯ᠎ᠳᠦ ᠨᠡᠶ᠋ᠢᠲᠡ 13 ᠮᠤᠵᠢ ᠣᠷᠣᠨ᠎ᠤ ᠰᠠᠭᠤᠭᠠᠯᠢ ᠠᠷᠠᠳ᠎ᠤᠨ ᠬᠥᠮᠥᠨ ᠳᠤᠮᠳᠠᠴᠢ᠎ᠶᠢᠨ ᠡᠵᠡᠮᠳᠡᠵᠦ ᠪᠣᠯᠬᠤ ᠣᠷᠣᠯᠭ᠎ᠠ 2 ᠲᠦᠮᠡᠨ ᠲᠥᠭᠥᠷᠢᠭ᠎ᠢ ᠳᠠᠪᠠᠵᠠᠢ᠃ ᠡᠭᠦᠨ᠎ᠳᠦ᠂ ᠱᠠᠩᠬᠠᠢ ᠬᠤᠳᠠ 48791 ᠲᠥᠭᠥᠷᠢᠭ ᠵᠢᠡᠷ ᠲᠦᠷᠦᠬᠦᠯᠡᠭᠰᠡᠨ ᠪᠤᠯ᠂ ᠪᠡᠭᠡᠵᠢᠩ ᠬᠤᠳᠠ 47290 ᠲᠥᠭᠥᠷᠢᠭ ᠵᠢᠡᠷ ᠳᠡᠳ᠋ᠯᠡᠵᠦ᠂ ᠵᠧᠵᠢᠶᠠᠩ ᠎ᠮᠤᠵᠢ 39807 ᠲᠥᠭᠥᠷᠢᠭ ᠵᠢᠡᠷ ᠭᠤᠷᠪᠠᠳᠤᠭᠠᠷ᠎ᠲᠤ ᠪᠠᠢᠷᠢᠯᠠᠪᠠ᠃  

ᠥᠪᠥᠷ ᠮᠣᠩᠭᠣᠯ ᠎ᠤᠨ ᠳᠡᠭᠡᠷ᠎ᠡ ᠬᠠᠭᠠᠰ ᠵᠢᠯ᠎ᠦᠨ ᠰᠠᠭᠤᠭᠠᠯᠢ ᠠᠷᠠᠳ᠎ᠤᠨ ᠬᠥᠮᠥᠨ ᠳᠤᠮᠳᠠᠴᠢ᠎ᠶᠢᠨ ᠡᠵᠡᠮᠳᠡᠵᠦ ᠪᠣᠯᠬᠤ ᠣᠷᠣᠯᠭ᠎ᠠ ᠴᠤ᠌ 2 ᠲᠦᠮᠡᠨ ᠲᠥᠭᠥᠷᠢᠭ᠎ᠢ ᠳᠠᠪᠠᠭᠰᠠᠨ ᠪᠠᠢᠨ᠎ᠠ᠃

ᠴᠦᠩᠴᠢᠩ᠂ ᠥᠪᠥᠷ ᠮᠣᠩᠭᠣᠯ᠂ ᠠᠨᠾᠦ᠋ᠢ᠂ ᠬᠤᠪᠧᠢ᠂ ᠬᠤᠨᠠᠨ᠎ᠤ ᠳᠡᠭᠡᠷ᠎ᠡ ᠬᠠᠭᠠᠰ ᠵᠢᠯ᠎ᠦᠨ ᠰᠠᠭᠤᠭᠠᠯᠢ ᠠᠷᠠᠳ ᠎ᠤᠨ ᠬᠥᠮᠥᠨ ᠳᠤᠮᠳᠠᠴᠢ᠎ᠶᠢᠨ ᠡᠵᠡᠮᠳᠡᠵᠦ ᠪᠣᠯᠬᠤ ᠣᠷᠣᠯᠭ᠎ᠠ ᠨᠢ ᠳᠤᠮᠳᠠ ᠪᠠᠷᠠᠭᠤᠨ ᠪᠡᠶ᠎ᠡ ᠵᠢᠨ ᠭᠠᠵᠠᠷ ᠣᠷᠣᠨ ᠎ᠤ ᠳᠣᠲᠣᠷ᠎ᠠ ᠲᠡᠷᠢᠭᠦᠨ᠎ᠳᠦ ᠪᠠᠢᠷᠢᠯᠠᠪᠠ᠃ ᠡᠳᠡᠭᠡᠷ ᠮᠤᠵᠢ᠎ᠨᠤᠭᠤᠳ ᠪᠣᠯ ᠪᠠᠰᠠ ᠴᠤ᠌ ᠳᠤᠮᠳᠠ ᠪᠠᠷᠠᠭᠤᠨ ᠪᠡᠶ᠎ᠡ ᠵᠢᠨ ᠭᠠᠵᠠᠷ ᠣᠷᠣᠨ᠎ᠤ ᠠᠵᠤ ᠦᠢᠯᠡᠳᠪᠦᠷᠢᠵᠢᠯᠲᠡ ᠪᠠ ᠬᠤᠳᠠ ᠪᠠᠯᠭᠠᠰᠤᠵᠢᠯᠲᠠ ᠵᠢᠨ ᠬᠢᠷᠢ ᠬᠡᠮᠵᠢᠶ᠎ᠡ᠎ᠪᠡᠷ ᠨᠡᠯᠢᠶᠡᠳ ᠥᠨᠳᠥᠷ ᠭᠠᠵᠠᠷ ᠣᠷᠣᠨ ᠪᠣᠯᠣᠨ᠎ᠠ᠃

 

ᠢᠷᠡᠯᠲᠡ ᠄ ᠤᠯᠤᠰ᠎ᠤᠨ ᠲᠣᠭ᠎ᠠ ᠪᠦᠷᠢᠳᠬᠡᠯ᠎ᠦᠨ ᠲᠣᠪᠴᠢᠶ᠎ᠠ᠂ ᠨᠢᠭᠡᠳᠦᠭᠡᠷ ᠡᠳ᠋᠎ᠦᠨ ᠵᠠᠰᠠᠭ ᠠᠵᠤ ᠠᠬᠤᠢ᠂   ᠵᠢᠨᠠᠨ ᠎ᠤ ᠴᠠᠭ᠎ᠤᠨ ᠰᠣᠨᠢᠨ

 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号