ᠥᠪᠥᠷ ᠮᠣᠩᠭᠣᠯ ᠤᠨ ᠥᠪᠡᠷᠲᠡᠭᠡᠨ ᠵᠠᠰᠠᠬᠤ
ᠣᠷᠣᠨ᠎ᠤ ᠨᠠᠮ᠎ᠤᠨ ᠬᠣᠷᠢᠶ᠎ᠠ ᠵᠢᠨ ᠨᠢᠭᠡᠳᠦᠮᠡᠯ ᠹᠷᠣᠨᠲ ᠤᠨ ᠬᠡᠯᠲᠡᠰ 7 ᠰᠠᠷ᠎ᠠ᠎ᠶᠢᠨ 21᠎ᠦ ᠡᠳᠦᠷ《ᠥᠪᠥᠷ ᠮᠣᠩᠭᠣᠯ᠎ᠤᠨ ᠥᠪᠡᠷᠲᠡᠭᠡᠨ
ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠨᠢᠭᠡᠳᠦᠮᠡᠯ ᠹᠷᠣᠨᠲ᠎ᠤᠨ ᠬᠡᠯᠲᠡᠰ᠎ᠦᠨ ᠬᠠᠷᠢᠶ᠎ᠠ ᠠᠵᠢᠯ
ᠦᠢᠯᠡᠰ᠎ᠦᠨ ᠨᠢᠭᠡᠴᠢ ᠵᠢᠴᠢ ᠣᠷᠣᠯᠠᠨ ᠬᠠᠮᠢᠶᠠᠷᠴᠤ ᠪᠠᠢᠭ᠎ᠠ ᠠᠵᠢᠯ ᠦᠢᠯᠡᠰ᠎ᠦᠨ ᠨᠢᠭᠡᠴᠢ᠎ᠶᠢᠨ 2026 ᠣᠨ ᠤ
ᠢᠯᠡ ᠪᠡᠷ ᠡᠯᠰᠡᠨ ᠬᠡᠷᠡᠭᠯᠡᠬᠦ᠎ᠪᠡᠷ ᠪᠠᠢᠭ᠎ᠠ ᠬᠥᠮᠥᠰ᠎ᠢ ᠢᠯᠡ ᠨᠡᠢᠲᠡᠯᠡᠬᠦ ᠲᠤᠬᠠᠢ ᠠᠯᠪᠠᠨ ᠵᠠᠷᠯᠠᠯ》ᠨᠡᠢᠲᠡᠯᠡᠪᠡ᠃
ᠲᠤᠰ ᠠᠯᠪᠠᠨ ᠵᠠᠷᠯᠠᠯ᠎ᠤᠨ ᠭᠤᠤᠯ ᠠᠭᠤᠯᠭ᠎ᠠ ᠨᠢ ᠲᠤᠤᠷᠠᠬᠢ ᠮᠡᠳᠦ᠄

《2026 ᠣᠨ᠎ᠤ ᠥᠪᠥᠷ ᠮᠣᠩᠭᠣᠯ᠎ᠤᠨ
ᠥᠪᠡᠷᠲᠡᠭᠡᠨ ᠵᠠᠰᠠᠬᠤ ᠣᠷᠣᠨ᠎ᠤ ᠠᠵᠢᠯ ᠦᠢᠯᠡᠰ᠎ᠦᠨ ᠨᠢᠭᠡᠴᠢ᠎ᠶᠢᠨ ᠢᠯᠡ᠎ᠪᠡᠷ ᠠᠵᠢᠯᠲᠠᠨ ᠡᠯᠰᠡᠬᠦ ᠠᠯᠪᠠᠨ ᠵᠠᠷᠯᠠᠯ》 ᠤ᠋ᠨ ᠬᠣᠯᠪᠣᠭᠳᠠᠯ ᠪᠦᠬᠦᠢ ᠲᠣᠭᠲᠠᠭᠠᠯ ᠶᠣᠰᠣᠭᠠᠷ᠂ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ᠂
ᠬᠢᠷᠢ ᠬᠡᠮ᠎ᠦᠨ ᠠᠩᠬᠠᠨ᠎ᠤ ᠬᠢᠨᠠᠯᠲᠠ᠂ ᠪᠢᠴᠢᠭ᠎ᠦᠨ ᠰᠢᠯᠭᠠᠯᠲᠠ᠂ ᠬᠢᠷᠢ ᠬᠡᠮ᠎ᠦᠨ ᠳᠠᠬᠢᠨ ᠬᠢᠨᠠᠯᠲᠠ᠂ ᠨᠢᠭᠤᠷᠲᠠᠨ
ᠰᠢᠯᠭᠠᠯᠲᠠ᠂ ᠪᠡᠶ᠎ᠡ᠎ᠶᠢᠨ ᠪᠠᠢᠴᠠᠭᠠᠯᠲᠠ ᠪᠠ ᠬᠢᠨᠠᠨ ᠪᠠᠢᠴᠠᠭᠠᠯᠲᠠ ᠵᠡᠷᠭᠡ ᠭᠣᠭᠴᠣᠭ᠎ᠠ᠎ᠪᠠᠷ ᠳᠡᠮᠵᠢᠨ᠂ ᠡᠳᠦᠭᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠨᠢᠭᠡᠳᠦᠮᠡᠯ ᠹᠷᠣᠨᠲ᠎ᠤᠨ ᠬᠡᠯᠲᠡᠰ᠎ᠦᠨ
ᠬᠠᠷᠢᠶ᠎ᠠ ᠠᠵᠢᠯ ᠦᠢᠯᠡᠰ᠎ᠦᠨ ᠨᠢᠭᠡᠴᠢ ᠵᠢᠴᠢ ᠣᠷᠣᠯᠠᠨ ᠬᠠᠮᠢᠶᠠᠷᠴᠤ ᠪᠠᠢᠭ᠎ᠠ ᠠᠵᠢᠯ ᠦᠢᠯᠡᠰ ᠦᠨ ᠨᠢᠭᠡᠴᠢ᠎ᠶᠢᠨ
2026 ᠣᠨ᠎ᠤ ᠢᠯᠡ᠎ᠪᠡᠷ ᠡᠯᠰᠡᠨ ᠬᠡᠷᠡᠭᠯᠡᠬᠦ᠎ᠪᠡᠷ ᠪᠠᠢᠭ᠎ᠠ ᠬᠥᠮᠥᠰ ᠢ ᠢᠯᠡ ᠨᠡᠢᠲᠡᠯᠡᠪᠡ᠃
ᠨᠢᠭᠡ᠂ ᠡᠯᠰᠡᠨ ᠬᠡᠷᠡᠭᠯᠡᠬᠦ
ᠬᠥᠮᠥᠰ᠎ᠦᠨ ᠨᠡᠷᠡᠰ (ᠨᠡᠶ᠋ᠢᠲᠡ 16 ᠬᠥᠮᠥᠨ)
ᠬᠣᠶᠠᠷ᠂ ᠢᠯᠡ ᠨᠡᠢᠲᠡᠯᠡᠬᠦ ᠴᠠᠭ
2026 ᠣᠨ᠎ᠤ 7 ᠰᠠᠷ᠎ᠠ᠎ᠶᠢᠨ 22᠎ᠤᠨ ᠡᠳᠦᠷ᠎ᠡᠴᠡ 7 ᠰᠠᠷ᠎ᠠ᠎ᠶᠢᠨ 28 ᠤ ᠡᠳᠦᠷ ᠪᠤᠯᠲᠠᠯ᠎ᠠ (5 ᠠᠵᠢᠯᠯᠠᠬᠤ ᠡᠳᠦᠷ)᠃
ᠭᠤᠷᠪᠠ᠂ ᠭᠥᠯᠢᠶᠡᠨ ᠠᠪᠴᠤ ᠰᠢᠢᠳᠪᠦᠷᠢᠯᠡᠬᠦ ᠠᠷᠭ᠎ᠠ
ᠨᠢᠭᠡᠴᠢ ᠪᠠ ᠬᠤᠪᠢ ᠬᠥᠮᠥᠨ ᠰᠤᠷᠪᠤᠯᠵᠢᠯᠠᠬᠤ᠂
ᠵᠠᠬᠢᠳᠠᠯ ᠢᠷᠡᠭᠦᠯᠬᠦ᠂ ᠤᠲᠠᠰᠤᠳᠠᠬᠤ ᠵᠡᠷᠭᠡ ᠬᠡᠯᠪᠡᠷᠢ᠎ᠪᠡᠷ ᠳᠡᠭᠡᠷᠡᠬᠢ ᠢᠯᠡ ᠨᠡᠢᠲᠡᠯᠡᠭᠰᠡᠨ ᠡᠲᠡᠭᠡᠳ᠎ᠦᠨ
ᠬᠣᠯᠪᠣᠭᠳᠠᠯ ᠪᠦᠬᠦᠢ ᠪᠠᠢᠳᠠᠯ ᠪᠠ ᠠᠰᠠᠭᠤᠳᠠᠯ᠎ᠢ ᠲᠤᠰᠬᠠᠵᠤ ᠪᠣᠯᠣᠨ᠎ᠠ᠃ ᠲᠤᠰᠬᠠᠭᠰᠠᠨ ᠠᠰᠠᠭᠤᠳᠠᠯ᠎ᠢ ᠪᠠᠢᠴᠠᠭᠠᠨ
ᠬᠠᠷᠭᠤᠭᠤᠯᠬᠤ᠎ᠳᠤ ᠲᠥᠬᠥᠮ ᠪᠣᠯᠭᠠᠬᠤ ᠵᠢᠨ ᠲᠥᠯᠥᠭᠡ᠂ ᠠᠰᠠᠭᠤᠳᠠᠯ᠎ᠢ ᠲᠤᠰᠬᠠᠬᠤ᠎ᠳᠤ ᠬᠠᠮᠢᠶ᠎ᠠ ᠪᠦᠬᠦᠢ ᠰᠦᠪᠡᠭᠴᠢ
ᠵᠢᠴᠢ ᠲᠣᠰ ᠬᠥᠮᠥᠨ ᠦ ᠦᠨᠡᠨ ᠨᠡᠷ᠎ᠡ᠂ ᠬᠠᠷᠢᠯᠴᠠᠬᠤ ᠠᠷᠭ᠎ᠠ ᠪᠤᠶᠤ ᠠᠵᠢᠯᠯᠠᠵᠤ ᠪᠠᠢᠭ᠎ᠠ ᠨᠢᠭᠡᠴᠢ ᠵᠡᠷᠭᠡ᠎ᠶᠢᠨ
ᠮᠡᠳᠡᠭᠡ ᠵᠠᠩᠭᠢ᠎ᠶᠢ ᠬᠠᠩᠭᠠᠭᠠᠷᠠᠢ᠂ ᠪᠢᠳᠡ ᠠᠵᠢᠯ᠎ᠤᠨ ᠰᠠᠬᠢᠯᠭ᠎ᠠ ᠪᠠᠲᠤ᠎ᠶᠢ ᠴᠢᠩᠭ᠎ᠠ ᠵᠢᠷᠤᠮᠯᠠᠨ᠂ ᠠᠰᠠᠭᠤᠳᠠᠯ᠎ᠢ
ᠲᠤᠰᠬᠠᠬᠤ᠎ᠳᠤ ᠨᠢᠭᠤᠴᠠ ᠵᠢ ᠬᠠᠮᠠᠭᠠᠯᠠᠵᠤ᠂ ᠴᠠᠭ ᠲᠤᠬᠠᠢ ᠳ᠋ᠤᠨᠢ ᠬᠢᠨᠠᠨ ᠪᠠᠢᠴᠠᠭᠠᠭᠰᠠᠨ ᠦᠷ᠎ᠡ ᠳ᠋ᠦᠩ᠎ᠦᠨ
ᠲᠤᠬᠠᠢ ᠬᠠᠷᠢᠭᠤ ᠲᠤᠰᠬᠠᠨ᠎ᠠ᠃
ᠢᠯᠡ ᠨᠡᠢᠲᠡᠯᠡᠬᠦ ᠠᠯᠪᠠᠨ ᠭᠡᠷ ᠢ ᠥᠪᠥᠷ
ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠤ ᠨᠠᠮ᠎ᠤᠨ ᠬᠣᠷᠢᠶ᠎ᠠ ᠵᠢᠨ ᠨᠢᠭᠡᠳᠦᠮᠡᠯ ᠹᠷᠣᠨᠲ᠎ᠤᠨ ᠬᠡᠯᠲᠡᠰ᠎ᠤᠨ
ᠺᠠᠳ᠋ᠷ᠎ᠤᠨ ᠭᠠᠵᠠᠷ᠎ᠤᠨ 802 ᠳ᠋ᠤᠭᠠᠷ ᠲᠠᠰᠤᠭ᠎ᠲᠤ ᠲᠣᠬᠢᠷᠠᠭᠤᠯᠪᠠ᠃
ᠭᠥᠯᠢᠶᠡᠨ ᠠᠪᠬᠤ ᠴᠠᠭ᠄ ᠠᠵᠢᠯᠯᠠᠬᠤ ᠡᠳᠦᠷ᠎ᠦᠨ
ᠦᠳᠡ᠎ᠶᠢᠨ ᠡᠮᠦᠨᠡᠬᠢ 09:00 —12:00᠂ ᠦᠳᠡ᠎ᠶᠢᠨ ᠬᠣᠢᠨᠠᠬᠢ 14:30 —17:30
ᠬᠥᠯᠢᠶᠡᠨ ᠠᠪᠴᠤ ᠰᠢᠢᠳᠪᠦᠷᠢᠯᠡᠬᠦ ᠤᠲᠠᠰᠤ᠄
0471- 4868104 0471- 4866931
ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ
ᠵᠠᠰᠠᠬᠤ ᠣᠷᠣᠨ᠎ᠤ ᠠᠵᠢᠯᠲᠠᠨ᠎ᠤ ᠶᠠᠪᠤᠳᠠᠯ᠎ᠤᠨ ᠰᠢᠯᠭᠠᠯᠲᠠ᠎ᠶᠢᠨ ᠬᠦᠷᠢᠶᠡᠯᠡᠩ