《ᠬᠠᠮᠲᠤ᠌ ᠨᠦᠬᠦᠳ ᠡ᠂ ᠲᠠ᠎ᠨᠠᠷ ᠲᠸ᠋ 〈ᠲᠠᠨᠢᠯ ᠲᠠᠰᠤᠯ〉 ᠪᠤᠳᠤᠭᠳᠠᠵᠤ ᠪᠠᠢᠨ᠎ᠠ᠎ᠤᠤ ?》
ᠣᠢᠷ᠎ᠠ᠎ᠳᠤ᠂ ᠰᠢᠯᠢᠩᠬᠤᠳᠠ᠎ᠶ᠋ᠢᠨ ᠨᠢᠭᠡᠳᠦᠭᠡᠷ ᠳᠤᠮᠳᠠᠳᠤ ᠰᠤᠷᠭᠠᠭᠤᠯᠢ᠎ᠶ᠋ᠢᠨ ᠭᠤᠷᠪᠠᠳᠤᠭᠠᠷ ᠬᠤᠭᠤᠴᠠᠭᠠᠨ᠎ᠤ ᠰᠤᠷᠭᠠᠭᠤᠯᠢ᠎ᠶ᠋ᠢᠨ ᠲᠠᠰ᠎ᠤᠨ ETS ᠤᠷᠤᠯᠳᠤᠭᠠᠨ᠎ᠤ ᠰᠢ᠌ᠳᠪᠦᠷᠢᠲᠦ᠍ ᠤᠷᠤᠯᠳᠤᠭᠠᠨ᠎ᠤ ᠲᠤᠬᠠᠢ᠎ᠶ᠋ᠢᠨ ᠲᠠᠯᠠᠪᠠᠢ᠎ᠳᠤ ᠰᠢ᠌ᠳᠪᠦᠷᠢᠲᠦ᠍ ᠤᠷᠤᠯᠳᠤᠭᠠᠨ᠎ᠳᠤ ᠣᠷᠤᠬᠰᠠᠨ ᠡᠩᠨᠡᠭᠡ ᠨᠢ ᠪᠠᠷᠢᠮᠵᠢᠶᠠᠲᠤ᠌ ᠤᠯᠤᠰ᠎ᠤᠨ ᠨᠡᠢᠳᠡᠮ ᠬᠡᠷᠡᠭᠯᠡᠬᠦ᠌ ᠦᠭᠡ ᠬᠡᠯᠡ᠎ᠪᠡᠷ ᠦᠵᠡᠭᠴᠢᠳ᠎ᠲᠦ᠍ ᠵᠠᠳᠠᠯᠤᠯᠲᠠ ᠬᠢᠵᠦ ᠪᠠᠢᠯ᠎ᠠ᠃ ᠤᠷᠤᠯᠳᠤᠭᠠᠨ ᠳ᠋ᠤ ᠤᠷᠤᠯᠴᠠᠭᠰᠠᠳ ᠰᠤᠳᠤᠯᠭᠠᠨ᠎ᠤ ᠠᠴᠢ ᠬᠤᠯᠪᠤᠭᠳᠠᠯ᠂ ᠰᠤᠳᠤᠯᠭᠠᠨ᠎ᠤ ᠳ᠋ᠦᠩᠨᠡᠯᠲᠡ᠂ ᠢᠯᠡᠷᠡᠭᠦᠯᠦᠯᠲᠡ ᠪᠠ ᠪᠣᠳᠤᠯᠬᠢᠯᠠᠯ ᠵᠢᠴᠢ ᠰᠤᠳᠤᠯᠭᠠᠨ᠎ᠠᠴᠠ ᠶᠠᠭᠤ ᠰᠤᠷᠤᠭᠰᠠᠨ ᠵᠡᠷᠭᠡ ᠠᠭᠤᠯᠭ᠎ᠠ᠎ᠶ᠋ᠢ ᠲᠠᠨᠢᠯᠴᠠᠭᠤᠯᠬᠤ᠎ᠪᠠᠷ ᠳᠠᠮᠵᠢᠨ ᠪᠡᠶ᠎ᠡ᠎ᠪᠠᠨ ᠳᠠᠭᠠᠭᠠᠵᠤ ᠰᠦᠪᠡᠭᠴᠢᠯᠡᠨ ᠰᠤᠷᠤᠯᠴᠠᠬᠤ ᠦᠵᠡᠭᠦᠯᠭᠡᠬᠢᠪᠡ᠃
ᠲᠣᠰ ᠤᠷᠤᠯᠳᠤᠭᠠᠨ᠎ᠨᠢ 《ᠬᠠᠶ᠋ᠢᠨ ᠰᠦᠪᠡᠭᠴᠢᠯᠡᠬᠦ᠂ ᠰᠡᠳᠬᠢᠨ ᠪᠤᠳᠤᠯᠬᠢᠯᠠᠬᠤ᠂ ᠬᠠᠷᠢᠯᠴᠠᠨ ᠬᠤᠪᠢᠶᠠᠯᠴᠠᠬᠤ》 ᠪᠠᠷ ᠭᠤᠤᠯ ᠰᠡᠳᠦᠪ ᠪᠣᠯᠭᠠᠵᠤ᠂ ᠰᠤᠷᠭᠠᠭᠤᠯᠢ᠎ᠶ᠋ᠢᠨ ᠴᠦᠨ ᠾᠧ ᠨᠠᠢᠭᠡᠮᠯᠢᠭᠪᠦᠬᠦ ᠶᠠᠪᠤᠴᠠ ᠵᠢ ᠪᠡᠶ᠎ᠡ᠎ᠪᠠᠨ ᠳᠠᠭᠠᠭᠠᠨ ᠤᠬᠠᠭᠠᠯᠠᠨ ᠲᠥᠯᠦᠪᠯᠡᠵᠦ᠍᠂ ᠨᠢᠭᠡᠳᠦᠯᠲᠡᠢ ᠲᠥᠯᠦᠪᠵᠢᠬᠦᠯᠦᠨ ᠬᠡᠷᠡᠭᠵᠢᠭᠦᠯᠵᠡᠢ᠃ ᠤᠷᠤᠯᠳᠤᠭᠠᠨ᠎ᠳᠤ ᠣᠷᠤᠯᠴᠠᠭᠰᠠᠨ ᠰᠤᠷᠤᠭᠴᠢᠳ ᠡᠳᠦᠷ ᠲᠤᠲᠤᠮ᠎ᠤᠨ ᠰᠤᠷᠤᠯᠴᠠᠯᠭ᠎ᠠ ᠪᠠ ᠪᠣᠳᠠᠲᠤ ᠠᠮᠢᠳᠤᠷᠠᠯ᠎ᠳᠤ ᠰᠠᠭᠤᠷᠢᠯᠠᠨ᠂ ᠪᠠᠶ᠋ᠢᠭᠠᠯᠢ᠎ᠶ᠋ᠢᠨ ᠰᠢᠨᠵᠢᠯᠡᠬᠦ᠌ ᠤᠬᠠᠭᠠᠨ᠂ ᠤᠯᠠᠮᠵᠢᠯᠠᠯᠲᠤ᠌ ᠰᠣᠶᠤᠯ᠂ ᠨᠡᠶ᠋ᠢᠭᠡᠮ᠎ᠤᠨ ᠪᠠᠶ᠋ᠢᠴᠠᠭᠠᠨ ᠰᠤᠳᠤᠯᠤᠯᠲᠠ᠂ ᠠᠮᠢᠳᠤᠷᠠᠯ᠎ᠤᠨ ᠰᠢᠨ᠎ᠡ ᠡᠬᠦᠳᠤᠯᠳᠠ᠂ ᠦᠢᠯᠡᠳᠦᠯᠭᠡ᠎ᠶ᠋ᠢᠨ ᠰᠦᠪᠡᠭᠴᠢᠯᠡᠯᠲᠡ ᠵᠡᠷᠭᠡ ᠣᠯᠠᠨ ᠬᠦᠷᠢᠶ᠎ᠡ ᠴᠠᠷᠠᠭᠠᠨ᠎ᠤ ᠲᠣᠭᠤᠷᠢᠨ᠎ᠳᠤ ᠪᠡᠶ᠎ᠡ ᠪᠠᠨ ᠳᠠᠭᠠᠭᠠᠭᠰᠠᠨ ᠰᠡᠳᠦᠪ᠎ᠤᠨ ᠰᠤᠳᠤᠯᠭᠠᠨ ᠥᠷᠨᠢᠭᠦᠯᠪᠡ᠃ ᠲᠠᠢᠰᠠᠨ᠎ᠳᠤ ᠭᠠᠷᠴᠤ᠌ ᠰᠤᠳᠤᠯᠭᠠᠨ᠎ᠤ ᠦᠷ᠎ᠡ ᠪᠦᠲᠦᠭᠡᠯ᠎ᠢᠶᠠᠨ ᠳᠡᠯᠭᠡᠨ ᠦᠵᠡᠭᠦᠯᠬᠦ᠂ ᠬᠠᠢᠨ ᠰᠦᠪᠡᠭᠴᠢᠯᠡᠬᠦ ᠶᠠᠪᠤᠴᠠ᠎ᠶ᠋ᠢ ᠬᠠᠷᠢᠯᠴᠠᠨ ᠬᠤᠪᠢᠶᠠᠯᠴᠠᠬᠤ᠎ᠪᠠᠷ ᠳᠠᠮᠵᠢᠭᠤᠯᠤᠨ᠂ ᠰᠤᠷᠤᠭᠴᠢᠳ᠎ᠤᠨ ᠪᠡᠶ᠎ᠡ᠎ᠪᠠᠨ ᠳᠠᠭᠠᠭᠠᠵᠤ ᠰᠤᠳᠤᠯᠤᠨ ᠰᠤᠷᠤᠯᠴᠠᠬᠤ ᠴᠢᠳᠠᠪᠤᠷᠢ᠂ ᠦᠭᠡ ᠬᠡᠯᠡᠨ᠎ᠤ ᠢᠯᠡᠳᠬᠡᠬᠦ᠌ ᠴᠢᠳᠠᠪᠤᠷᠢ ᠵᠢᠴᠢ ᠢᠲᠡᠭᠡᠯ ᠵᠣᠷᠢᠭ᠎ᠢ ᠨᠠᠡᠭ ᠬᠦᠪᠴᠢᠯᠡᠵᠠᠢ᠃
《ETS ᠤᠷᠤᠯᠳᠤᠭᠠᠨ ᠳ᠋ᠤ ᠤᠷᠤᠯᠴᠠᠬᠤ ᠪᠡᠷ ᠲᠠᠮᠵᠢᠨ ᠰᠢᠯᠢᠳᠡᠭ ᠨᠦᠬᠦᠳ ᠲᠠᠢ ᠦᠷᠢᠰᠦᠯᠳᠦᠨ ᠮᠦᠷᠦᠢᠴᠡᠬᠦ᠎ᠪᠠᠷ ᠪᠠᠷᠠᠬᠤ᠎ᠦᠭᠡᠢ᠂ ᠪᠠᠰᠠ ᠤᠯᠤᠰ᠎ᠤᠨ ᠨᠡᠢᠳᠡᠮ ᠬᠡᠷᠡᠭᠯᠡᠬᠦ᠌ ᠦᠭᠡ ᠬᠡᠯᠡ ᠦᠰᠦᠭ ᠪᠢᠴᠢᠭ᠎ᠤᠨ ᠶᠠᠷᠢᠶᠠᠨ ᠤ ᠬᠡᠯᠡᠨ᠎ᠤ ᠢᠯᠡᠳᠭᠡᠬᠦ᠌ ᠴᠢᠳᠠᠪᠤᠷᠢ᠎ᠪᠠᠨ ᠲᠠᠪᠳᠠᠨ ᠪᠣᠯᠪᠠᠰᠤᠷᠠᠭᠤᠯᠵᠤ᠂ ᠨᠡᠩ ᠢᠲᠡᠭᠡᠯ ᠲᠡᠬᠦᠯᠳᠡᠷ ᠦᠭᠡᠳᠡᠷᠭᠡᠭ ᠲᠠᠪᠰᠢᠩᠭᠤᠢ ᠪᠤᠯᠵᠤ ᠴᠢᠳᠠᠨ᠎ᠠ》 ᠭᠡᠵᠦ ᠰᠢᠯᠢᠩᠬᠤᠳᠠ᠎ᠶ᠋ᠢᠨ ᠨᠢᠭᠡᠳᠦᠭᠡᠷ ᠳᠤᠮᠳᠠᠳᠤ ᠰᠤᠷᠭᠠᠭᠤᠯᠢ᠎ᠶ᠋ᠢᠨ ᠴᠦᠨ ᠾᠧ ᠨᠠᠢᠭᠡᠮᠯᠢᠭᠤᠨ ᠳᠠᠷᠤᠭ᠎ᠠ ᠯᠢ ᠶᠠᠨ ᠪᠥᠸᠧ ᠬᠡᠯᠡᠨ᠎ᠠ᠃
ᠲᠤᠰ ᠤᠳᠠᠭᠠᠨ᠎ᠤ ᠰᠢᠢᠳᠪᠦᠷᠢᠳᠦ ᠤᠷᠤᠯᠳᠤᠭᠠᠨ᠎ᠳ᠋ᠤ ᠤᠷᠤᠯᠴᠠᠭᠰᠠᠳ ᠪᠤᠯ ᠡᠯ᠎ᠡ ᠣᠨ᠎ᠤ ᠠᠩᠬᠠᠨ᠎ᠤ ᠤᠷᠤᠯᠳᠤᠭᠠᠨ᠎ᠡᠴᠡ ᠴᠤᠯᠭᠤᠷᠠᠨ ᠭᠠᠷᠤᠭᠰᠠᠳ ᠪᠤᠯᠤᠨ᠎ᠠ᠃ ᠤᠷᠤᠯᠳᠤᠭᠠᠨ᠎ᠢ ᠰᠤᠷᠤᠭᠴᠢᠳ ᠭᠤᠤᠯᠯᠠᠨ ᠡᠷᠬᠢᠯᠡᠵᠤ᠂ ᠪᠡᠶ᠎ᠡ᠎ᠪᠠᠨ ᠳᠠᠭᠠᠭᠠᠨ ᠬᠢᠨᠠᠨ ᠲᠣᠭᠲᠠᠭᠠᠬᠤ᠂ ᠪᠡᠶ᠎ᠡ᠎ᠪᠠᠨ ᠳᠠᠭᠠᠭᠠᠨ ᠬᠠᠮᠢᠶᠠᠷᠬᠤ ᠠᠷᠭ᠎ᠠ ᠬᠡᠮᠵᠢᠶ᠎ᠡ ᠠᠪᠴᠤ᠂ ᠰᠤᠷᠭᠠᠭᠤᠯᠢ᠎ᠶ᠋ᠢᠨ ᠰᠤᠳᠤᠯᠭᠠᠨ᠎ᠤ ᠴᠢᠨᠠᠷᠲᠠᠢ ᠰᠤᠷᠤᠯᠴᠠᠯᠭ᠎ᠠ᠎ᠶ᠋ᠢᠨ ᠪᠠᠶ᠋ᠢᠭᠤᠯᠤᠯᠲᠠ᠎ᠶ᠋ᠢ ᠪᠦᠲᠦᠮᠵᠢᠲᠡᠢ ᠠᠬᠢᠭᠤᠯᠵᠤ᠂ ᠰᠤᠷᠤᠭᠴᠢᠳ᠎ᠤᠨ ᠰᠢᠨ᠎ᠡ᠎ᠶ᠋ᠢ ᠡᠭᠦᠳᠬᠦ ᠬᠠᠶ᠋ᠢᠨ ᠰᠦᠪᠡᠭᠴᠢᠯᠡᠬᠦ᠌ ᠴᠢᠳᠠᠪᠤᠷᠢ᠎ᠶ᠋ᠢ ᠲᠡᠭᠡᠭᠰᠢᠯᠠᠬᠥᠯᠵᠤ᠂ ᠰᠤᠷᠤᠭᠴᠢᠳ᠎ᠲᠤ᠌ ᠰᠡᠳᠬᠢᠬᠦᠢ᠎ᠶ᠋ᠢᠨ ᠰᠣᠯᠢᠯᠴᠠᠭ᠎ᠠ ᠪᠠ ᠦᠷ᠎ᠡ ᠪᠦᠲᠦᠭᠡᠯ᠎ᠢ ᠳᠡᠯᠭᠡᠨ ᠦᠵᠡᠭᠦᠯᠬᠦ᠌ ᠲᠠᠪᠴᠠᠩ ᠪᠠᠶ᠋ᠢᠭᠤᠯᠵᠤ ᠦᠭᠬᠦ ᠪᠡᠷ ᠵᠤᠷᠢᠯᠭ᠎ᠠ ᠪᠠᠨ ᠪᠤᠯᠭᠠᠵᠠᠢ᠃
《ᠲᠤᠬᠠᠢ᠎ᠶ᠋ᠢᠨ ᠦᠶ᠎ᠡ᠎ᠳᠦ ᠰᠢᠯᠢᠩᠬᠤᠳᠠ᠎ᠶ᠋ᠢᠨ ᠨᠢᠭᠡᠳᠦᠭᠡᠷ ᠳᠤᠮᠳᠠᠳᠤ ᠰᠤᠷᠭᠠᠭᠤᠯᠢ᠎ᠶ᠋ᠢ ᠰᠣᠩᠭᠤᠨ ᠬᠠᠮᠲᠤᠷᠠᠯᠴᠠᠭ᠎ᠠ ᠥᠷᠨᠢᠭᠦᠯᠦᠭᠰᠡᠨ᠎ᠨᠢ ᠲᠣᠰ ᠰᠤᠷᠭᠠᠭᠤᠯᠢ ᠵᠢᠨ ᠡᠯᠪᠡᠭ ᠪᠠᠶᠠᠯᠢᠭ ᠠᠵᠢᠯᠯᠠᠭᠠᠨ᠎ᠤ ᠲᠠᠪᠴᠠᠩ ᠪᠠ ᠭᠦᠨ ᠵᠤᠵᠠᠭᠠᠨ ᠰᠦᠪᠡᠭᠴᠢᠯᠡᠬᠦ᠌ ᠠᠭᠤᠷ ᠠᠮᠢᠰᠭᠤᠯᠳ᠋ᠤ ᠦᠨᠳᠦᠰᠦᠯᠡᠭᠰᠡᠨ ᠶᠤᠮ᠃ ᠲᠠᠷᠠᠭᠠᠴᠢ᠎ᠶ᠋ᠢᠨ ᠠᠯᠬᠤᠮ᠎ᠳᠤ᠂ ᠪᠢᠳᠡ ᠪᠠᠭᠰᠢ᠎ᠶ᠋ᠢᠨ ᠬᠡᠪ ᠪᠣᠯᠪᠠᠰᠤᠷᠠᠯ ᠪᠠ ᠵᠢᠭᠠᠨ ᠰᠤᠳᠤᠯᠬᠤ ᠠᠵᠢᠯ᠎ᠢ ᠦᠷᠭᠦᠯᠵᠢᠯᠡᠨ ᠥᠷᠨᠢᠭᠦᠯᠬᠦ᠎ᠶ᠋ᠢᠨ ᠬᠠᠮᠲᠤ᠌ ᠤᠯᠤᠰ᠎ᠤᠨ ᠨᠡᠶ᠋ᠢᠳᠡᠮ ᠬᠡᠷᠡᠭᠯᠡᠬᠦ᠌ ᠦᠭᠡ ᠬᠡᠯᠡ ᠥᠰᠦᠭ ᠪᠢᠴᠢᠭ᠎ᠤᠨ ᠵᠢᠭᠠᠨ ᠰᠤᠷᠭᠠᠯᠲᠠ ᠳ᠋ᠤ ᠠᠭᠤᠰᠤᠯᠴᠠᠭᠤᠯᠵᠤ᠂ ᠰᠤᠷᠤᠭᠴᠢᠳ᠎ᠤᠨ ᠶᠡᠷᠦᠩᠬᠡᠶ᠋ᠢᠯᠡᠭᠰᠡᠨ ᠬᠡᠪ ᠪᠤᠯᠪᠠᠰᠤᠷᠠᠯ ᠪᠠ ᠦᠭᠡ ᠬᠡᠯᠡ ᠥᠰᠦᠭ ᠪᠢᠴᠢᠭ᠎ᠤᠨ ᠴᠢᠳᠠᠪᠤᠷᠢ᠎ᠶ᠋ᠢᠨ ᠬᠠᠮᠵᠢᠯᠴᠠᠨ ᠬᠥᠭᠵᠢᠬᠦ᠎ᠳᠤ ᠬᠦᠴᠦᠨ ᠨᠡᠮᠡᠷᠢᠯᠡᠨ᠎ᠡ》 ᠭᠡᠵᠦ ᠱᠠᠩᠬᠠᠢ᠎ᠶ᠋ᠢᠨ ᠴᠦᠨ ᠾᠧ ᠵᠠᠯᠠᠭᠤᠴᠤᠳ ᠪᠠᠭᠠᠴᠤᠳ᠎ᠤᠨ ᠬᠥᠭᠵᠢᠬᠦᠯᠤᠯᠳᠠᠶ᠋ᠢᠨ ᠲᠥᠪ᠎ᠤᠨ ᠰᠠᠢᠨ ᠲᠤᠷ᠎ᠠ᠎ᠵᠢᠨ ᠠᠵᠢᠯᠯᠠᠭᠴᠢ᠂ ᠳᠤᠮᠳᠠᠳᠤ ᠤᠯᠤᠰ᠎ᠤᠨ ᠠᠷᠠᠳ᠎ᠤᠨ ᠶᠡᠭᠡ ᠰᠤᠷᠭᠠᠭᠤᠯᠢ᠎ᠶ᠋ᠢᠨ ᠠᠰᠫᠢᠷᠠᠨᠲ ᠶᠠᠩ ᠰᠢᠶᠤᠤ ᠯᠦᠩ ᠬᠡᠯᠡᠯ᠎ᠠ᠃