ᠤᠢᠷ᠎ᠠ ᠳ᠋ᠤ᠂ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠂ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶᠢᠨ ᠲᠣᠪᠴᠢᠶ᠎ᠠ ᠵᠡᠷᠭᠡ 7 ᠰᠠᠯᠠᠭ᠎ᠠ ᠮᠥᠴᠢᠷ ᠬᠠᠮᠲᠤᠷᠠᠨ ᠪᠥᠬᠥ ᠣᠷᠣᠨ᠎ᠤ ᠰᠤᠷᠭᠠᠭᠤᠯᠢ᠎ᠶᠢᠨ ᠭᠠᠳᠠᠨᠠᠬᠢ ᠪᠣᠯᠪᠠᠰᠤᠷᠠᠯ᠎ᠤᠨ ᠪᠠᠢᠭᠤᠯᠤᠮᠵᠢ᠎ᠶᠢᠨ ᠠᠶᠤᠯᠭᠦᠢ ᠦᠢᠯᠡᠳᠪᠦᠷᠢᠯᠡᠯ᠎ᠦᠨ ᠪᠠᠢᠴᠠᠭᠠᠯᠲᠠ ᠥᠷᠨᠢᠭᠦᠯᠵᠦ᠂ 《ᠬᠣᠶᠠᠷ᠎ᠢ ᠬᠦᠩᠬᠡᠷᠡᠬᠦᠯᠬᠦ》ᠲᠥᠷᠥ᠎ᠶᠢᠨ ᠪᠣᠳᠣᠯᠭ᠎ᠠ᠎ᠶᠢ ᠤᠯᠠᠮ ᠨᠢᠭᠡ ᠠᠯᠬᠤᠮ ᠭᠦᠨᠵᠡᠭᠡᠢ ᠲᠤᠭᠤᠰᠢᠯᠠᠭᠤᠯᠤᠨ᠂ ᠰᠤᠷᠭᠠᠭᠤᠯᠢ᠎ᠶᠢᠨ ᠭᠠᠳᠠᠨᠠᠬᠢ ᠪᠣᠯᠪᠠᠰᠤᠷᠠᠯ᠎ᠤᠨ ᠠᠮᠤᠷ ᠲᠦᠪᠰᠢᠨ᠎ᠦ ᠬᠣᠷᠢᠭ᠎ᠠ ᠱᠤᠭᠤᠮ᠎ᠢ ᠡᠷᠡᠰ ᠪᠠᠲᠤ ᠰᠠᠬᠢᠪᠠ᠃
ᠲᠣᠰ ᠤᠳᠠᠭᠠᠨ᠎ᠤ ᠪᠠᠢᠴᠠᠭᠠᠯᠲᠠ᠎ᠶᠢᠨ ᠠᠵᠢᠯ ᠨᠢ ᠪᠥᠬᠥ ᠣᠷᠣᠨ᠎ᠤ ᠪᠣᠶ ᠪᠦᠬᠦᠢ ᠬᠢᠴᠢᠶᠡᠯ ᠲᠥᠷᠥᠯ᠂ ᠬᠢᠴᠢᠶᠡᠯ ᠲᠦᠷᠦᠯ᠎ᠤᠨ ᠪᠤᠰᠤ ᠰᠤᠷᠭᠠᠭᠤᠯᠢ᠎ᠶᠢᠨ ᠭᠠᠳᠠᠨᠠᠬᠢ ᠪᠣᠯᠪᠠᠰᠤᠷᠠᠯ᠎ᠤᠨ ᠪᠠᠢᠭᠤᠯᠤᠮᠵᠢ᠎ᠶᠢ ᠬᠠᠮᠤᠷᠴᠤ᠂ ᠤᠷᠢᠳᠴᠢᠯᠠᠨ ᠰᠡᠷᠭᠡᠢᠯᠡᠬᠦ᠎ᠪᠡᠷ ᠭᠣᠣᠯ ᠪᠣᠯᠭᠠᠵᠤ᠂ ᠪᠣᠳᠠᠲᠤ ᠦᠷ᠎ᠡ ᠪᠦᠲᠦᠮᠵᠢ᠎ᠶᠢ ᠴᠢᠬᠤᠯᠠᠴᠢᠯᠠᠬᠤ᠎ᠶᠢ ᠪᠠᠷᠢᠮᠲᠠᠯᠠᠨ᠂ ᠬᠡᠷᠡᠭ᠎ᠦᠨ ᠡᠮᠦᠨ᠎ᠡ ᠳᠠᠯᠳᠠ ᠬᠡᠮ᠎ᠢ ᠵᠢᠭ᠍ᠰᠠᠭᠠᠨ ᠪᠠᠢᠴᠠᠭᠠᠵᠤ᠂ ᠲᠦᠭᠰᠢᠭᠦᠷᠢ᠎ᠶᠢ ᠠᠷᠢᠯᠭᠠᠨ᠂ ᠡᠬᠡ ᠲᠠᠩᠰᠠ ᠪᠠᠢᠭᠤᠯᠵᠤ᠂ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠢᠵᠢᠷᠠᠭᠤᠯᠵᠤ᠂ ᠳᠠᠪᠲᠠᠨ ᠪᠠᠢᠴᠠᠭᠠᠵᠤ ᠰᠢᠯᠭᠠᠨ ᠠᠪᠴᠤ᠂ 《ᠵᠢᠭ᠍ᠰᠠᠭᠠᠨ ᠪᠠᠢᠴᠠᠭᠠᠬᠤ — ᠲᠠᠩᠰᠠ ᠡᠪᠬᠡᠮᠡᠯ ᠪᠠᠶ᠋ᠢᠭᠤᠯᠬᠤ — ᠴᠡᠭᠴᠡᠯᠡᠨ ᠰᠠᠢᠵᠢᠷᠠᠭᠤᠯᠬᠤ — ᠳᠠᠪᠲᠠᠨ ᠪᠠᠢᠴᠠᠭᠠᠬᠤ — ᠳ᠋ᠤᠭᠠᠷ᠎ᠢ ᠬᠠᠰᠤᠬᠤ》 ᠪᠢᠲᠡᠭᠦᠦ ᠴᠠᠭᠠᠷᠢᠭ᠋᠎ᠢ ᠪᠣᠶ ᠪᠣᠯᠭᠠᠪᠠ᠃ ᠪᠠᠢᠴᠠᠭᠠᠬᠤ ᠠᠭᠤᠯᠭ᠎ᠠ᠎ᠳᠤ ᠭᠣᠣᠯᠳᠠᠭᠤ᠄ ᠡᠯ᠎ᠡ ᠲᠥᠷᠥᠯ᠎ᠦᠨ ᠬᠢᠴᠢᠶᠡᠯ ᠲᠦᠷᠦᠯ᠎ᠤᠨ ᠪᠤᠰᠤ ᠪᠣᠯᠪᠠᠰᠤᠷᠠᠯ᠎ᠤᠨ ᠪᠠᠢᠭᠤᠯᠤᠮᠵᠢ᠎ᠶᠢᠨ ᠦᠨᠡᠮᠯᠡᠯ ᠦᠭᠡᠢ᠂ ᠦᠨᠡᠮᠯᠡᠯ ᠪᠦᠷᠢᠨ ᠪᠤᠰᠤ᠂ ᠬᠡᠪᠴᠢᠶ᠎ᠡ᠎ᠡᠴᠡ ᠬᠡᠲᠦᠷᠡᠭᠦᠯᠦᠨ ᠰᠤᠷᠭᠠᠭᠤᠯᠢ ᠡᠷᠭᠢᠯᠡᠭᠰᠡᠨ ᠵᠢᠴᠢ ᠬᠢᠨᠠᠨ ᠵᠥᠪᠰᠢᠶᠡᠷᠡᠭᠦᠯᠦᠭᠰᠡᠨ ᠦᠭᠡᠢ᠎ᠪᠡᠷ ᠳᠤᠷ᠎ᠠ᠎ᠪᠠᠷ᠎ᠢᠶᠠᠨ ᠵᠢᠭᠠᠨ ᠰᠤᠷᠭᠠᠯᠲᠠ᠎ᠶᠢᠨ ᠴᠡᠭ ᠭᠠᠷᠭᠠᠭᠰᠠᠨ᠂ ᠣᠷᠣᠨ ᠪᠦᠰᠡ ᠠᠯᠤᠰᠯᠠᠨ ᠲᠣᠭᠲᠠᠭᠠᠯ ᠠ᠋ᠴᠠ ᠵᠥᠷᠢᠴᠡᠨ ᠰᠤᠷᠭᠠᠭᠤᠯᠢ ᠡᠷᠭᠢᠯᠡᠭᠰᠡᠨ ᠵᠡᠷᠭᠡ ᠠᠰᠠᠭᠤᠳᠠᠯ᠎ᠢ ᠴᠢᠩᠭ᠎ᠠ ᠪᠠᠢᠴᠠᠭᠠᠪᠠ; ᠪᠠᠢᠭᠤᠯᠤᠮᠵᠢ᠎ᠵᠢᠨ ᠬᠢᠴᠢᠶᠡᠯ ᠲᠥᠷᠥᠯ᠎ᠦᠨ ᠳᠠᠯᠳᠠ ᠣᠨᠳᠣᠣᠰᠢᠯ᠎ᠤᠨ ᠲᠣᠭᠲᠠᠭᠠᠯ᠎ᠡᠴᠡ ᠵᠥᠷᠢᠴᠡᠭᠰᠡᠨ ᠪᠣᠯᠪᠠᠰᠤᠷᠠᠯ ᠥᠷᠨᠢᠭᠦᠯᠦᠭᠰᠡᠨ ᠡᠰᠡᠬᠦ᠂ ᠬᠢᠴᠢᠶᠡᠯ ᠲᠦᠷᠦᠯ᠎ᠤᠨ ᠪᠤᠰᠤ ᠪᠣᠯᠪᠠᠰᠤᠷᠠᠯ᠎ᠤᠨ ᠪᠠᠢᠭᠤᠯᠤᠮᠵᠢ ᠲᠣᠭᠲᠠᠭᠠᠯ ᠡᠴᠡ ᠵᠥᠷᠢᠴᠡᠨ ᠬᠢᠴᠢᠶᠡᠯ ᠲᠥᠷᠥᠯ᠎ᠦᠨ ᠪᠣᠯᠪᠠᠰᠤᠷᠠᠯ ᠥᠷᠨᠢᠭᠦᠯᠦᠭᠰᠡᠨ ᠵᠡᠷᠭᠡ ᠠᠵᠢᠯᠯᠠᠭ᠎ᠠ ᠪᠠᠢᠬᠤ ᠡᠰᠡᠬᠦ᠎ᠶᠢ ᠴᠢᠩᠭ᠎ᠠ ᠪᠠᠢᠴᠠᠭᠠᠬᠤ᠂ ᠦᠨ᠎ᠡ ᠬᠠᠩᠰᠢ᠎ᠶᠢᠨ ᠲᠠᠯ᠎ᠠ᠎ᠪᠠᠷ ᠬᠠᠤᠯᠢ ᠠ᠋ᠴᠠ ᠵᠥᠷᠢᠴᠡᠭᠰᠡᠨ᠂ ᠬᠤᠳᠠᠯ ᠬᠠᠭᠤᠷᠮᠠᠭ᠎ᠢᠶᠠᠷ ᠤᠬᠠᠭᠤᠯᠤᠭᠰᠠᠨ᠂ ᠪᠣᠯᠪᠠᠰᠤᠷᠠᠯ᠎ᠤᠨ ᠬᠢᠴᠢᠶᠡᠯ᠂ ᠪᠣᠯᠪᠠᠰᠤᠷᠠᠯ᠎ᠤᠨ ᠮᠠᠲᠧᠷᠢᠶᠠᠯ ᠨᠢ ᠤᠯᠤᠰ᠎ᠤᠨ ᠬᠣᠯᠪᠣᠭᠳᠠᠯ ᠪᠦᠬᠦᠢ ᠲᠣᠭᠲᠠᠭᠠᠯ᠎ᠤᠨ ᠱᠠᠭᠠᠷᠳᠠᠯᠭ᠎ᠠ᠎ᠳᠤ ᠨᠡᠢᠴᠡᠬᠦ ᠡᠰᠡᠬᠦ᠂ ᠲᠣᠭᠲᠠᠭᠠᠯ ᠠ᠋ᠴᠠ ᠵᠥᠷᠢᠴᠡᠨ ᠠᠵᠢᠯ ᠦᠢᠯᠡᠰ ᠡᠷᠭᠢᠯᠡᠬᠦ ᠬᠢᠷᠢ ᠬᠡᠮ ᠦᠭᠡᠢ ᠬᠥᠮᠥᠰ᠎ᠢ ᠤᠷᠢᠨ ᠬᠡᠷᠡᠭᠯᠡᠭᠰᠡᠨ ᠡᠰᠡᠬᠦ᠂ ᠠᠵᠢᠯ᠎ᠳᠤ ᠪᠠᠢᠭ᠎ᠠ ᠪᠠᠭ᠍ᠰᠢ᠎ᠶᠢᠨ ᠬᠢᠴᠢᠶᠡᠯᠯᠡᠭᠰᠡᠨ ᠠᠰᠠᠭᠤᠳᠠᠯ ᠣᠷᠣᠰᠢᠵᠤ ᠪᠠᠢᠬᠤ ᠡᠰᠡᠬᠦ; ᠰᠤᠷᠭᠠᠭᠤᠯᠢ ᠡᠷᠭᠢᠯᠡᠬᠦ ᠲᠠᠯᠠᠪᠤᠷ ᠭᠠᠵᠠᠷ ᠨᠢ ᠠᠮᠤᠷ ᠲᠦᠪᠰᠢᠨ᠎ᠦ ᠪᠠᠷᠢᠮᠵᠢᠶ᠎ᠠ᠎ᠳᠤ ᠨᠡᠢᠴᠡᠬᠦ ᠦᠭᠡᠢ᠂ ᠭᠠᠯ ᠤᠨᠲᠠᠷᠠᠭᠠᠬᠤ ᠲᠤᠨᠤᠭ ᠲᠦᠬᠦᠬᠡᠷᠦᠮᠵᠢ ᠨᠢ ᠬᠤᠭᠤᠴᠠᠭ᠎ᠠ ᠠ᠋ᠴᠠ ᠬᠡᠲᠦᠷᠡᠭᠰᠡᠨ᠂ ᠠᠮᠤᠷ ᠲᠦᠪᠰᠢᠨ᠎ᠦ ᠨᠡᠪᠲᠡᠷᠡᠬᠦ ᠵᠠᠮ ᠪᠥᠭᠯᠡᠷᠡᠭᠰᠡᠨ᠂ ᠠᠮᠤᠷ ᠲᠦᠪᠰᠢᠨ᠎ᠦ ᠬᠠᠮᠢᠶᠠᠷᠤᠯᠲᠠ᠎ᠶᠢᠨ ᠳᠦᠷᠢᠮ᠎ᠢ ᠦᠯᠦ ᠨᠠᠢᠳᠠᠪᠤᠷᠢᠵᠢᠭᠤᠯᠤᠭᠰᠠᠨ᠂ ᠠᠮᠤᠷ ᠲᠦᠪᠰᠢᠨ᠎ᠦ ᠬᠡᠮ ᠰᠤᠭᠤᠭ᠎ᠢ ᠵᠢᠭ᠍ᠰᠠᠭᠠᠨ ᠪᠠᠢᠴᠠᠭᠠᠵᠤ ᠴᠡᠭᠴᠡᠯᠡᠨ ᠰᠠᠢᠵᠢᠷᠠᠭᠤᠯᠬᠤᠠᠵᠢᠯᠯᠠᠭᠠ ᠥᠷᠨᠢᠭᠦᠯᠦᠭᠰᠡᠨ ᠦᠭᠡᠢ ᠵᠡᠷᠭᠡ ᠠᠰᠠᠭᠤᠳᠠᠯ᠎ᠢ ᠴᠢᠩᠭ᠎ᠠ ᠪᠠᠢᠴᠠᠭᠠᠬᠤ ᠵᠡᠷᠬᠡ ᠵᠢ ᠲᠤᠬᠢᠷᠠᠭᠤᠯᠵᠠᠢ᠃
ᠣᠢᠯᠠᠭᠠᠭᠰᠠᠨ᠎ᠢᠶᠠᠷ᠂ ᠡᠯ᠎ᠡ ᠭᠠᠵᠠᠷ᠎ᠤᠨ ᠬᠢᠨ ᠨᠢᠭᠡᠨᠲᠡ ᠰᠤᠷᠭᠠᠨ ᠬᠥᠮᠦᠵᠢᠯ᠂ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠰᠣᠶᠣᠯ ᠵᠢᠭᠤᠯᠴᠢᠯᠠᠯ᠂ ᠪᠡᠶ᠎ᠡ᠎ᠶᠢᠨ ᠲᠠᠮᠢᠷ᠂ ᠠᠷᠠᠳ᠎ᠤᠨ ᠶᠠᠪᠤᠳᠠᠯ ᠵᠢᠴᠢ ᠭᠠᠯ ᠤᠨᠲᠠᠷᠠᠭᠠᠵᠤ ᠠᠪᠤᠷᠠᠨ ᠲᠤᠰᠠᠯᠠᠬᠤ ᠵᠡᠷᠭᠡ ᠣᠯᠠᠨ ᠰᠠᠯᠠᠭ᠎ᠠ ᠮᠥᠴᠢᠷ᠂ ᠨᠢᠭᠡᠴᠢ ᠬᠣᠯᠪᠤᠭᠠᠯᠠᠨ ᠬᠥᠳᠡᠯᠦᠯᠴᠡᠭᠰᠡᠨ ᠬᠠᠮᠲᠤᠷᠠᠨ ᠠᠵᠢᠯᠯᠠᠬᠤ ᠲᠣᠭᠲᠠᠴᠠ᠎ᠶᠢ ᠪᠠᠢᠭᠤᠯᠵᠤ᠂ ᠬᠠᠷᠢᠶ᠎ᠠ ᠣᠷᠣᠨ᠎ᠤ ᠰᠤᠷᠭᠠᠭᠤᠯᠢ᠎ᠶᠢᠨ ᠭᠠᠳᠠᠨᠠᠬᠢ ᠪᠣᠯᠪᠠᠰᠤᠷᠠᠯ᠎ᠤᠨ ᠪᠠᠢᠭᠤᠯᠤᠮᠵᠢ᠎ᠶᠢᠨ ᠡᠬᠡ ᠲᠠᠩᠰᠠ᠂ ᠠᠰᠠᠭᠤᠳᠠᠯ᠎ᠲᠠᠢ ᠪᠠᠢᠭᠤᠯᠤᠮᠵᠢ᠎ᠶᠢ ᠴᠡᠭᠴᠡᠯᠡᠨ ᠥᠭᠡᠷᠡᠴᠢᠯᠡᠬᠦ ᠡᠬᠡ ᠲᠠᠩᠰᠠ᠎ᠶᠢ ᠪᠠᠢᠭᠤᠯᠵᠤ᠂ ᠰᠠᠭᠤᠷᠢ ᠲᠣᠭ᠎ᠠ ᠨᠢ ᠲᠣᠳᠣᠷᠬᠠᠢ᠂ ᠠᠰᠠᠭᠤᠳᠠᠯ ᠨᠢ ᠲᠣᠳᠣᠷᠬᠠᠢ᠂ ᠡᠬᠡ ᠲᠠᠩᠰᠠ ᠨᠢ ᠪᠦᠷᠢᠨ ᠪᠠᠢᠬᠤ᠎ᠶᠢ ᠪᠡᠶᠡᠯᠡᠭᠦᠯᠪᠡ᠃ ᠡᠭᠦᠨ᠎ᠡᠴᠡ ᠭᠠᠳᠠᠨ᠎ᠠ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ᠎ᠦᠨ ᠬᠢᠨ ᠪᠠᠰᠠ ᠰᠤᠷᠭᠠᠭᠤᠯᠢ᠎ᠶᠢᠨ ᠭᠠᠳᠠᠨᠠᠬᠢ ᠪᠣᠯᠪᠠᠰᠤᠷᠠᠯ᠎ᠤᠨ ᠲᠣᠭᠲᠠᠭᠠᠯ ᠠ᠋ᠴᠠ ᠵᠥᠷᠢᠴᠡᠨ ᠰᠤᠷᠭᠠᠭᠤᠯᠢ ᠡᠷᠭᠢᠯᠡᠭᠰᠡᠨ ᠢᠯᠡᠴᠢᠯᠡᠨ ᠮᠡᠳᠡᠭᠦᠯᠬᠦ ᠠᠷᠭ᠎ᠠ ᠵᠠᠮ ᠢ᠋ ᠢᠯᠡ ᠪᠣᠯᠭᠠᠬᠤ᠎ᠶᠢᠨ ᠬᠠᠮᠲᠤ ᠰᠤᠷᠭᠠᠭᠤᠯᠢ᠎ᠶᠢᠨ ᠭᠠᠳᠠᠨᠠᠬᠢ ᠪᠣᠯᠪᠠᠰᠤᠷᠠᠯ ᠢ᠋ ᠵᠠᠰᠠᠬᠤ ᠲᠥᠷᠥ᠎ᠶᠢᠨ ᠪᠣᠳᠣᠯᠭ᠎ᠠ ᠬᠠᠤᠯᠢ ᠲᠣᠭᠲᠠᠭᠠᠯ ᠢ᠋ ᠥᠷᠭᠡᠨ᠎ᠢᠶᠡᠷ ᠤᠬᠠᠭᠤᠯᠵᠤ᠂ ᠭᠡᠷ᠎ᠦᠨ ᠠᠬᠠᠮᠠᠳ ᠢ᠋ ᠬᠥᠲᠥᠯᠥᠨ ᠵᠢᠯᠤᠭᠣᠳᠴᠤ ᠪᠠᠢᠭᠠᠳ ᠲᠣᠭᠲᠠᠭᠠᠯ᠎ᠳᠤ ᠨᠡᠢᠴᠡᠭᠰᠡᠨ ᠪᠣᠯᠪᠠᠰᠤᠷᠠᠯ᠎ᠤᠨ ᠪᠠᠢᠭᠤᠯᠤᠮᠵᠢ᠎ᠶᠢ ᠣᠶᠤᠨᠴᠢ᠎ᠪᠠᠷ ᠰᠣᠩᠭᠣᠭᠤᠯᠵᠤ᠂ ᠪᠥᠬᠥ ᠨᠡᠢᠭᠡᠮ᠎ᠢᠶᠡᠷ᠎ᠢᠶᠡᠨ ᠬᠠᠮᠲᠤ᠎ᠪᠠᠷ ᠬᠢᠨᠠᠯᠲᠠ ᠲᠠᠯᠪᠢᠬᠤ᠂ ᠬᠠᠮᠲᠤ᠎ᠪᠠᠷ ᠵᠠᠰᠠᠬᠤ ᠰᠠᠢᠨ ᠰᠠᠢᠬᠠᠨ ᠠᠭᠤᠷ ᠠᠮᠢᠰᠬᠤᠯ ᠢ᠋ ᠪᠣᠶ ᠪᠣᠯᠭᠠᠬᠤ ᠪᠤᠯᠤᠨ᠎ᠠ᠃