ᠦᠪᠦᠷ ᠮᠤᠡᠭᠭᠤᠯ ᠤ᠋ᠨ ᠠᠬᠠᠮᠠᠳ ᠴᠡᠷᠢᠭ᠎ᠦᠨ ᠤᠬᠠᠭᠤᠯᠤᠨ ᠲᠠᠢᠯᠪᠤᠷᠢᠯᠬᠠᠤ ᠪᠦᠯᠬᠦᠮ ᠬᠤᠪᠢᠰᠬᠠᠯ᠎ᠤᠨ ᠵᠤᠷᠢᠭ ᠰᠠᠨᠠᠭ᠎ᠠ ᠵᠢ ᠰᠤᠷᠭᠠᠭᠤᠯᠢ᠎ᠶᠢᠨ ᠬᠦᠷᠢᠶᠡᠨ ᠳ᠋ᠤ ᠦᠷᠭᠡᠨ ᠵᠢᠡᠷ ᠤᠯᠠᠮᠵᠢᠯᠠᠵᠤ ᠪᠤᠢ
2026-07-23 11:37:25
ᠵᠣᠬᠢᠶᠠᠭ᠍ᠴᠢ᠄
ᠰᠦᠨ ᠯᠢ ᠶᠢᠡᠭ
ᠣᠩᠱᠢᠭ᠍ᠰᠠᠨ ᠣᠳᠠᠭ᠎ᠠ᠄
★★★☆☆

ᠲᠦᠷᠦᠭᠦᠬᠡᠨ᠂ ᠥᠪᠥᠷ ᠮᠣᠩᠭᠣᠯ᠎ᠤᠨ ᠠᠬᠠᠮᠠᠳ ᠴᠡᠷᠢᠭ ᠤ᠋ᠨ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠬᠢᠨ ᠶᠡᠬᠡ ᠳᠡᠭᠡᠳᠦ ᠰᠤᠷᠭᠠᠭᠤᠯᠢ᠂ ᠳᠤᠮᠳᠠᠳᠤ ᠪᠠᠭ᠎ᠠ ᠰᠤᠷᠭᠠᠭᠤᠯᠢ ᠪᠡᠷ ᠭᠦᠨᠵᠡᠭᠡᠢᠷᠡᠨ᠂ ᠦᠪᠡᠷ ᠤ᠋ᠨ ᠴᠡᠷᠢᠭ᠎ᠠᠡᠬᠬᠢ ᠵᠢᠨ ᠦᠯᠢᠭᠡᠷ᠎ᠢᠶᠡᠷ ᠵᠢᠡᠨ ᠳᠠᠮᠵᠢᠨ ᠤᠯᠤᠰ᠎ᠲᠠᠭᠠᠨ ᠵᠢᠳᠬᠦᠬᠦ ᠤᠭ ᠰᠠᠨᠠᠭ᠎ᠠ᠂ ᠬᠤᠪᠢᠰᠬᠠᠯ᠎ᠤᠨ ᠲᠡᠮᠡᠴᠡᠯ᠎ᠦᠨ ᠵᠣᠷᠢᠭ᠋ ᠰᠠᠨᠠᠭ᠎ᠠ᠎ᠶᠢ ᠤᠯᠠᠮᠵᠢᠯᠠᠵᠤ᠂ ᠤᠯᠤᠰ᠎ᠢᠶᠠᠨ ᠬᠠᠢᠷᠠᠯᠠᠵᠤ ᠴᠡᠷᠢᠭ᠎ᠢᠶᠡᠨ ᠬᠦᠴᠦᠷᠬᠡᠭᠵᠢᠭᠦᠯᠬᠦ ᠬᠦᠰᠡᠯᠡᠩ ᠢᠲᠡᠭᠡᠯ ᠪᠢᠰᠢᠷᠡᠯ᠎ᠢ ᠤᠯᠠᠨ ᠤ᠋ ᠰᠡᠳᠬᠢᠯ ᠳ᠋ᠤ ᠬᠠᠳᠠᠡᠭᠰᠢᠭᠤᠯᠪᠠ᠃

ᠥᠪᠥᠷ ᠮᠣᠩᠭᠣᠯ᠎ᠤᠨ ᠲᠠᠷᠢᠶᠠᠯᠠᠩ᠎ᠤᠨ ᠶᠡᠬᠡ ᠰᠤᠷᠭᠠᠭᠤᠯᠢ᠎ᠳ᠋ᠤ ᠠᠬᠠᠮᠠᠳ ᠴᠡᠷᠢᠭ᠎ᠦᠨ ᠤᠬᠠᠭᠤᠯᠤᠨ ᠲᠠᠢᠯᠪᠤᠷᠢᠯᠠᠯᠳᠠ ᠰᠤᠷᠭᠠᠭᠤᠯᠢ᠎ᠶᠢᠨ ᠬᠦᠷᠢᠶᠡᠨ᠎ᠳᠦ ᠣᠷᠣᠬᠤ ᠵᠢᠴᠢ 2026 ᠣᠨ᠎ᠤ ᠨᠠᠮᠤᠷ᠎ᠤᠨ ᠤᠯᠠᠷᠢᠯ᠎ᠤᠨ ᠴᠡᠷᠢᠭ ᠡᠯᠰᠡᠬᠦ ᠤᠬᠠᠭᠤᠯᠭ᠎ᠠ᠎ᠶᠢᠨ ᠠᠵᠢᠯᠯᠠᠭ᠎ᠠ᠎ᠶᠢ ᠥᠷᠨᠢᠭᠦᠯᠵᠦ᠂ 400 ᠭᠠᠷᠤᠢ ᠪᠠᠭ᠍ᠰᠢ ᠰᠤᠷᠤᠭ᠍ᠴᠢ  ᠤᠯᠤᠰ᠎ᠤᠨ ᠪᠠᠲᠤᠯᠠᠨ ᠬᠠᠮᠠᠭᠠᠯᠠᠯᠲᠠ᠎ᠶᠢᠨ ᠦᠵᠡᠯ ᠰᠠᠨᠠᠭ᠎ᠠ ᠤᠯᠤᠰ ᠲᠦᠷᠦ᠎ᠶᠢᠨ ᠬᠢᠴᠢᠶᠡᠯ᠎ᠢ ᠬᠠᠮᠲᠤ᠎ᠪᠠᠷ ᠰᠣᠨᠣᠰᠪᠠ᠃ ᠠᠵᠢᠯᠯᠠᠭ᠎ᠠ᠎ᠶᠢᠨ ᠲᠤᠬᠠᠢ᠎ᠶᠢᠨ ᠲᠠᠯᠠᠪᠠᠶ᠎ᠳᠤ᠂ ᠬᠥᠬᠡᠬᠣᠲᠠ᠎ᠶᠢᠨ ᠰᠠᠢᠬᠠᠨ ᠲᠣᠭᠣᠷᠢᠭ᠋᠎ᠤᠨ ᠠᠷᠠᠳ᠎ᠤᠨ ᠵᠡᠪᠰᠡᠭᠲᠦ ᠬᠦᠴᠦᠨ᠎ᠦ ᠬᠡᠯᠲᠡᠰ᠎ᠦᠨ ᠠᠵᠢᠯᠲᠠᠨ ᠲᠣᠰ ᠵᠢᠯ᠎ᠦᠨ ᠨᠠᠮᠤᠷ᠎ᠤᠨ ᠤᠯᠠᠷᠢᠯ᠎ᠤᠨ ᠴᠡᠷᠢᠭ ᠡᠯᠰᠡᠬᠦ ᠡᠯ᠎ᠡ ᠲᠥᠷᠥᠯ᠎ᠦᠨ ᠬᠠᠷᠠᠭᠠᠯᠵᠠᠯ᠎ᠤᠨ ᠲᠥᠷᠥ᠎ᠶᠢᠨ ᠪᠣᠳᠣᠯᠭ᠎ᠠ᠎ᠶᠢ ᠨᠠᠷᠢᠯᠢᠭ᠋ ᠲᠠᠢᠯᠪᠤᠷᠢᠯᠠᠵᠤ᠂ ᠵᠠᠯᠠᠭᠤ ᠰᠤᠷᠤᠭ᠍ᠴᠢᠳ᠎ᠲᠤ ᠴᠡᠷᠢᠭ᠎ᠲᠦ ᠣᠷᠣᠵᠤ᠂ ᠤᠯᠤᠰ ᠣᠷᠣᠨ᠎ᠢᠶᠠᠨ ᠬᠠᠮᠠᠭᠠᠯᠠᠬᠤ ᠤᠷᠢᠶᠠᠯᠠᠭ᠎ᠠ ᠭᠠᠷᠭᠠᠪᠠ᠃

ᠪᠣᠷᠣᠳᠣᠬᠣᠢ ᠳᠡᠭᠡᠳᠦ ᠰᠤᠷᠭᠠᠭᠤᠯᠢ᠎ᠳᠤ᠂ ᠥᠪᠥᠷ ᠮᠣᠩᠭᠣᠯ᠎ᠤᠨ ᠠᠬᠠᠮᠠᠳ  ᠴᠡᠷᠢᠭ ᠤ᠋ᠨ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠭᠦᠨ ᠵᠢᠶᠠ ᠰᠢᠶᠣᠣ ᠳ᠋ᠦᠩ 《ᠳᠤᠮᠳᠠᠳᠤ ᠤᠯᠤᠰ᠎ᠢᠶᠠᠨ ᠬᠠᠢᠷᠠᠯᠠᠶ᠎ᠠ》 ᠭᠡᠬᠦ ᠰᠡᠳᠦᠪ᠎ᠢᠶᠡᠷ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ ᠭᠣᠣᠯ ᠠᠭᠤᠯᠤᠭᠳᠠᠬᠤᠨ᠂ ᠴᠠᠭ ᠦᠶ᠎ᠡ᠎ᠶᠢᠨ ᠦᠷᠳᠡᠭ ᠪᠣᠯᠣᠨ ᠦᠢᠯᠡᠳᠦᠯᠭᠡ᠎ᠶᠢᠨ ᠠᠷᠭ᠎ᠠ ᠵᠠᠮ᠎ᠤᠨ ᠲᠣᠭᠣᠷᠢᠨ᠎ᠳᠤ ᠨᠠᠷᠢᠨ ᠵᠠᠳᠠᠯᠵᠤ᠂ ᠦᠨᠳᠦᠰᠦᠲᠡᠨ᠎ᠦ ᠪᠦᠯᠬᠦᠮᠳᠡᠯ᠎ᠦᠨ ᠬᠥᠭᠵᠢᠯᠲᠡ᠎ᠶᠢᠨ ᠰᠠᠭᠤᠷᠢ᠂ ᠰᠢᠨ᠎ᠡ ᠴᠠᠭ ᠦᠶ᠎ᠡ᠎ᠶᠢᠨ ᠤᠯᠤᠰ᠎ᠢᠶᠠᠨ ᠬᠠᠢᠷᠠᠯᠠᠬᠤ ᠵᠣᠷᠢᠭ᠋ ᠰᠠᠨᠠᠭᠠᠨ᠎ᠤ ᠠᠭᠤᠯᠤᠭᠳᠠᠬᠤᠨ᠂ ᠦᠨᠳᠦᠰᠦᠲᠡᠨ᠎ᠦ ᠰᠡᠷᠭᠦᠨ ᠮᠠᠨᠳᠤᠯᠲᠠ᠎ᠶᠢᠨ ᠵᠠᠯᠠᠭᠤᠴᠤᠳ ᠤ᠋ᠨ ᠡᠭᠦᠷᠭᠡ ᠵᠡᠷᠭᠡ ᠭᠤᠷᠪᠠᠨ ᠲᠠᠯ᠎ᠠ᠎ᠡᠴᠡ ᠤᠨᠤᠯ᠎ᠤᠨ ᠮᠡᠳᠡᠯᠭᠡ᠎ᠶᠢ ᠤᠬᠠᠭᠤᠯᠪᠠ᠃

ᠣᠷᠳᠣᠰ ᠬᠣᠲᠠ᠎ᠶᠢᠨ ᠳ᠋ᠦᠩᠱᠧᠩ ᠲᠣᠭᠣᠷᠢᠭ᠋᠎ᠤᠨ ᠵᠢᠷᠭᠤᠳᠤᠭᠠᠷ ᠳᠤᠮᠳᠠᠳᠤ ᠰᠤᠷᠭᠠᠭᠤᠯᠢ᠎ᠳᠤ ᠪᠠᠭᠠᠲᠤᠷ᠂ ᠬᠤᠸᠠᠩ ᠭᠦᠸᠧ ᠼᠠᠢ ᠵᠡᠷᠭᠡ ᠥᠪᠥᠷ ᠮᠣᠩᠭᠣᠯ᠎ᠤᠨ ᠠᠬᠠᠮᠠᠳ ᠴᠡᠷᠢᠭ᠎ᠤᠨ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠭᠦᠨ ᠲᠠᠢᠰᠠᠨ᠎ᠳᠤ ᠭᠠᠷᠴᠤ᠂ ᠬᠢᠯᠢ᠎ᠪᠡᠨ ᠰᠠᠬᠢᠨ ᠬᠠᠮᠠᠭᠠᠯᠠᠬᠤ᠂ ᠠᠶᠤᠯ᠎ᠡᠴᠡ ᠠᠪᠤᠷᠠᠨ ᠲᠤᠰᠠᠯᠠᠬᠤ᠂ ᠶᠠᠳᠠᠭᠤ᠎ᠡᠴᠡ ᠠᠩᠭᠢᠵᠢᠷᠠᠭᠤᠯᠬᠤ ᠪᠣᠭᠣᠮᠲᠠ ᠰᠢᠪᠲᠤᠯᠬᠤ᠂ ᠮᠡᠷᠭᠡᠵᠢᠯ᠎ᠢ ᠰᠢᠮᠳᠠᠨ ᠰᠤᠳᠤᠯᠬᠤ ᠥᠩᠭᠡᠷᠡᠯᠲᠡ᠎ᠲᠠᠢ᠎ᠪᠡᠨ ᠤᠶᠠᠯᠳᠤᠭᠤᠯᠤᠨ᠂ ᠣᠷᠳᠣ᠌ ᠵᠠᠮ᠎ᠤᠨ ᠠᠶᠠᠨ ᠲᠡᠶ᠋ᠢᠨ᠎ᠦ ᠵᠣᠷᠢᠭ᠋ ᠰᠠᠨᠠᠭᠠᠨ᠎ᠤ ᠠᠷᠤ᠎ᠳᠠᠬᠢ ᠦᠨᠡᠨᠴᠢ ᠰᠢᠳᠤᠷᠭᠤ᠎ᠪᠠᠷ ᠤᠯᠤᠰ᠎ᠲᠠᠭᠠᠨ ᠵᠢᠳᠬᠦᠬᠦ᠂ ᠪᠣᠳᠠᠲᠠᠢ ᠠᠵᠢᠯᠯᠠᠨ ᠬᠤᠪᠢ ᠨᠡᠮᠡᠷᠢ ᠦᠵᠡᠭᠦᠯᠬᠦ᠎ᠵᠤᠷᠢᠭ ᠰᠠᠨᠠᠭ᠎ᠠ ᠵᠢ ᠬᠦᠨᠵᠡᠭᠡᠢ ᠲᠠᠢᠯᠪᠤᠷᠢᠯᠠᠵᠠᠢ᠃

ᠣᠢᠯᠠᠭᠠᠭᠰᠠᠨ᠎ᠢᠶᠠᠷ᠂ ᠥᠪᠥᠷ ᠮᠣᠩᠭᠣᠯ᠎ᠤᠨ ᠠᠬᠠᠮᠠᠳ ᠴᠡᠷᠢᠭ᠎ᠤᠨ ᠤᠬᠠᠭᠤᠯᠤᠨ ᠲᠠᠢᠯᠪᠤᠷᠢᠯᠠᠬᠤ ᠪᠦᠯᠬᠦᠮ 2022 ᠣᠨ᠎ᠤ 8 ᠰᠠᠷ᠎ᠠ᠎ᠳᠤ ᠪᠠᠢᠭᠤᠯᠤᠭᠳᠠᠵᠤ᠂ 《ᠴᠡᠷᠢᠭ᠎ᠦᠨ ᠠᠯᠪᠠ᠎ᠡᠴᠡ ᠬᠠᠯᠠᠬᠳᠠᠬᠰᠠᠨ ᠴᠸ᠋ ᠥᠩᠭᠡ ᠨᠢ ᠪᠠᠭᠤᠷᠠᠬᠤ ᠦᠭᠡᠢ᠂ ᠠᠵᠢᠯ ᠰᠢᠯᠵᠢᠬᠰᠡᠨ ᠴᠸ᠋ ᠵᠣᠷᠢᠭ᠋ ᠨᠢ ᠬᠤᠪᠢᠷᠠᠬᠤ ᠦᠭᠡᠢ》 ᠢᠲᠡᠭᠡᠯ ᠵᠣᠷᠢᠭ᠋᠎ᠢᠶᠠᠨ ᠢᠮᠠᠭᠲᠠ ᠪᠠᠷᠢᠮᠲᠠᠯᠠᠪᠠ᠃ ᠣᠢᠷ᠎ᠠ᠎ᠶᠢᠨ ᠵᠢᠯ᠎ᠳ᠋ᠤ᠂ ᠤᠬᠠᠭᠤᠯᠤᠨ ᠲᠠᠢᠯᠪᠤᠷᠢᠯᠠᠬᠤ ᠪᠦᠯᠬᠦᠮ ᠮᠢᠩᠭ᠎ᠠ ᠰᠢᠬᠠᠮ ᠲᠠᠯᠠᠪᠠᠢ ᠨᠡᠶ᠋ᠢᠲᠡ᠎ᠶᠢᠨ ᠠᠰᠠᠷᠠᠮᠵᠢ᠎ᠶᠢᠨ ᠤᠬᠠᠭᠤᠯᠤᠨ ᠲᠠᠢᠯᠪᠤᠷᠢᠯᠠᠬᠤ ᠠᠵᠢᠯᠯᠠᠭ᠎ᠠ ᠥᠷᠨᠢᠭᠦᠯᠵᠦ᠂ ᠬᠤᠪᠢᠰᠬᠠᠯ᠎ᠤᠨ ᠵᠣᠷᠢᠭ᠋ ᠰᠠᠨᠠᠭ᠎ᠠ᠎ᠶᠢ ᠥᠪᠥᠷ ᠮᠣᠩᠭᠣᠯ᠎ᠤᠨ ᠡᠬᠡ ᠭᠠᠵᠠᠷ᠎ᠲᠤ ᠤᠯᠠᠮᠵᠢᠯᠠᠪᠠ; ᠳᠤᠰ ᠪᠦᠯᠬᠦᠮ᠎ᠪᠠᠰᠠ ᠤᠬᠠᠭᠤᠯᠤᠨ ᠲᠠᠢᠯᠪᠤᠷᠢᠯᠠᠬᠤ ᠬᠡᠯᠪᠡᠷᠢ ᠪᠠᠨ ᠰᠢᠨᠡᠴᠢᠯᠠᠵᠤ᠂ ᠭᠠᠭᠴᠠ ᠬᠥᠮᠥᠨ᠎ᠦ ᠤᠬᠠᠭᠤᠯᠤᠨ ᠲᠠᠢᠯᠪᠤᠷᠢᠯᠠᠬᠤ ᠡᠴᠨ ᠳᠦᠷᠰᠦ ᠰᠢᠩᠭᠡᠭᠡᠯᠲᠡ᠂ ᠪᠣᠳᠠᠲᠤ ᠪᠣᠳᠠᠰ᠎ᠤᠨ ᠦᠵᠡᠭᠦᠯᠭᠡ᠎ᠲᠠᠢ ᠪᠡᠶᠡᠴᠢᠯᠡᠨ ᠤᠢᠯᠠᠭᠠᠬᠤ ᠮᠠᠶᠢᠭ ᠤ᠋ᠨ ᠤᠬᠠᠭᠤᠯᠤᠨ ᠲᠠᠢᠯᠪᠤᠷᠢᠯᠠᠬᠤ ᠵᠠᠬᠪᠤᠷ ᠢ᠋ ᠪᠠᠢᠭᠤᠯᠪᠠ᠂ ᠡᠬᠦᠨ ᠤ᠋ ᠬᠠᠮᠳᠤ᠂ ᠤᠬᠠᠭᠤᠯᠤᠨ ᠲᠠᠢᠯᠪᠤᠷᠢᠯᠠᠬᠤ ᠠᠭᠤᠯᠭ᠎ᠠ ᠪᠠᠨ 360 ᠭᠠᠷᠤᠢ ᠣᠬᠣᠷ ᠸᠢᠳᠢᠤ᠋᠂ ᠪᠢᠴᠢᠯ ᠨᠠᠮ᠎ᠤᠨ ᠬᠢᠴᠢᠶᠡᠯ᠂ ᠲᠠᠭᠤᠨ ᠳᠠᠪᠲᠠᠮᠵᠢ᠎ᠶᠢᠨ ᠫᠷᠣᠭ᠌ᠷᠠᠮ ᠪᠣᠯᠭᠠᠨ ᠰᠢᠨ᠎ᠡ ᠵᠢ ᠡᠭᠦᠳᠦᠨ ᠦᠢᠯᠡᠳᠴᠦ᠂ ᠦᠵᠡᠵᠦ ᠰᠣᠨᠣᠰᠬᠤ ᠳ᠋ᠤ ᠲᠠᠭᠠᠯᠠᠮᠵᠢᠲᠠᠢ ᠮᠦᠷᠳᠡᠭᠡᠨ ᠤᠶᠤᠨ ᠰᠠᠨᠠᠭᠠᠨ᠎ᠤ ᠰᠢᠮ᠎ᠡ ᠲᠠᠢ ᠬᠤᠪᠢᠰᠬᠠᠯᠲᠤ ᠰᠣᠶᠣᠯ᠎ᠤᠨ ᠬᠢᠴᠢᠶᠡᠯ᠎ᠦᠨ ᠲᠠᠩᠬᠢᠮ᠎ᠢ ᠴᠣᠭᠴᠠᠯᠠᠪᠠ᠃ ᠣᠳᠣᠬᠠᠨ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ᠂ ᠠᠢᠮᠠᠭ ᠬᠣᠲᠠ᠂ ᠬᠣᠰᠢᠭᠤ ᠰᠢᠶᠠᠨ ᠭᠤᠷᠪᠠᠨ ᠱᠠᠲᠤᠨ ᠤ᠋ ᠠᠬᠠᠮᠠᠳ ᠴᠡᠷᠢᠭ᠎ᠦᠨ ᠤᠬᠠᠭᠤᠯᠤᠨ ᠲᠠᠢᠯᠪᠤᠷᠢᠯᠠᠬᠤ ᠪᠦᠯᠬᠦᠮ᠎ᠢ ᠨᠡᠶ᠋ᠢᠲᠡ 131 ᠪᠠᠢᠭᠤᠯᠵᠤ᠂ ᠴᠡᠷᠢᠭ᠎ᠦᠨ ᠠᠯᠪᠠ᠎ᠡᠴᠡ ᠬᠠᠯᠠᠬᠳᠠᠬᠰᠠᠨ 893 ᠬᠦᠮᠦᠨ᠎ᠢ ᠰᠢᠯᠢᠳᠡᠭ ᠤᠬᠠᠭᠤᠯᠤᠨ ᠲᠠᠢᠯᠪᠤᠷᠢᠯᠠᠭ᠍ᠴᠢ ᠪᠣᠯᠭᠠᠵᠤ᠂ ᠬᠤᠪᠢᠰᠬᠠᠯᠲᠤ ᠤᠬᠠᠭᠤᠯᠤᠨ ᠲᠠᠢᠯᠪᠤᠷᠢᠯᠠᠬᠤ ᠬᠦᠴᠦᠨ᠎ᠢ ᠪᠦᠬᠦ ᠤᠷᠤᠨ᠎ᠳᠦ ᠲᠠᠷᠬᠠᠭᠠᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号