《ᠭᠠᠵᠠᠷ ᠱᠢᠷᠣᠢ᠎ᠵᠢᠨ ᠡᠵᠡᠨᠭᠨᠡᠯᠲᠡ᠎ᠵᠢᠨ ᠡᠷᠬᠡ ᠵᠢ ᠡᠷᠬᠢᠯᠳᠡ ᠳ᠋ᠦ ᠤᠷᠤᠭᠤᠯᠤᠭᠰᠠᠨ ᠡᠴᠡ ᠵᠢᠯ ᠪᠦᠷᠢ 2 ᠲᠦᠮᠡᠨ ᠲᠦᠬᠦᠷᠢᠭ ᠤ᠋ᠨ ᠲᠦᠷᠢᠶᠡᠰᠦᠨ ᠮᠥᠩᠭᠥ᠌ ᠣᠯᠵᠦ ᠪᠠᠢᠬᠤ ᠮᠦᠷᠳᠡᠬᠡᠨ ᠪᠠᠰᠠ ᠣᠢᠷ᠎ᠠ ᠬᠠᠪᠢ᠎ᠳᠠᠭᠠᠨ ᠬᠥᠯᠥᠰᠥᠨ ᠠᠵᠢᠯ ᠬᠢᠬᠦ ᠪᠡᠷ ᠲᠠᠮᠵᠢᠭᠠᠳ ᠰᠠᠷ᠎ᠠ ᠳ᠋ᠤ ᠠᠳᠠᠭ᠎ᠲᠠᠭᠠᠨ 4000 ᠭᠠᠷᠤᠶ ᠲᠥᠭᠦᠷᠢᠭ᠎ᠤᠨ ᠴᠠᠯᠢᠩ᠎ᠲᠠᠢ ᠪᠤᠯᠵᠤ᠂ ᠠᠮᠢᠳᠤᠷᠠᠯ ᠴᠤ᠌ ᠶᠠᠪᠤᠬᠤ ᠲᠤᠳᠤᠮ ᠰᠠᠢᠵᠢᠷᠠᠵᠤ ᠪᠠᠢᠨ᠎ᠠ》 ᠭᠡᠵᠦ᠍ ᠪᠠᠭᠠᠷᠢᠨ ᠪᠠᠷᠠᠭᠤᠨ ᠬᠤᠱᠢᠭᠤᠨ᠎ᠤ ᠪᠠᠶᠠᠨᠬᠤᠱᠢᠭᠤ ᠪᠠᠯᠭᠠᠰᠤᠨ᠎ᠤ ᠠᠷᠠᠳ ᠶᠠᠩ ᠳ᠋ᠦᠩ ᠱᠧᠩ ᠡᠷᠬᠢᠯᠳᠡ ᠳ᠋ᠦ ᠤᠷᠤᠭᠤᠯᠤᠭᠰᠡᠨ 25 ᠮᠦ᠍ ᠭᠠᠵᠠᠷ ᠱᠢᠷᠣᠢ ᠪᠡᠨ ᠵᠢᠭᠠᠭᠠᠳ ᠪᠠᠶᠠᠷᠲᠠᠢᠬᠠᠨ ᠶᠠᠷᠢᠵᠤ ᠪᠠᠢᠯ᠎ᠠ᠃
ᠣᠢᠷ᠎ᠠ᠎ᠶ᠋ᠢᠨ ᠵᠢᠯ᠎ᠳᠤ᠂ ᠪᠠᠭᠠᠷᠢᠨ ᠪᠠᠷᠠᠭᠤᠨ ᠬᠤᠱᠢᠭᠤ ᠲᠠᠷᠢᠶᠠᠯᠠᠩ᠎ᠤᠨ ᠣᠳᠣᠬᠢᠴᠢᠯᠠᠯᠲᠠ᠂ ᠮᠠᠯᠴᠢᠨ ᠲᠠᠷᠢᠶᠠᠴᠢᠨ᠎ᠤ ᠣᠷᠣᠯᠭ᠎ᠠ᠎ᠶ᠋ᠢ ᠨᠡᠮᠡᠭ᠌ᠳᠡᠭᠦᠯᠬᠦ᠂ ᠲᠣᠰᠭᠤᠨ᠎ᠤ ᠬᠠᠮᠲᠤ᠎ᠶ᠋ᠢᠨ ᠠᠵᠤ ᠠᠬᠤᠶ᠎ᠶ᠋ᠢ ᠪᠤᠵᠠᠭᠠᠢᠷᠠᠭᠤᠯᠬᠤ ᠵᠡᠷᠭᠡ ᠭᠤᠷᠪᠠᠨ ᠶᠡᠭᠡ ᠭᠤᠤᠯ ᠬᠠᠷᠠᠯᠲᠠ᠎ᠵᠢᠨ ᠲᠤᠭᠤᠷᠢᠨ ᠳ᠋ᠤ᠂ 《ᠨᠠᠮ᠎ᠤᠨ ᠡᠭᠦᠷ + ᠳᠠᠭᠠᠭᠤᠯᠤᠭᠴᠢ ᠠᠵᠤ ᠠᠬᠤᠢᠯᠠᠯ + ᠲᠤᠰᠬᠠᠢ ᠬᠤᠷᠱᠢᠶ᠎ᠠ + ᠲᠠᠷᠢᠶᠠᠴᠢᠨ ᠡᠷᠦᠬᠡ》 ᠶ᠋ᠢᠨ ᠣᠯᠠᠨ ᠡᠱᠢᠲᠦ ᠬᠤᠯᠪᠣᠭᠠᠯᠠᠨ ᠬᠥᠭ᠌ᠵᠢᠬᠦ᠌ ᠵᠠᠭ᠍ᠪᠤᠷ᠎ᠢ ᠱᠢᠨ᠎ᠡ᠎ᠪᠠᠷ ᠡᠭᠦᠳᠦᠨ ᠬᠡᠷᠡᠭ᠌ᠵᠢᠭᠦᠯᠵᠦ᠍᠂ ᠭᠠᠵᠠᠷ ᠱᠢᠷᠣᠶ᠎ᠵᠢᠨ ᠡᠵᠡᠨᠭᠨᠡᠯᠲᠡ᠎ᠵᠢᠨ ᠡᠷᠭᠡ ᠵᠢ ᠡᠷᠬᠢᠯᠳᠡ ᠳ᠋ᠦ ᠤᠷᠤᠭᠤᠯᠬᠤ ᠪᠡᠷ ᠲᠠᠮᠵᠢᠨ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ 《ᠴᠢᠨᠡᠭᠡᠯᠢᠭᠵᠢᠯ᠎ᠤᠨ ᠡᠭᠦᠳᠡ》 ᠶ᠋ᠢ ᠨᠡᠭᠡᠭᠡᠪᠡ᠃
ᠠᠵᠤ ᠦᠢᠯᠡᠰ᠎ᠤᠨ ᠶᠠᠰᠤ ᠴᠢᠨᠠᠷᠳᠡᠭᠡᠭ᠌ᠰᠢᠯᠡᠭᠰᠡᠨ ᠰᠠᠢᠨ ᠰᠠᠢᠬᠠᠨ ᠪᠠᠢᠳᠠᠯ ᠪᠠᠭᠠᠷᠢᠨ ᠪᠠᠷᠠᠭᠤᠨ ᠬᠤᠱᠢᠭᠤᠨ᠎ᠤ ᠲᠠᠷᠢᠶᠠᠨ ᠭᠠᠵᠠᠷ᠎ᠲᠤ ᠵᠠᠯᠭᠠᠭ᠎ᠠ ᠪᠡᠷ ᠢᠯᠡᠷᠡᠵᠡᠢ᠃ ᠪᠠᠶᠠᠨᠲᠠᠯ᠎ᠠ ᠰᠤᠮᠤ ᠵᠢᠨ ᠲᠦᠮᠡᠨ ᠮᠦ᠍ ᠵᠢᠨ ᠲᠥᠮᠥᠰᠥ᠍ ᠲᠠᠷᠢᠵᠤ ᠤᠷᠭᠤᠭᠤᠯᠬᠤ ᠰᠠᠭᠤᠷᠢᠨ ᠨᠢ ᠪᠦᠷᠬᠦᠪᠴᠢ᠎ᠶ᠋ᠢᠨ ᠳᠣᠣᠷ᠎ᠠ ᠳᠤᠰᠤᠯᠭᠠᠨ ᠤᠰᠤᠯᠠᠬᠤ᠂ ᠤᠰᠤ ᠪᠤᠷᠳᠤᠭᠤᠷ᠎ᠢ ᠨᠢᠭᠡ ᠴᠤᠬ᠍ᠴᠠᠵᠢᠭᠤᠯᠬᠤ ᠵᠡᠷᠭᠡ ᠥᠨᠳᠥᠷ ᠪᠦᠲᠦᠮᠵᠢᠲᠡᠢ ᠤᠰᠤ ᠠᠷᠪᠢᠯᠠᠬᠤ ᠮᠡᠷᠭᠡᠵᠢᠯ᠎ᠢ ᠪᠦᠬᠦ᠌ ᠲᠠᠯ᠎ᠠ᠎ᠪᠠᠷ ᠬᠡᠷᠡᠭ᠌ᠯᠡᠵᠦ᠍᠂ ᠲᠠᠷᠢᠶᠠᠯᠠᠩ᠎ᠤᠨ ᠴᠢᠨᠠᠷ ᠰᠠᠢᠲᠠᠢ ᠬᠥᠭ᠌ᠵᠢᠯᠲᠡ᠎ᠳᠤ ᠱᠢᠨ᠎ᠡ ᠠᠮᠢᠵᠢᠷᠠᠯ᠎ᠤᠨ ᠬᠦᠴᠦᠨ ᠨᠡᠮᠡᠷᠢᠯᠡᠨ᠎ᠠ᠃ ᠪᠣᠷᠣᠠᠤᠰᠤ ᠪᠠᠯᠭᠠᠰᠤᠨ᠎ᠤ ᠲᠦᠮᠡᠨ ᠮᠦ᠍ ᠵᠢᠨ ᠨᠡᠷᠡᠨ ᠬᠤᠸᠠᠷ ᠲᠠᠷᠢᠵᠤ ᠤᠷᠭᠤᠭᠤᠯᠬᠤ ᠰᠠᠭᠤᠷᠢᠨ ᠳ᠋ᠤ᠂ ᠲᠠᠷᠢᠶᠠᠯᠠᠩ ᠤ᠋ᠨ ᠮᠠᠱᠢᠨ ᠬᠦᠷᠴᠢᠭᠢᠨᠡᠨ᠂ ᠲᠠᠷᠢᠶᠠᠯᠠᠭ᠎ᠠ ᠵᠢᠨ ᠴᠠᠭ᠎ᠢ ᠠᠮᠵᠢᠨ ᠨᠠᠷᠠᠠ ᠬᠤᠸᠠᠷ ᠲᠠᠷᠢᠬᠤ ᠠᠵᠢᠯ ᠢ᠋ ᠪᠦᠬᠦ᠌ ᠬᠦᠴᠦᠨ᠎ᠢᠶᠠᠷ᠎ᠢᠶᠠᠨ ᠠᠬᠢᠭᠤᠯᠤᠨ᠎ᠠ᠃ ᠱᠢᠷᠠᠮᠥ᠋ᠷᠡᠨ ᠰᠤᠮᠤ᠎ᠶ᠋ᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠲᠤ ᠳᠣᠬᠢᠭᠤᠷ ᠲᠤᠯᠤᠭᠠᠨ ᠣᠲᠣᠨ ᠨᠡᠷᠡᠮᠵᠢᠲᠦ ᠵᠠᠮᠴᠢᠯᠠᠭᠤᠷ ᠠᠴᠢᠶᠠᠯᠠᠭ᠍ᠰᠠᠨ ᠲᠠᠷᠢᠶᠠᠯᠠᠩ᠎ᠤᠨ ᠮᠠᠱᠢᠨ᠎ᠢ ᠨᠠᠷᠢᠯᠢᠭ ᠣᠨᠣᠴᠠᠲᠠᠶ ᠪᠠᠷ ᠠᠵᠢᠯᠯᠠᠭᠤᠯᠵᠦ᠂ ᠣᠶᠤᠨᠳᠤ ᠲᠠᠷᠢᠶᠠᠯᠠᠩ᠎ᠨᠢ ᠡᠯᠡᠰᠦᠷᠬᠡᠭ ᠭᠠᠵᠠᠷ᠎ᠢ ᠥᠨᠳᠥᠷ ᠤᠨᠠᠯᠲᠠ᠎ᠲᠠᠢ ᠲᠠᠷᠢᠶᠠᠨ ᠭᠠᠵᠠᠷ ᠪᠣᠯᠭᠠᠨ ᠬᠤᠪᠢᠷᠠᠭᠤᠯᠵᠤ᠂ ᠠᠮᠤ ᠪᠤᠳᠠᠭᠠᠨ᠎ᠤ ᠶᠡᠷᠦᠩᠬᠡᠢᠯᠡᠭ᠌ᠰᠡᠨ ᠦᠢᠯᠡᠳᠪᠦᠷᠢᠯᠡᠯ᠎ᠤᠨ ᠴᠢᠳᠠᠪᠤᠷᠢ᠎ᠶ᠋ᠢ ᠲᠣᠭ᠍ᠲᠠᠭᠤᠨ᠎ᠢᠶᠠᠷ ᠳᠡᠭᠡᠭ᠌ᠰᠢᠯᠡᠭᠦᠯᠬᠦ᠌᠎ᠳᠤ ᠪᠠᠲᠤ ᠪᠠᠬᠢ ᠰᠠᠭᠤᠷᠢ ᠲᠠᠯᠪᠢᠨ᠎ᠠ ᠁
《ᠭᠠᠵᠠᠷ ᠱᠢᠷᠣᠶ᠎ᠵᠢᠨ ᠡᠵᠡᠨᠭᠨᠡᠯᠲᠡ᠎ᠵᠢᠨ ᠡᠷᠬᠡ᠎ᠶ᠋ᠢ ᠲᠥᠪᠯᠡᠷᠡᠭᠦᠯᠦᠨ ᠡᠷᠬᠢᠯᠳᠡ ᠳ᠋ᠦ ᠤᠷᠤᠭᠤᠯᠬᠤ ᠪᠠᠷ ᠳᠡᠮᠵᠢᠭᠠᠳ᠂ ᠪᠠᠭᠠᠷᠢᠨ ᠪᠠᠷᠠᠭᠤᠨ ᠬᠤᠱᠢᠭᠤ ᠥᠩᠭᠡᠷᠡᠭ᠌ᠰᠡᠨ᠎ᠤ 〈ᠪᠠᠭ᠎ᠠ᠂ ᠲᠠᠷᠠᠬᠠᠶ ᠪᠤᠲᠠᠷᠬᠠᠶ᠂ ᠡᠮᠬᠢ ᠵᠠᠮᠪᠠᠷᠠᠭ᠎ᠠ ᠥᠬᠡᠶ〉 ᠲᠠᠷᠢᠵᠤ ᠤᠷᠭᠤᠭᠤᠯᠬᠤ ᠪᠠᠢᠷᠢᠱᠢᠯ᠎ᠢ ᠬᠤᠪᠢᠷᠠᠭᠤᠯᠵᠤ᠂ ᠭᠠᠵᠠᠷ ᠣᠷᠣᠨ᠎ᠤ ᠪᠠᠢᠳᠠᠯ᠎ᠳᠠᠭᠠᠨ ᠳᠣᠭᠢᠷᠠᠭᠤᠯᠤᠨ ᠲᠠᠷᠪᠤᠰ᠂ ᠠᠮᠲᠠᠲᠤ ᠬᠡᠮᠬᠡ᠂ ᠨᠡᠷᠡᠨ ᠬᠤᠸᠠᠷ᠂ ᠴᠠᠨ᠎ᠠ ᠴᠡᠴᠡᠭ᠂ ᠲᠥᠮᠥᠰᠥ᠍ ᠵᠡᠷᠭᠡ ᠤᠨᠴᠠᠯᠢᠬ᠍ᠳᠤ ᠥᠨᠳᠥᠷ ᠪᠦᠲᠦᠮᠵᠢᠲᠡᠶ ᠲᠠᠷᠢᠵᠤ ᠤᠷᠭᠤᠭᠤᠯᠬᠤ ᠠᠵᠤ ᠦᠶ᠋ᠯᠡᠰ᠎ᠢ ᠬᠥᠭ᠌ᠵᠢᠭᠦᠯᠵᠦ᠍᠂ ᠬᠡᠪᠴᠢᠶᠡᠵᠢᠭ᠌ᠰᠡᠨ ᠠᠵᠤ ᠦᠶ᠋ᠯᠡᠰ᠎ᠤᠨ ᠰᠠᠭᠤᠷᠢᠨ ᠢ᠋ ᠴᠤᠭᠴᠠᠯᠠᠵᠠᠢ》 ᠬᠡᠵᠦ ᠪᠠᠭᠠᠷᠢᠨ ᠪᠠᠷᠠᠭᠤᠨ ᠬᠤᠱᠢᠭᠤᠨ᠎ᠤ ᠲᠠᠷᠢᠶᠠᠯᠠᠩ ᠮᠠᠯ ᠠᠵᠤ ᠠᠬᠤᠶ ᠬᠦᠳᠡᠭᠡ ᠲᠤᠰᠬᠤᠨ ᠮᠠᠯᠵᠢᠬᠤ ᠤᠷᠤᠨᠤᠲᠤᠪᠴᠢᠶᠠᠶ᠋ᠢᠨ ᠮᠡᠷᠭᠡᠵᠢᠯ ᠳᠡᠯᠭᠡᠷᠡᠭᠦᠯᠬᠦ᠌ ᠲᠥᠪ᠎ᠤᠨ ᠡᠷᠬᠢᠯᠡᠭ᠌ᠴᠢ ᠭᠧᠩ ᠳ᠋ᠧ ᠶᠦᠩ ᠶᠠᠷᠢᠪᠠ᠃
ᠣᠳᠣᠬᠠᠨ ᠪᠣᠯᠲᠠᠯ᠎ᠠ᠂ ᠪᠥᠬᠦ᠌ ᠬᠤᠱᠢᠭᠤᠨ᠎ᠤ ᠡᠷᠬᠢᠯᠳᠡ ᠳ᠋ᠦ ᠤᠷᠤᠭᠤᠯᠤᠭᠰᠡᠨ ᠭᠠᠵᠠᠷ ᠱᠢᠷᠣᠶ ᠨᠡᠢᠲᠡ 49 ᠲᠦᠮᠡᠨ ᠮᠸ᠋ᠶ᠋ᠢ ᠳᠠᠪᠠᠵᠤ᠂ 328 ᠬᠤᠷᠱᠢᠶ᠎ᠠ᠂ 1049 ᠬᠡᠷ ᠪᠦᠯᠢ᠎ᠶ᠋ᠢᠨ ᠲᠠᠷᠢᠶᠠᠯᠠᠩ᠎ᠤᠨ ᠲᠠᠯᠠᠪᠠᠶ᠎ᠶ᠋ᠢ ᠴᠤᠭᠴᠠᠯᠠᠵᠤ᠂ ᠱᠢᠨ᠎ᠡ ᠬᠡᠯᠪᠡᠷᠢ᠎ᠶ᠋ᠢᠨ ᠲᠠᠷᠢᠶᠠᠯᠠᠩ᠎ᠤᠨ ᠡᠵᠡᠩᠨᠡᠯᠲᠡ᠎ᠶ᠋ᠢᠨ ᠭᠤᠤᠯ ᠴᠣᠭ᠍ᠴᠠ ᠨᠢ ᠲᠠᠷᠢᠶᠠᠯᠠᠩ᠎ᠤᠨ ᠬᠥᠭ᠌ᠵᠢᠯᠲᠡ᠎ᠶ᠋ᠢᠨ ᠱᠢᠨ᠎ᠡ ᠬᠦᠴᠦᠨ ᠪᠣᠯᠤᠭᠰᠠᠨ ᠪᠠᠢᠨ᠎ᠠ᠃ ᠭᠠᠵᠠᠷ ᠱᠢᠷᠣᠶ᠎ᠵᠢᠨ ᠡᠵᠡᠨᠭᠨᠡᠯᠲᠡ᠎ᠵᠢᠨ ᠡᠷᠬᠡ᠎ᠶ᠋ᠢ ᠲᠥᠪᠯᠡᠷᠡᠭᠦᠯᠦᠨ ᠡᠷᠬᠢᠯᠳᠡ ᠳ᠋ᠦ ᠤᠷᠤᠭᠤᠯᠤᠭᠰᠡᠨ ᠨᠢ ᠣᠲᠣ ᠦᠶ᠎ᠡ᠎ᠶ᠋ᠢᠨ ᠲᠠᠷᠢᠶᠠᠯᠠᠩ᠎ᠤᠨ ᠮᠡᠷᠭᠡᠵᠢᠯ᠎ᠢ ᠲᠦᠷᠭᠡᠨ ᠳᠡᠯᠭᠡᠷᠡᠭᠦᠯᠬᠦ᠌ ᠪᠠ ᠲᠠᠷᠢᠶᠠᠯᠠᠩ᠎ᠤᠨ ᠠᠵᠤ ᠦᠶ᠋ᠯᠡᠰ᠎ᠤᠨ ᠬᠡᠯᠬᠢᠶ᠎ᠡ᠎ᠶ᠋ᠢ ᠲᠠᠰᠤᠷᠠᠯᠲᠠ ᠥᠬᠡᠶ ᠤᠷᠲᠤᠳᠭᠠᠬᠤ᠎ᠶ᠋ᠢ ᠠᠬᠢᠭᠤᠯᠵᠠᠢ᠃ ᠲᠣᠰᠭᠤᠨ᠎ᠤ ᠬᠠᠮᠲᠤ᠎ᠶ᠋ᠢᠨ ᠠᠵᠤ ᠠᠬᠤᠶ ᠨᠢ ᠡᠬᠢ ᠪᠠᠶᠠᠯᠢᠭ᠎ᠢ ᠳᠠᠭᠠᠭᠠᠴᠢᠯᠠᠭᠤᠯᠬᠤ ᠪᠠ ᠠᠵᠤ ᠦᠶ᠋ᠯᠡᠰ ᠢ᠋ ᠬᠤᠯᠪᠣᠭᠠᠯᠠᠨ ᠬᠥᠳᠡᠯᠦᠯᠴᠡᠬᠦᠯᠬᠦᠳᠤ ᠲᠦᠱᠢᠭ᠌ᠯᠡᠨ ᠣᠷᠣᠯᠭ᠎ᠠ᠎ᠶ᠋ᠢ ᠲᠣᠭ᠍ᠲᠠᠭᠤᠨ᠎ᠢᠶᠠᠷ ᠨᠡᠮᠡᠭ᠌ᠳᠡᠭᠦᠯᠵᠦ᠍᠂ ᠬᠥᠳᠡᠭᠡ ᠲᠣᠰᠭᠤᠨ᠎ᠤ ᠰᠠᠭᠤᠷᠢ ᠲᠥᠬᠦᠭᠡᠷᠦᠮᠵᠢ᠎ᠶ᠋ᠢᠨ ᠪᠥᠲᠥᠭᠡᠨ ᠪᠠᠢᠭᠤᠯᠤᠯᠲᠠ ᠪᠠ ᠣᠯᠠᠨ ᠨᠡᠢᠲᠡ᠎ᠶ᠋ᠢᠨ ᠦᠶ᠋ᠯᠡᠴᠢᠯᠡᠭᠡ᠎ᠶ᠋ᠢ ᠳᠡᠭᠡᠭ᠌ᠰᠢᠯᠡᠭᠦᠯᠬᠦ᠌᠎ᠳᠤ ᠪᠠᠲᠤ ᠪᠠᠬᠢ ᠪᠠᠲᠤᠯᠠᠭ᠎ᠠ ᠬᠠᠩᠭᠠᠵᠤ᠂ ᠭᠠᠵᠠᠷ ᠱᠢᠷᠣᠶ᠎ᠶ᠋ᠢᠨ ᠥᠷᠲᠡᠭ᠎ᠢ ᠨᠡᠮᠡᠭ᠌ᠳᠡᠭᠦᠯᠬᠦ᠂ ᠲᠠᠷᠢᠶᠠᠯᠠᠩ᠎ᠤᠨ ᠦᠷ᠎ᠡ ᠠᠱᠢᠭ᠎ᠢ ᠨᠡᠮᠡᠭ᠌ᠳᠡᠭᠦᠯᠬᠦ᠂ ᠲᠠᠷᠢᠶᠠᠴᠢᠳ᠎ᠤᠨ ᠣᠷᠣᠯᠭ᠎ᠠ᠎ᠶ᠋ᠢ ᠨᠡᠮᠡᠭ᠌ᠳᠡᠭᠦᠯᠬᠦ᠂ ᠲᠣᠰᠭᠤᠨ᠎ᠤ ᠬᠠᠮᠲᠤ ᠨᠡᠢᠲᠡ ᠣᠯᠠᠨ ᠲᠠᠯ᠎ᠠ᠎ᠪᠠᠷ ᠠᠱᠢᠭ ᠭᠥᠷᠳᠡᠬᠦ᠌ ᠪᠠᠢᠳᠠᠯ᠎ᠢ ᠪᠤᠢ ᠪᠤᠯᠭᠠᠪᠠ᠃
ᠲᠠᠷᠠᠬᠠᠶ ᠪᠤᠲᠠᠷᠬᠠᠶᠡᠴᠨ ᠬᠡᠪᠴᠢᠶᠡᠵᠢᠬᠦᠯᠦᠨ ᠡᠵᠡᠩᠨᠡᠬᠦ ᠬᠦᠷᠲᠡᠯ᠎ᠡ᠂ ᠲᠩᠷᠢ᠎ᠶ᠋ᠢᠨ ᠴᠢᠷᠠᠶ᠎ᠶ᠋ᠢ ᠬᠠᠷᠠᠳᠠᠭ ᠪᠠᠢᠭᠰᠠᠨᠡᠴᠨ ᠲᠣᠭ᠍ᠲᠠᠭᠤᠨ᠎ᠢᠶᠠᠷ ᠣᠷᠣᠯᠭ᠎ᠠ ᠵᠢ ᠨᠡᠮᠡᠭ᠌ᠳᠡᠭᠦᠯᠬᠦ᠌ ᠬᠦᠷᠲᠡᠯ᠎ᠡ᠂ ᠪᠠᠭᠠᠷᠢᠨ ᠪᠠᠷᠠᠭᠤᠨ ᠬᠤᠱᠢᠭᠤ ᠭᠠᠵᠠᠷ ᠱᠢᠷᠣᠶ ᠵᠢᠨ ᠡᠵᠡᠨᠭᠨᠡᠯᠲᠡ᠎ᠵᠢᠨ ᠡᠷᠬᠡ ᠵᠢ ᠡᠷᠭᠢᠯᠲᠡ ᠳ᠋ᠦ ᠤᠷᠤᠭᠤᠯᠬᠤ᠎ᠪᠠᠷ ᠳᠠᠮᠵᠢᠭᠤᠯᠤᠨ ᠵᠣᠯ ᠵᠢᠷᠭᠠᠯᠲᠤ ᠠᠮᠢᠳᠤᠷᠠᠯ᠎ᠤᠨ 《ᠵᠢᠯᠤᠭᠤ》 ᠶ᠋ᠢ ᠠᠳᠭᠤᠵᠤ᠂ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ ᠳ᠋ᠦ ᠬᠦᠴᠦᠨ ᠨᠡᠮᠡᠷᠢᠯᠠᠵᠦ ᠪᠠᠢᠨ᠎ᠠ᠃