ᠸᠠᠩ ᠸᠧᠶ ᠵᠥᠩ ᠰᠢᠯᠢ᠎ᠶᠢᠨ ᠭᠤᠤᠯ ᠠᠶ᠋ᠢᠮᠠᠭ ᠪᠠ ᠬᠥᠯᠥᠨ ᠪᠣᠶ᠋ᠢᠷ ᠬᠣᠲᠠ᠎ᠳᠤ ᠭᠦᠨᠵᠡᠭᠡᠶ᠋ᠢᠷᠡᠨ ᠪᠠᠶ᠋ᠢᠴᠠᠭᠠᠨ ᠰᠤᠳᠤᠯᠪᠠ
2026-07-23 09:19:51
ᠵᠣᠬᠢᠶᠠᠭ᠍ᠴᠢ᠄
ᠯᠢ ᠬᠠᠨ
ᠣᠩᠱᠢᠭ᠍ᠰᠠᠨ ᠣᠳᠠᠭ᠎ᠠ᠄
★★★☆☆

7 ᠰᠠᠷ᠎ᠠ᠎ᠶᠢᠨ 17 ᠡᠴᠡ 22 ᠤ᠋ᠨ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠱᠦᠵᠢ᠂ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠶ᠋ᠢᠩᠭᠤ᠎ᠶᠢᠨ ᠬᠤᠷᠢᠶ᠎ᠠ ᠵᠢᠨ ᠡᠷᠬᠢᠯᠡᠭᠴᠢ ᠸᠠᠩ ᠸᠧᠶ ᠵᠥᠩ ᠰᠢᠯᠢ᠎ᠶᠢᠨ ᠭᠤᠤᠯ ᠠᠶ᠋ᠢᠮᠠᠭ᠎ᠤᠨ ᠤᠯᠠᠭᠠᠶ ᠬᠠᠮᠢᠶᠠᠷᠤᠯᠲᠠ᠎ᠶᠢᠨ ᠣᠷᠣᠨ᠂ ᠵᠡᠭᠦᠨ ᠦᠵᠦᠮᠦᠴᠢᠨ ᠬᠣᠰᠢᠭᠤ᠂ ᠪᠠᠷᠠᠭᠤᠨ ᠦᠵᠦᠮᠦᠴᠢᠨ ᠬᠣᠰᠢᠭᠤ ᠪᠣᠯᠤᠨ ᠬᠥᠯᠥᠨ ᠪᠣᠶ᠋ᠢᠷ ᠬᠣᠲᠠ᠎ᠶᠢᠨ ᠡᠷᠭᠦᠨ᠎ᠡ ᠬᠣᠲᠠ᠂ ᠬᠠᠶ᠋ᠢᠯᠠᠷ ᠲᠣᠭᠣᠷᠢᠭ ᠲᠤ᠌ ᠭᠦᠨᠵᠡᠭᠡᠢᠷᠡᠵᠦ᠂ ᠣᠢ ᠰᠢᠭᠤᠶ ᠨᠤᠲᠤᠭ ᠪᠡᠯᠴᠢᠭᠡᠷ᠎ᠦᠨ ᠠᠮᠢ ᠠᠬᠤᠶ᠎ᠶᠢᠨ ᠬᠠᠮᠠᠭᠠᠯᠠᠯᠲᠠ᠂ ᠮᠠᠯ ᠠᠵᠤ ᠠᠬᠤᠶ᠎ᠶᠢᠨ ᠠᠵᠤ ᠦᠢᠯᠡᠰ ᠪᠠ ᠰᠣᠶᠣᠯ ᠵᠢᠭᠤᠯᠴᠢᠯᠠᠯ᠎ᠤᠨ ᠠᠵᠤ ᠦᠢᠯᠡᠰ᠎ᠦᠨ ᠬᠥᠭᠵᠢᠯᠲᠡ᠂ ᠬᠢᠯᠢ ᠵᠢᠨ ᠪᠣᠭᠣᠮᠲᠠ᠎ᠶᠢᠨ ᠪᠦᠲᠦᠭᠡᠨ ᠪᠠᠶ᠋ᠢᠭᠤᠯᠤᠯᠲᠠ᠂ ᠬᠡᠯᠪᠡᠷᠢᠴᠢ ᠦᠵᠡᠯ᠎ᠢ ᠴᠡᠭᠴᠡᠯᠡᠨ ᠵᠠᠰᠠᠵᠤ ᠦᠨᠳᠦᠰᠦᠨ ᠱᠠᠲᠤᠨ᠎ᠤ ᠳᠠᠷᠤᠭᠠᠰᠤ᠎ᠶᠢ ᠬᠥᠩᠭᠡᠷᠡᠭᠦᠯᠬᠦ᠌ ᠵᠡᠷᠭᠡ ᠠᠵᠢᠯ ᠎ᠤᠨ ᠲᠤᠬᠠᠢ ᠪᠠᠶ᠋ᠢᠴᠠᠭᠠᠨ ᠰᠤᠳᠤᠯᠤᠯᠲᠠ ᠥᠷᠨᠢᠭᠦᠯᠵᠦ᠂ ᠶᠡᠷᠦᠩᠬᠡᠢ ᠱᠦᠵᠢ ᠰᠢ ᠵᠢᠨ ᠫᠢᠩ᠎ᠦᠨ ᠳᠤᠮᠳᠠᠳᠤ ᠤᠯᠤᠰ᠎ᠤᠨ ᠡᠪ ᠬᠠᠮᠲᠤ᠌ ᠨᠠᠮ ᠪᠠᠶ᠋ᠢᠭᠤᠯᠤᠭᠳᠠᠭᠰᠠᠨ 105 ᠵᠢᠯ᠎ᠦᠨ ᠤᠢ᠎ᠶᠢ ᠪᠡᠯᠭᠡᠯᠡᠬᠦ᠌ ᠶᠡᠬᠡ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠪᠣᠯᠤᠨ ᠥᠪᠥᠷ ᠮᠣᠩᠭᠣᠯ᠎ᠤᠨ ᠲᠤᠬᠠᠢ ᠰᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ 《1571》 ᠠᠵᠢᠯ᠎ᠤᠨ ᠪᠠᠶ᠋ᠢᠷᠢᠯᠠᠭᠤᠯᠤᠯᠲᠠ᠎ᠶᠢ ᠯᠠᠪᠳᠠᠭᠤᠨ ᠪᠠᠲᠤᠲᠠᠶ ᠠᠬᠢᠭᠤᠯᠵᠤ᠂ ᠵᠠᠰᠠᠭ᠎ᠤᠨ ᠠᠵᠢᠯ᠎ᠤᠨ ᠪᠦᠲᠦᠮᠵᠢ᠎ᠶᠢᠨ ᠲᠤᠬᠠᠶ ᠵᠥᠪ ᠦᠵᠡᠯᠲᠡ᠎ᠶᠢ ᠪᠠᠲᠤ᠌ ᠪᠣᠶ ᠪᠣᠯᠭᠠᠨ ᠦᠢᠯᠡᠳᠦᠯᠭᠡᠵᠢᠭᠦᠯᠵᠦ᠂ ᠠᠮᠢ ᠠᠬᠤᠶ᠎ᠶᠢ ᠤᠷᠢᠳ ᠵᠢᠡᠷ ᠪᠤᠳᠤᠯᠬᠢᠯᠠᠬᠤ᠂ ᠪᠣᠬᠢᠷᠲᠤᠯ ᠦᠭᠡᠢ ᠬᠥᠭᠵᠢᠬᠦᠯᠬᠦ ᠵᠢ ᠪᠠᠷᠢᠮᠳᠠᠯᠠᠵᠤ᠂ ᠲᠤᠬᠠᠶ᠎ᠶᠢᠨ ᠭᠠᠵᠠᠷ ᠣᠷᠣᠨ᠎ᠤ ᠪᠠᠶ᠋ᠢᠳᠠᠯ᠎ᠳᠤᠨᠢ ᠲᠣᠬᠢᠷᠠᠭᠤᠯᠤᠨ ᠣᠨᠴᠠᠯᠢᠭᠲᠤ᠌ ᠳᠠᠪᠠᠭᠤᠯᠢᠭᠲᠤ ᠠᠵᠤ ᠦᠢᠯᠡᠰ᠎ᠢ ᠬᠥᠭᠵᠢᠭᠦᠯᠵᠦ᠂ ᠬᠥᠭᠵᠢᠯᠲᠡ᠎ᠶᠢᠨ ᠰᠢᠨ᠎ᠡ ᠬᠥᠳᠡᠯᠭᠡᠬᠦ᠌ ᠬᠦᠴᠦᠨ ᠰᠢᠨ᠎ᠡ ᠳᠠᠪᠠᠭᠤᠯᠢᠭ᠎ᠢ ᠲᠠᠰᠤᠷᠠᠯᠲᠠ ᠦᠭᠡᠢ ᠪᠤᠢ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃


ddaf38c7-2a80-45f6-9567-2ec3b031dc10.png


7 ᠰᠠᠷ᠎ᠠ᠎ᠶᠢᠨ 19 ᠎ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠱᠦᠵᠢ᠂ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠶ᠋ᠢᠩᠭᠤ᠎ᠶᠢᠨ ᠬᠤᠷᠢᠶ᠎ᠠ ᠵᠢᠨ ᠡᠷᠬᠢᠯᠡᠭᠴᠢ ᠸᠠᠩ ᠸᠧᠶ ᠵᠥᠩ ᠵᠡᠭᠦᠨ ᠦᠵᠦᠮᠦᠴᠢᠨ ᠬᠣᠰᠢᠭᠤᠨ᠎ᠤ ᠳᠠᠭᠤᠲᠤᠨᠠᠭᠤᠷ ᠪᠠᠯᠭᠠᠰᠤ ᠵᠢᠨ ᠪᠠᠶᠠᠠᠠᠠᠭᠤᠯᠠ ᠭᠠᠴᠠᠭ᠎ᠠ᠎ᠶᠢᠨ ᠮᠠᠯᠴᠢᠨ ᠪᠠᠲᠤᠵᠢᠷᠭᠠᠯ᠎ᠤᠨ ᠬᠢᠨ ᠳ᠋ᠤ ᠬᠦᠷᠴᠦ᠂ ᠲᠡᠳᠡᠨᠡᠢᠬᠢᠨ ᠲᠡᠢ ᠣᠷᠣᠯᠭ᠎ᠠ ᠵᠠᠷᠤᠯᠭ᠎ᠠ ᠵᠢᠨ ᠭᠢᠨᠢ ᠲᠤᠬᠠᠢ ᠲᠠᠨᠭᠰᠡ ᠪᠤᠳᠤᠵᠤ᠂ ᠦᠢᠯᠡᠳᠪᠦᠷᠢᠯᠡᠯ᠎ᠦᠨ ᠬᠢᠨᠢ ᠲᠤᠬᠠᠢ ᠶᠠᠷᠢᠯᠴᠠᠪᠠ᠃

ᠰᠤᠷᠪᠤᠯᠵᠢᠯᠠᠭᠴᠢ   ᠮᠠ ᠵᠢᠶᠠᠨ ᠪᠢᠩ   ᠰᠡᠬᠦᠳᠡᠷᠯᠡᠪᠡ


ᠸᠠᠩ ᠸᠧᠶ ᠵᠥᠩ ᠤᠷᠢᠳ ᠬᠣᠵᠢᠳ ᠤᠯᠠᠭᠠᠶ ᠬᠠᠮᠢᠶᠠᠷᠤᠯᠲᠠ᠎ᠶᠢᠨ ᠣᠷᠣᠨ᠂ ᠡᠷᠭᠦᠨ᠎ᠡ᠎ᠶᠢᠨ ᠨᠤᠭᠤ ᠭᠠᠵᠠᠷ᠎ᠲᠤ᠌ ᠬᠦᠷᠴᠦ᠍᠂ ᠨᠤᠲᠤᠭ ᠪᠡᠯᠴᠢᠭᠡᠷ ᠪᠠ ᠨᠤᠭᠤ ᠭᠠᠵᠠᠷ᠎ᠤᠨ ᠬᠠᠮᠠᠭᠠᠯᠠᠯᠲᠠ᠂ ᠵᠢᠭᠤᠯᠴᠢᠯᠠᠯ᠎ᠤᠨ ᠨᠡᠭᠡᠭᠡᠨ ᠬᠥᠭᠵᠢᠭᠦᠯᠦᠯᠲᠡ᠎ᠶᠢᠨ ᠪᠠᠶ᠋ᠢᠳᠠᠯ᠎ᠢ ᠨᠠᠷᠢᠨ ᠬᠢᠨᠠᠮᠠᠭᠠᠶ ᠣᠶ᠋ᠢᠯᠠᠭᠠᠵᠤ᠂ 《ᠤᠯᠤᠰ᠎ᠤᠨ ᠶᠡᠬᠡ ᠶᠠᠪᠤᠳᠠᠯ》 ᠢ᠋ ᠪᠠᠲᠤ᠌ ᠴᠡᠭᠡᠵᠢᠯᠡᠵᠦ᠍᠂ ᠠᠮᠢ ᠠᠬᠤᠶ᠎ᠶᠢᠨ ᠬᠠᠮᠠᠭᠠᠯᠠᠯᠲᠠ᠎ᠶᠢ ᠢᠮᠠᠭᠲᠠ ᠲᠡᠷᠢᠭᠦᠨ᠎ᠳᠦ ᠲᠠᠯᠪᠢᠵᠤ᠂ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠮᠥᠰᠥ ᠴᠠᠰᠤ᠎ᠶᠢ ᠨᠢᠭᠡ ᠴᠤᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ᠎ᠲᠡᠶ ᠵᠠᠰᠠᠬᠤ᠎ᠶᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠮᠠᠨ᠎ᠤ ᠤᠯᠤᠰ᠎ᠤᠨ ᠤᠮᠠᠷᠠᠲᠤ᠎ᠶᠢᠨ ᠴᠢᠬᠤᠯᠠ ᠠᠮᠢ ᠠᠬᠤᠶ᠎ᠶᠢᠨ ᠠᠮᠤᠷ ᠲᠦᠪᠰᠢᠨ᠎ᠦ ᠬᠠᠯᠬᠠᠪᠴᠢ᠎ᠶᠢ ᠪᠠᠲᠤ᠌ ᠴᠣᠭᠴᠠᠯᠠᠬᠤ ᠬᠡᠷᠡᠭᠲᠡᠶ᠃ ᠨᠤᠮᠢᠨ ᠤᠰᠤ ᠬᠥᠬᠡᠮᠳᠦᠭ ᠠᠭᠤᠯᠠ ᠪᠣᠯ ᠠᠯᠲᠠᠨ ᠠᠭᠤᠯᠠ ᠮᠦᠩᠭᠦᠨ ᠬᠠᠢᠷᠬᠠᠨ ᠮᠥᠨ ᠭᠡᠬᠦ᠌ ᠣᠶ᠋ᠢᠯᠠᠭᠠᠭᠳᠠᠬᠤᠨ᠎ᠢ ᠢᠳᠡᠪᠬᠢᠲᠡᠶ ᠦᠢᠯᠡᠳᠦᠯᠭᠡᠵᠢᠭᠦᠯᠵᠦ᠍᠂ ᠠᠮᠢ ᠠᠬᠤᠶ᠎ᠶᠢᠨ ᠡᠬᠢ ᠪᠠᠶᠠᠯᠢᠭ᠎ᠲᠤ᠌ ᠲᠦᠰᠢᠭᠯᠡᠨ ᠲᠠᠷᠢᠶᠠᠯᠠᠩ ᠮᠠᠯ ᠠᠵᠤ ᠠᠬᠤᠶ ᠰᠣᠶᠣᠯ ᠵᠢᠭᠤᠯᠴᠢᠯᠠᠯ ᠪᠡᠶ᠎ᠡ ᠵᠢᠨ ᠲᠠᠮᠢᠷ ᠬᠤᠳᠠᠯᠳᠤᠭ᠎ᠠ᠎ᠶᠢ ᠨᠢᠭᠡ ᠴᠣᠭᠴᠠᠵᠢᠭᠤᠯᠤᠨ ᠬᠥᠭᠵᠢᠭᠦᠯᠬᠦ᠌᠎ᠶᠢ ᠠᠬᠢᠭᠤᠯᠵᠤ᠂ ᠠᠮᠢ ᠠᠬᠤᠶ ᠭᠣᠶᠣ ᠰᠠᠶ᠋ᠢᠬᠠᠨ᠂ ᠠᠵᠤ ᠦᠢᠯᠡᠰ ᠬᠥᠭᠵᠢᠭᠰᠡᠨ᠂ ᠠᠷᠠᠳ ᠪᠠᠶᠠᠵᠢᠬᠰᠠᠨ ᠣᠷᠭᠠᠨᠢᠭ ᠨᠢᠭᠡᠳᠦᠯ᠎ᠢ ᠪᠡᠶᠡᠯᠡᠭᠦᠯᠬᠦ᠌᠎ᠶᠢ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃

ᠬᠤᠸᠠᠰᠢ ᠦᠬᠡᠷ ᠪᠣᠯ ᠮᠠᠨ᠎ᠤ ᠤᠯᠤᠰ᠎ᠤᠨ ᠠᠩᠬᠠᠳᠠᠭᠴᠢ ᠪᠦᠷᠢᠮᠦᠰᠦᠨ ᠪᠡᠶ᠎ᠡ᠎ᠪᠡᠨ ᠳᠠᠭᠠᠭᠠᠭᠰᠠᠨ ᠮᠡᠳᠡᠯᠭᠡ᠎ᠶᠢᠨ ᠥᠮᠴᠢᠯᠡᠯ᠎ᠤᠨ ᠡᠷᠬᠡ᠎ᠲᠡᠶ ᠮᠢᠬᠠᠨ᠎ᠤ ᠦᠬᠡᠷ᠎ᠦᠨ ᠡᠭᠦᠯᠳᠡᠷ ᠪᠣᠯᠤᠨ᠎ᠠ᠃ ᠸᠠᠩ ᠸᠧᠢ ᠵᠦᠩ ᠥᠪᠥᠷ ᠮᠣᠩᠭᠣᠯ᠎ᠤᠨ ᠬᠤᠸᠠᠰᠢ ᠦᠬᠡᠷ᠎ᠤᠨ ᠦᠷ᠎ᠡ᠎ᠶᠢᠨ ᠦᠢᠯᠡᠰ᠎ᠦᠨ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠬᠢᠵᠠᠭᠠᠷᠲᠤ᠌ ᠺᠣᠮᠫᠠᠨᠢ᠎ᠳᠤ ᠭᠦᠨᠵᠡᠭᠡᠶ᠋ᠢᠷᠡᠵᠦ᠍ ᠦᠷᠡᠵᠢᠭᠦᠯᠦᠨ ᠪᠣᠶ᠋ᠢᠵᠢᠭᠤᠯᠵᠤ ᠳᠡᠯᠭᠡᠷᠡᠭᠦᠯᠵᠦ᠍ ᠪᠠᠶ᠋ᠢᠭ᠎ᠠ ᠪᠠᠶ᠋ᠢᠳᠠᠯ᠎ᠢ ᠨᠠᠷᠢᠨ ᠣᠶ᠋ᠢᠯᠠᠭᠠᠪᠠ᠃ ᠲᠡᠷᠡ᠂ ᠦᠷ᠎ᠡ ᠪᠣᠯ ᠮᠠᠯ ᠠᠵᠤ ᠠᠬᠤᠶ ᠲᠠᠷᠢᠶᠠᠯᠠᠩ᠎ᠤᠨ 《ᠴᠠᠬᠢᠮ ᠢᠯᠲᠠᠰᠤ》 ᠮᠥᠨ᠂ ᠤᠯᠤᠰ᠎ᠤᠨ ᠴᠢᠬᠤᠯᠠ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠦ ᠦᠢᠯᠡᠳᠪᠦᠷᠢᠯᠡᠯ᠎ᠦᠨ ᠰᠠᠭᠤᠷᠢᠨ᠎ᠢ ᠪᠥᠲᠥᠭᠡᠨ ᠪᠠᠶ᠋ᠢᠭᠤᠯᠬᠤ᠎ᠳᠤ ᠴᠢᠬᠤᠯᠠ ᠠᠴᠢ ᠬᠣᠯᠪᠣᠭᠳᠠᠯ᠎ᠲᠠᠶ ᠶᠤᠮ᠃ 《ᠦᠷ᠎ᠡ᠎ᠶᠢᠨ ᠢᠯᠳᠡᠰᠦ ᠵᠢᠨ ᠢᠨᠵᠧᠨᠧᠷᠢᠩ》 ᠢ᠋ ᠭᠦᠨᠵᠡᠭᠡᠢ ᠬᠡᠷᠡᠭᠵᠢᠭᠦᠯᠵᠦ᠍᠂ ᠠᠵᠤ ᠠᠬᠤᠶ᠋ᠢᠯᠠᠯ᠎ᠤᠨ ᠰᠢᠨ᠎ᠡ᠎ᠶᠢ ᠡᠭᠦᠳᠬᠦ᠌ ᠭᠣᠣᠯ ᠴᠣᠭᠴᠠ᠎ᠶᠢᠨ ᠦᠢᠯᠡᠳᠦᠯ᠎ᠢ ᠭᠦᠢᠴᠡᠳ ᠪᠠᠳᠠᠷᠠᠭᠤᠯᠵᠤ᠂ ᠰᠠᠢ᠌ᠨ ᠡᠭᠦᠯᠳᠡᠷ᠎ᠦᠨ ᠬᠠᠩᠭᠠᠯᠭ᠎ᠠ᠎ᠶᠢᠨ ᠴᠢᠳᠠᠪᠤᠷᠢ᠎ᠶᠢ ᠳᠡᠭᠡᠭᠰᠢᠯᠡᠭᠦᠯᠵᠦ᠍᠂ ᠰᠠᠢ᠌ᠨ ᠡᠭᠦᠯᠳᠡᠷ᠎ᠢ ᠳᠡᠯᠭᠡᠷᠡᠭᠦᠯᠬᠦ᠌ ᠪᠦᠷᠬᠦᠴᠡ᠎ᠶᠢ ᠥᠷᠭᠡᠳᠬᠡᠵᠦ᠍᠂ ᠳᠠᠪᠠᠭᠤᠯᠢᠭ ᠬᠦᠷᠢᠶᠡᠨ᠎ᠦ ᠦᠷ᠎ᠡ᠎ᠶᠢᠨ ᠦᠢᠯᠡᠰ᠎ᠦᠨ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠪᠡᠶ᠎ᠡ᠎ᠪᠡᠨ ᠳᠠᠭᠠᠭᠠᠵᠤ ᠦᠪᠡᠷ ᠢ᠋ ᠪᠡᠨ ᠬᠦᠴᠦᠷᠬᠡᠭᠵᠢᠬᠥᠯᠬᠥ᠎ᠶᠢ ᠲᠦᠷᠭᠡᠨ ᠪᠡᠶᠡᠯᠡᠭᠦᠯᠬᠦ᠌ ᠬᠡᠷᠡᠭᠲᠡᠢ ᠭᠡᠵᠦ ᠵᠢᠭᠠᠵᠤ ᠭᠠᠷᠭᠠᠪᠠ᠃

ᠬᠥᠯᠥᠨ ᠪᠣᠶ᠋ᠢᠷ᠎ᠤᠨ ᠲᠠᠷᠢᠶᠠᠯᠠᠩ᠎ᠤᠨ ᠠᠲᠠᠷ ᠬᠠᠭᠠᠯᠪᠤᠷᠢᠯᠠᠯᠲᠠ᠎ᠶᠢᠨ ᠪᠦᠯᠦᠭᠯᠡᠯ᠎ᠦᠨ ᠰᠢᠷᠠᠲᠠᠯ᠎ᠠ ᠲᠠᠷᠢᠶᠠᠯᠠᠩ ᠮᠠᠯᠵᠢᠯ᠎ᠤᠨ ᠲᠠᠯᠠᠪᠠᠶ᠎ᠶᠢᠨ ᠺᠣᠮᠫᠠᠨᠢ᠎ᠳᠤ᠂ ᠸᠠᠩ ᠸᠧᠶ ᠵᠥᠩ ᠡᠵᠡᠮᠳᠡᠯ᠎ᠦᠨ ᠶᠡᠬᠡ ᠲᠢᠩᠬᠢᠮ᠎ᠳᠦ ᠤᠷᠤᠵᠤ᠂ ᠤᠰᠤ ᠠᠪᠬᠤ ᠥᠷᠲᠡᠭᠡ᠎ᠶᠢᠨ ᠬᠠᠭᠠᠯᠲᠠ᠎ᠳᠤ ᠬᠦᠷᠴᠦ᠍᠂ ᠣᠲᠣ ᠦᠶ᠎ᠡ᠎ᠶᠢᠨ ᠲᠠᠷᠢᠶᠠᠯᠠᠩ᠎ᠤᠨ ᠦᠢᠯᠡᠳᠪᠦᠷᠢᠯᠡᠯ᠂ ᠣᠶᠤᠨᠴᠢ ᠪᠡᠷ ᠤᠰᠤ ᠠᠷᠪᠢᠯᠠᠬᠤ᠂ ᠤᠰᠤ ᠪᠣᠷᠲᠣᠭᠣᠷ᠎ᠢ ᠨᠢᠭᠡ ᠴᠤᠭᠴᠠᠵᠢᠭᠤᠯᠤᠨ ᠤᠰᠤᠯᠠᠬᠤ ᠵᠡᠷᠭᠡ ᠪᠠᠶ᠋ᠢᠳᠠᠯ᠎ᠤᠨ ᠲᠠᠨᠢᠯᠴᠠᠭᠤᠯᠭ᠎ᠠ᠎ᠶᠢ ᠰᠣᠨᠣᠰᠴᠤ᠌᠂ ᠲᠠᠷᠢᠶᠠᠨ ᠭᠠᠵᠠᠷ᠎ᠲᠤ᠌ ᠠᠯᠬᠤᠨ ᠣᠷᠣᠵᠤ ᠵᠢᠯᠣᠭᠣᠴᠢ ᠥᠬᠡᠶ ᠨᠢᠰᠬᠡᠯ᠎ᠦᠨ ᠠᠵᠢᠯ ᠪᠠ ᠲᠠᠷᠢᠮᠠᠯ᠎ᠤᠨ ᠤᠷᠭᠤᠴᠠ᠎ᠶᠢᠨ ᠪᠠᠶ᠋ᠢᠳᠠᠯ᠎ᠢ ᠪᠠᠶ᠋ᠢᠴᠠᠭᠠᠨ ᠦᠵᠡᠪᠡ᠃ ᠲᠡᠷᠡ ᠠᠲᠠᠷ ᠬᠠᠭᠠᠯᠪᠤᠷᠢᠯᠠᠯᠲᠠ᠎ᠶᠢᠨ ᠪᠦᠯᠦᠭᠯᠡᠯ᠎ᠦᠨ ᠬᠢᠨ ᠦᠢᠯᠡᠳᠪᠦᠷᠢᠯᠡᠯ ᠡᠵᠡᠩᠨᠡᠯᠲᠡ᠎ᠶᠢᠨ ᠣᠳᠣᠬᠢᠴᠢᠯᠠᠯᠲᠠ᠎ᠶᠢᠨ ᠲᠦᠪᠰᠢᠨ᠎ᠢᠶᠡᠨ ᠳᠡᠭᠡᠭᠰᠢᠯᠡᠭᠦᠯᠵᠦ᠂ ᠬᠠᠷ᠎ᠠ ᠬᠥᠷᠥᠰᠥ᠎ᠶᠢᠨ ᠬᠠᠮᠠᠭᠠᠯᠠᠯᠲᠠ᠎ᠶᠢ ᠴᠢᠩᠭᠠᠳᠬᠠᠵᠤ᠂ ᠰᠠᠢᠨ ᠡᠭᠦᠯᠳᠡᠷ᠂ ᠣᠶᠤᠨᠴᠢ ᠲᠠᠷᠢᠶᠠᠯᠠᠩ᠎ᠤᠨ ᠮᠠᠰᠢᠨ᠂ ᠤᠰᠤ ᠠᠷᠪᠢᠯᠠᠬᠤ ᠤᠰᠤᠯᠠᠯᠲᠠ᠎ᠶᠢᠨ ᠮᠡᠷᠭᠡᠵᠢᠯ᠎ᠢ ᠢᠳᠡᠪᠬᠢᠲᠡᠢ ᠳᠡᠯᠭᠡᠷᠡᠭᠦᠯᠦᠨ ᠬᠡᠷᠡᠭᠯᠡᠵᠦ᠂ ᠪᠦᠲᠦᠭᠡᠭᠳᠡᠬᠦᠨ᠎ᠢ ᠨᠠᠷᠢᠯᠢᠭ᠋ ᠪᠣᠯᠪᠠᠰᠤᠷᠠᠭᠤᠯᠬᠤ ᠪᠠ ᠪᠣᠬᠢᠷᠲᠤᠯ ᠦᠭᠡᠢ ᠣᠷᠭᠠᠨᠢᠭ᠋ ᠲᠦᠷᠦᠯ ᠲᠡᠮᠳᠡᠭ᠎ᠢ ᠴᠤᠭᠴᠠᠯᠠᠬᠤ᠎ᠶᠢ ᠰᠠᠢᠲᠤᠷ ᠠᠳᠬᠤᠵᠤ᠂ ᠤᠯᠤᠰ᠎ᠤᠨ ᠠᠮᠤ ᠪᠤᠳᠠᠭᠠᠨ᠎ᠤ ᠠᠮᠤᠷ ᠲᠦᠪᠰᠢᠨ᠎ᠢ ᠪᠠᠲᠤᠯᠠᠬᠤ᠎ᠳᠤ ᠨᠡᠩ ᠶᠡᠬᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠵᠠᠬᠢᠪᠠ᠃ ᠡᠯ᠎ᠡ ᠱᠠᠲᠤᠨ᠎ᠤ ᠬᠢᠨ ᠤᠯᠠᠨ ᠲᠦᠮᠡᠨ᠎ᠦ ᠳᠡᠷᠭᠡᠳᠡᠬᠢ ᠲᠥᠪ ᠪᠤᠰᠤ ᠰᠤᠷᠲᠠᠯ ᠪᠣᠯᠣᠨ ᠢᠯᠵᠢᠷᠡᠯ᠎ᠦᠨ ᠠᠰᠠᠭᠤᠳᠠᠯ᠎ᠢ ᠲᠥᠪᠯᠡᠷᠡᠭᠦᠯᠦᠨ ᠴᠡᠭᠴᠡᠯᠡᠨ ᠵᠠᠰᠠᠬᠤ᠎ᠶᠢ ᠥᠷᠨᠢᠭᠦᠯᠬᠦ᠎ᠲᠠᠢ ᠤᠶᠠᠯᠳᠤᠭᠤᠯᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢᠭᠤᠯᠤᠯᠲᠠ᠎ᠶᠢᠨ ᠬᠦᠷᠢᠶᠡᠨ᠎ᠦ ᠢᠨᠵᠧᠨᠧᠷᠢᠩ᠎ᠦᠨ ᠠᠵᠢᠯ᠎ᠢ ᠳᠥᠭᠥᠮᠴᠢᠯᠡᠨ ᠮᠠᠲᠧᠷᠢᠶᠠᠯ᠎ᠢ ᠬᠤᠯᠠᠭᠠᠢᠯᠠᠬᠤ᠂ ᠪᠡᠯᠡ ᠮᠥᠩᠭᠥ᠎ᠶᠢ ᠡᠵᠡᠯᠡᠵᠦ ᠨᠡᠭᠦᠯᠭᠡᠨ ᠬᠡᠷᠡᠭᠯᠡᠬᠦ᠂ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ᠎ᠳᠦ ᠺᠠᠳ᠋ᠷ ᠭᠠᠷ ᠲᠦᠷᠦᠭᠦ᠂ ᠪᠦᠲᠦᠭᠡᠨ ᠪᠠᠢᠭᠤᠯᠤᠭᠰᠠᠨ᠎ᠤ ᠳᠠᠷᠠᠭᠠᠬᠢ ᠬᠠᠮᠢᠶᠠᠷᠤᠯᠲᠠ ᠬᠠᠮᠠᠭᠠᠯᠠᠯᠲᠠ ᠳᠤᠲᠠᠭᠳᠠᠬᠤ ᠵᠡᠷᠭᠡ ᠰᠤᠷᠲᠠᠯ ᠪᠣᠯᠣᠨ ᠢᠯᠵᠢᠷᠡᠯ᠎ᠦᠨ ᠠᠰᠠᠭᠤᠳᠠᠯ᠎ᠢ ᠴᠢᠩᠭ᠎ᠠ ᠪᠠᠢᠴᠠᠭᠠᠵᠤ᠂ ᠲᠠᠷᠢᠶᠠᠨ ᠭᠠᠵᠠᠷ ᠠᠮᠤ ᠲᠠᠷᠢᠶ᠎ᠠ ᠵᠢ ᠦᠨᠡᠨ ᠬᠦ᠌ ᠰᠠᠢᠲᠤᠷ ᠰᠠᠬᠢᠨ ᠬᠠᠮᠠᠭᠠᠯᠠᠬᠤ ᠬᠡᠷᠡᠭᠲᠡᠢ ᠭᠡᠵᠦ ᠱᠠᠭᠠᠷᠳᠠᠪᠠ᠃

ᠵᠡᠭᠦᠨ ᠬᠠᠲᠠᠪᠴᠢ ᠬᠢᠯᠢ ᠵᠢᠨ ᠪᠣᠭᠣᠮᠲᠠ᠎ᠳᠤ᠂ ᠸᠠᠩ ᠸᠧᠢ ᠵᠦᠩ ᠬᠠᠮᠲᠤᠷᠠᠭᠰᠠᠨ ᠪᠠᠢᠴᠠᠭᠠᠯᠲᠠ᠎ᠶᠢᠨ ᠲᠣᠮᠣ᠌ ᠠᠰᠠᠷ᠂ ᠠᠶᠠᠨᠴᠢᠳ᠎ᠤᠨ ᠪᠠᠢᠴᠠᠭᠠᠯᠲᠠ᠎ᠶᠢᠨ ᠵᠠᠮ ᠪᠣᠯᠣᠨ ᠳᠤᠮᠳᠠᠳᠤ ᠮᠣᠩᠭᠣᠯ᠎ᠤᠨ 1046 ᠨᠣᠮᠧᠷᠲᠤ ᠬᠢᠯᠢ᠎ᠶᠢᠨ ᠬᠥᠰᠢᠶ᠎ᠡ᠎ᠳᠦ ᠬᠦᠷᠴᠦ᠂ ᠬᠢᠯᠢ ᠵᠢᠨ ᠪᠣᠭᠣᠮᠲᠠ᠎ᠶᠢᠨ ᠪᠦᠲᠦᠭᠡᠨ ᠪᠠᠢᠭᠤᠯᠤᠯᠲᠠ᠂ ᠪᠣᠭᠣᠮᠲᠠ᠎ᠪᠠᠷ ᠥᠩᠭᠡᠷᠡᠬᠦ ᠠᠵᠢᠯᠯᠠᠭᠠᠨ᠂ ᠠᠷᠠᠯᠵᠢᠶᠠᠨ᠎ᠤ ᠶᠠᠪᠤᠯᠴᠠᠭ᠎ᠠ ᠵᠡᠷᠭᠡ ᠪᠠᠢᠳᠠᠯ᠎ᠢ ᠨᠠᠷᠢᠨ ᠠᠰᠠᠭᠤᠨ ᠯᠠᠪᠯᠠᠪᠠ᠃ ᠲᠡᠷᠡ ᠣᠶᠤᠨᠲᠤ ᠬᠢᠯᠢ ᠵᠢᠨ ᠪᠣᠭᠣᠮᠲᠠ᠎ᠶᠢᠨ ᠪᠦᠲᠦᠭᠡᠨ ᠪᠠᠢᠭᠤᠯᠤᠯᠲᠠ᠎ᠶᠢ ᠲᠦᠷᠭᠡᠳᠬᠡᠵᠦ᠂ 《ᠨᠢᠭᠡ ᠦᠷᠲᠡᠭᠡᠨ᠎ᠤ ᠮᠠᠶᠢᠭ᠋》 ᠤ᠋ᠨ ᠪᠣᠭᠣᠮᠲᠠ᠎ᠪᠠᠷ ᠥᠩᠭᠡᠷᠡᠬᠦ᠂ ᠣᠶᠤᠨᠴᠢ᠎ᠪᠠᠷ ᠪᠠᠢᠴᠠᠭᠠᠨ ᠰᠢᠯᠭᠠᠬᠤ᠂ ᠴᠠᠭᠠᠰᠤ ᠬᠡᠷᠡᠭᠯᠡᠬᠦ ᠦᠭᠡᠢ᠎ᠪᠡᠷ ᠭᠤᠶᠤᠴᠢᠯᠠᠨ ᠮᠡᠳᠡᠭᠦᠯᠬᠦ᠎ᠶᠢ ᠢᠳᠡᠪᠬᠢᠲᠡᠢ ᠳᠡᠯᠭᠡᠷᠡᠭᠦᠯᠵᠦ᠂ ᠪᠣᠭᠣᠮᠲᠠ᠎ᠪᠠᠷ ᠥᠩᠭᠡᠷᠡᠬᠦ ᠦᠷ᠎ᠡ ᠪᠦᠲᠦᠮᠵᠢ᠎ᠶᠢ ᠪᠥᠬᠥ ᠲᠠᠯ᠎ᠠ᠎ᠪᠠᠷ ᠳᠡᠭᠡᠭᠰᠢᠯᠡᠭᠦᠯᠬᠦ ᠬᠡᠷᠡᠭᠲᠡᠢ᠃ ᠭᠠᠳᠠᠭᠠᠳᠤ᠎ᠡᠴᠡ ᠣᠷᠣᠭᠤᠯᠬᠤ ᠡᠬᠢ ᠪᠠᠶᠠᠯᠢᠭ᠋᠎ᠢ ᠪᠣᠳᠠᠲᠠᠢᠵᠢᠭᠤᠯᠤᠨ ᠪᠣᠯᠪᠠᠰᠤᠷᠠᠭᠤᠯᠬᠤ᠂ ᠠᠷᠠᠯᠵᠢᠶ᠎ᠠ ᠬᠤᠳᠠᠯᠳᠤᠭᠠᠨ᠎ᠤ ᠭᠦᠢᠯᠭᠡᠭᠡ ᠪᠠ ᠬᠢᠯᠢ ᠬᠢᠵᠠᠭᠠᠷ᠎ᠤᠨ ᠰᠣᠶᠣᠯ ᠵᠢᠭᠤᠯᠴᠢᠯᠠᠯ᠎ᠤᠨ ᠠᠵᠤ ᠦᠢᠯᠡᠰ᠎ᠢ ᠪᠣᠢᠵᠢᠭᠤᠯᠤᠨ ᠪᠤᠵᠠᠭᠠᠢᠷᠠᠭᠤᠯᠵᠤ᠂ 《ᠭᠠᠷ ᠲᠠᠮᠵᠢᠪᠠᠴᠤ ᠠᠰᠢᠭ ᠬᠦᠷᠲᠡᠬᠦ ᠦᠭᠡᠢ》 ᠠᠰᠠᠭᠤᠳᠠᠯ᠎ᠢ ᠰᠢᠢᠳᠪᠦᠷᠢᠯᠡᠬᠦ᠎ᠳᠦ ᠨᠠᠩ ᠣᠯᠠᠨ ᠠᠷᠭ᠎ᠠ ᠵᠠᠮ᠎ᠢ ᠰᠦᠪᠡᠭᠴᠢᠯᠡᠬᠦ ᠬᠡᠷᠡᠭᠳᠡᠢ ᠭᠡᠵᠦ ᠱᠠᠭᠠᠷᠳᠠᠪᠠ᠃

ᠪᠠᠷᠠᠭᠤᠨ ᠦᠵᠦᠮᠦᠴᠢᠨ ᠬᠣᠰᠢᠭᠤᠨ᠎ᠤ ᠵᠢᠷ᠎ᠤᠨ ᠭᠤᠤᠯ ᠭᠠᠴᠠᠭ᠎ᠠ ᠵᠢᠨ ᠨᠠᠮ᠎ᠤᠨ ᠭᠡᠰᠢᠬᠦᠨ ᠪᠠ ᠤᠯᠠᠨ ᠲᠦᠮᠡᠨ᠎ᠦ ᠦᠢᠯᠡᠴᠢᠯᠡᠭᠡᠨ᠎ᠦ ᠲᠥᠪ᠎ᠲᠦ᠂ ᠸᠠᠩ ᠸᠧᠢ ᠵᠦᠩ ᠦᠨᠳᠦᠰᠦᠨ ᠱᠠᠲᠤᠨ᠎ᠤ ᠺᠠᠳ᠋ᠷ ᠪᠠ ᠠᠵᠢᠯᠲᠠᠳ᠎ᠲᠠᠢ ᠨᠢᠭᠤᠷᠳᠠᠨ ᠶᠠᠷᠢᠯᠴᠠᠵᠤ᠂ ᠦᠨᠳᠦᠰᠦᠨ ᠱᠠᠲᠤᠨ᠎ᠤ ᠵᠠᠰᠠᠯᠲᠠ ᠪᠠ ᠬᠡᠯᠪᠡᠷᠢᠴᠢ ᠦᠵᠡᠯ᠎ᠢ᠎ᠴᠡᠭᠴᠡᠯᠡᠨ ᠵᠠᠰᠠᠬᠤ ᠪᠡᠷ ᠦᠨᠳᠦᠰᠦᠨ ᠱᠠᠲᠤᠨ᠎ᠤ ᠳᠠᠷᠤᠭᠠᠰᠤ᠎ᠶᠢ ᠬᠥᠨᠭᠭᠡᠷᠡᠭᠦᠯᠬᠦ ᠵᠡᠷᠭᠡ ᠪᠠᠢᠳᠠᠯ᠎ᠢ ᠭᠦᠨᠵᠡᠭᠡᠢ ᠣᠢᠯᠠᠭᠠᠪᠠ᠃ ᠲᠡᠷᠡ᠂ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠤᠯᠤᠰ ᠲᠦᠷᠦ᠎ᠶᠢᠨ ᠴᠢᠳᠠᠪᠬᠢ ᠪᠣᠯᠣᠨ ᠵᠣᠬᠢᠶᠠᠨ ᠪᠠᠢᠭᠤᠯᠤᠯᠲᠠ᠎ᠶᠢᠨ ᠴᠢᠳᠠᠪᠬᠢ᠎ᠵᠢ ᠴᠢᠩᠭᠠᠳᠬᠠᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠨᠢᠳᠤᠨ᠎ᠳᠦ ᠦᠵᠡᠭᠳᠡᠮ᠎ᠡ ᠰᠡᠳᠬᠢᠯ᠎ᠳᠦ ᠰᠠᠭᠤᠭᠳᠠᠮ᠎ᠠ ᠭᠠᠷ ᠪᠠᠷᠢᠭᠳᠠᠮ᠎ᠠ ᠪᠠᠲᠦ ᠴᠤᠭᠴᠠᠯᠠᠵᠤ᠂ ᠠᠷᠠᠳ᠎ᠲᠤ ᠠᠰᠢᠭ᠋ ᠬᠦᠷᠲᠡᠭᠡᠬᠦ ᠡᠯ᠎ᠡ ᠵᠦᠢᠯ᠎ᠦᠨ ᠲᠦᠷᠦ᠎ᠶᠢᠨ ᠪᠣᠳᠣᠯᠭ᠎ᠠ᠎ᠶᠢ ᠤᠨᠢᠨ ᠳᠡᠭᠡᠷ᠎ᠡ ᠨᠢ ᠰᠠᠢᠲᠤᠷ ᠨᠠᠢᠳᠠᠪᠤᠷᠢᠵᠢᠭᠤᠯᠵᠤ᠂ ᠤᠯᠠᠨ ᠲᠦᠮᠡᠨ᠎ᠦ ᠪᠠᠴᠢᠮᠳᠠᠵᠤ ᠲᠦᠪᠡᠭᠳᠡᠵᠤ ᠵᠤᠪᠠᠨᠢᠵᠤ ᠬᠦᠰᠡᠵᠤ ᠪᠠᠢᠭ᠎ᠠ ᠠᠰᠠᠭᠤᠳᠠᠯ᠎ᠢ ᠪᠦᠬᠦ ᠬᠦᠴᠦᠨ᠎ᠢᠶᠡᠷ᠎ᠢᠶᠡᠨ ᠰᠠᠢᠲᠤᠷ ᠰᠢᠢᠳᠪᠦᠷᠢᠯᠡᠵᠦ᠂ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠢ ᠨᠠᠮ᠎ᠤᠨ ᠲᠣᠭᠣᠷᠢᠨ᠎ᠳᠤ ᠨᠢᠭ᠍ᠲᠠ ᠪᠦᠯᠬᠦᠮᠳᠡᠭᠦᠯᠦᠨ ᠨᠢᠭ᠍ᠲᠠᠷᠠᠭᠤᠯᠬᠤ ᠬᠡᠷᠡᠭᠲᠡᠢ᠃ ᠡᠯ᠎ᠡ ᠱᠠᠲᠤᠨ᠎ᠤ ᠬᠢᠨ ᠵᠠᠰᠠᠭ᠎ᠤᠨ ᠠᠵᠢᠯ᠎ᠤᠨ ᠪᠦᠲᠦᠮᠵᠢ᠎ᠶᠢᠨ ᠲᠤᠬᠠᠢ ᠵᠥᠪ ᠦᠵᠡᠯᠲᠡ᠎ᠶᠢ ᠪᠤᠢ ᠪᠣᠯᠭᠠᠨ ᠦᠢᠯᠡᠳᠦᠯᠭᠡᠵᠢᠭᠦᠯᠵᠦ᠂ ᠬᠠᠳᠠᠭᠤ ᠲᠠᠢ ᠨᠢ ᠬᠠᠯᠳᠠᠵᠦ ᠪᠠᠢᠭᠠᠳ ᠦᠨᠳᠦᠰᠦᠨ ᠱᠠᠲᠤᠨ᠎ᠤ ᠳᠠᠷᠤᠭᠠᠰᠤ᠎ᠶᠢ ᠬᠥᠩᠭᠡᠷᠡᠭᠦᠯᠬᠦ ᠠᠵᠢᠯ᠎ᠢ ᠰᠠᠢᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃

ᠸᠠᠩ ᠸᠧᠢ ᠵᠥᠩ ᠮᠠᠯᠴᠢᠨ ᠲᠠᠷᠢᠶᠠᠴᠢᠨ᠎ᠤ ᠦᠢᠯᠡᠳᠪᠦᠷᠢᠯᠡᠯ ᠠᠮᠢᠳᠤᠷᠠᠯ᠎ᠢ ᠳᠡᠭᠡᠳᠦ ᠬᠡᠮᠵᠢᠶ᠎ᠡ᠎ᠪᠡᠷ ᠠᠩᠬᠠᠷᠴᠤ᠂ ᠵᠡᠭᠦᠨ ᠦᠵᠦᠮᠦᠴᠢᠨ ᠬᠣᠰᠢᠭᠤᠨ᠎ᠤ ᠳᠠᠭᠤᠲᠤᠨᠠᠭᠤᠷ ᠪᠠᠯᠭᠠᠰᠤ ᠵᠢᠨ ᠪᠠᠶᠠᠠᠠᠠᠭᠤᠯᠠ ᠭᠠᠴᠠᠭ᠎ᠠ᠎ᠶᠢᠨ ᠮᠠᠯᠴᠢᠨ ᠪᠠᠲᠤᠵᠢᠷᠭᠠᠯ᠎ᠤᠨ ᠬᠢᠨ ᠳ᠋ᠤ ᠲᠤᠰᠬᠠᠢᠯᠠᠨ ᠬᠦᠷᠴᠦ᠂ ᠲᠡᠳᠡᠨᠡᠢᠬᠢᠨ ᠲᠡᠢ ᠣᠷᠣᠯᠭ᠎ᠠ ᠵᠠᠷᠤᠯᠭ᠎ᠠ ᠵᠢᠨ ᠭᠢᠨᠢ ᠲᠤᠬᠠᠢ ᠲᠡᠨᠭᠰᠠ ᠪᠤᠳᠤᠵᠤ᠂ ᠦᠢᠯᠡᠳᠪᠦᠷᠢᠯᠡᠯ᠎ᠦᠨ ᠬᠢᠨᠢ ᠲᠤᠬᠠᠢ ᠶᠠᠷᠢᠯᠴᠠᠪᠠ᠃ ᠲᠡᠳᠡᠨᠡᠢᠬᠢᠨ ᠰᠢᠯᠢᠳᠡᠭ ᠡᠭᠦᠯᠳᠡᠷ᠎ᠦᠨ ᠦᠬᠡᠷ᠎ᠢ ᠦᠷᠡᠵᠢᠭᠦᠯᠦᠨ ᠪᠣᠢᠵᠢᠭᠤᠯᠬᠤ ᠪᠠ ᠴᠠᠭᠠᠨ ᠢᠳᠡᠭᠡᠨ ᠡᠳ᠋ᠰᠢᠭᠦᠯᠦᠨ ᠪᠣᠯᠪᠠᠰᠤᠷᠠᠭᠤᠯᠬᠤ᠎ᠪᠠᠷ ᠳᠠᠮᠵᠢᠭᠤᠯᠤᠨ ᠣᠷᠣᠯᠭ᠎ᠠ᠎ᠶᠢᠨ ᠲᠦᠪᠰᠢᠨ᠎ᠢᠶᠡᠨ ᠳᠡᠭᠡᠭᠰᠢᠯᠡᠭᠦᠯᠦᠭᠰᠡᠨ᠎ᠢ ᠰᠣᠨᠣᠰᠤᠭᠠᠳ ᠸᠠᠩ ᠸᠧᠢ ᠵᠥᠩ ᠮᠠᠰᠢ ᠪᠠᠶᠠᠷᠯᠠᠪᠠ᠃ ᠲᠡᠷᠡ᠂ ᠮᠠᠯᠴᠢᠨ ᠲᠠᠷᠢᠶᠠᠴᠢᠳ᠎ᠤᠨ ᠥᠨᠥᠳᠥᠷ᠎ᠦᠨ ᠰᠠᠢᠨ ᠰᠠᠢᠬᠠᠨ ᠠᠮᠢᠳᠤᠷᠠᠯ ᠨᠢ ᠭᠣᠣᠯᠳᠠᠭᠤ ᠰᠢ᠎ᠶᠢᠨ ᠫᠢᠩ ᠨᠥᠬᠥᠷ᠎ᠢᠶᠡᠷ ᠭᠣᠣᠯ ᠪᠣᠯᠭᠠᠭᠰᠠᠨ ᠨᠠᠮ᠎ᠤᠨ ᠲᠥᠪ ᠬᠣᠷᠢᠶ᠎ᠡ ᠵᠢᠨ ᠬᠠᠢᠷ᠎ᠠ ᠬᠠᠯᠠᠮᠵᠢ ᠪᠣᠯᠣᠨ ᠨᠠᠮ᠎ᠤᠨ ᠲᠠᠷᠢᠶᠠᠯᠠᠩ᠎ᠢ ᠬᠦᠴᠦᠷᠬᠡᠭᠵᠢᠭᠦᠯᠵᠦ ᠲᠠᠷᠢᠶᠠᠴᠢᠳ᠎ᠲᠤ ᠠᠰᠢᠭ᠋ ᠬᠦᠷᠲᠡᠭᠡᠬᠦ ᠲᠦᠷᠦ᠎ᠶᠢᠨ ᠪᠣᠳᠣᠯᠭ᠎ᠠ᠎ᠡᠴᠡ ᠪᠣᠯᠤᠭᠰᠠᠨ ᠶᠤᠮ᠃ ᠪᠦᠬᠦ ᠣᠷᠣᠨ᠎ᠤ ᠥᠷᠭᠡᠨ ᠤᠯᠠᠨ ᠮᠠᠯᠴᠢᠨ ᠲᠠᠷᠢᠶᠠᠴᠢᠳ ᠨᠠᠮ᠎ᠤᠨ ᠠᠴᠢ᠎ᠳᠦ ᠲᠠᠯᠠᠷᠬᠠᠵᠤ᠂ ᠨᠠᠮ᠎ᠤᠨ ᠦᠭᠡ᠎ᠶᠢ ᠰᠣᠨᠣᠰᠤᠨ᠂ ᠨᠠᠮ᠎ᠢᠶᠠᠨ ᠳᠠᠭᠠᠨ ᠤᠷᠤᠭᠰᠢᠯᠠᠵᠤ᠂ ᠰᠠᠬᠢᠨ ᠪᠠᠷᠠᠯᠠᠵᠦ ᠬᠠᠷᠢᠯᠴᠠᠨ ᠬᠠᠪᠰᠤᠷᠤᠯᠴᠠᠨ᠂ ᠪᠦᠯᠬᠦᠮᠳᠡᠨ ᠲᠡᠮᠡᠴᠡᠵᠦ᠂ ᠰᠢᠷᠭᠠᠭᠤ ᠬᠥᠳᠡᠯᠮᠦᠷᠢ᠎ᠳᠡᠭᠡᠨ ᠲᠦᠰᠢᠭᠯᠡᠨ ᠠᠮᠢᠳᠤᠷᠠᠯ᠎ᠢᠶᠠᠨ ᠨᠡᠩ ᠰᠠᠢᠨ ᠦᠭᠡᠳᠡᠯᠡᠭᠦᠯᠬᠦ ᠬᠡᠷᠡᠭᠲᠡᠢ ᠭᠡᠵᠦ ᠬᠡᠯᠡᠪᠡ᠃

ᠡᠨᠡ ᠬᠤᠭᠤᠴᠠᠭᠠᠨ᠎ᠳᠤ ᠸᠠᠩ ᠸᠧᠢ ᠵᠦᠩ ᠪᠠᠰᠠ ᠳᠡᠯᠡᠬᠡᠢ᠎ᠶᠢᠨ ᠹᠠᠱ᠌ᠢᠰ᠎ᠢ ᠡᠰᠡᠷᠭᠦᠴᠡᠬᠦ ᠲᠠᠢ᠍ᠢᠨ᠎ᠦ ᠬᠠᠢᠯᠠᠷ᠎ᠲᠡᠭᠢ ᠳᠤᠷᠠᠰᠬᠠᠯ᠎ᠤᠨ ᠬᠦᠷᠢᠶᠡᠯᠡᠩ᠎ᠳᠦ ᠬᠦᠷᠴᠦ᠂ ᠤᠯᠤᠰ᠎ᠢᠶᠠᠨ ᠬᠠᠢᠷᠠᠯᠠᠬᠤ ᠦᠵᠡᠯ᠎ᠦᠨ ᠬᠥᠮᠦᠵᠢᠯ᠎ᠢ ᠥᠷᠨᠢᠭᠦᠯᠵᠦ ᠪᠠᠢᠭ᠎ᠠ ᠪᠠᠢᠳᠠᠯ᠎ᠢ ᠣᠢᠯᠠᠭᠠᠪᠠ᠃

ᠢᠦᠢ ᠯᠢ ᠰᠢᠨ᠂ ᠵᠠᠩ ᠪᠠᠢ ᠴᠧᠩ ᠲᠤᠰ ᠲᠤᠰ ᠣᠷᠣᠯᠴᠠᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号